﹇ᠲᠦᠷᠦ ᠶᠢᠨ ᠪᠤᠳᠤᠯᠭ᠎ᠠ ᠶᠢᠨ ᠲᠠᠶᠢᠯᠤᠮᠵᠢ﹈ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠰᠢᠭᠤᠶᠢᠲᠤ ᠲᠣᠭᠤᠷᠢᠭ ᠤᠨ ᠬᠡᠷᠬᠢᠨ ᠬᠢᠬᠦ ᠪᠤᠢ ︵ᠭᠤᠷᠪᠠ︶
ᠨᠡᠶᠢᠲᠡᠯᠡᠭᠰᠡᠨ ᠴᠠᠭ᠄
2020/5/11
       ᠰᠢᠨ᠎ᠡ ᠴᠠᠭ ᠦᠶ᠎ᠡ ᠳᠤ ᠡᠷᠡᠯᠬᠡᠭᠯᠡᠨ ᠣᠷᠣᠭᠰᠢᠯᠠᠵᠣ᠂ ᠰᠢᠭᠤᠶᠢᠲᠤ ᠲᠣᠭᠤᠷᠢᠭ ᠬᠡᠷᠬᠢᠨ ᠬᠢᠬᠦ ᠪᠤᠢ︖        2020 ᠣᠨ ᠳᠤ ᠰᠢᠭᠤᠶᠢᠲᠣ ᠲᠣᠭᠤᠷᠢᠭ ᠤᠨ ︽ᠬᠤᠶᠠᠷ ᠬᠤᠷᠠᠯ︾ ᠳᠠᠭᠤᠰᠤᠭᠰᠠᠨ ᠤ ᠳᠠᠷᠠᠭ᠎ᠠ᠂ ᠰᠢᠭᠤᠶᠢᠲᠣ ᠲᠣᠭᠤᠷᠢᠭ ᠤᠨ ᠨᠡᠶᠢᠯᠡᠮᠡᠯ ᠵᠠᠭᠤᠴᠢᠯᠠᠭᠤᠷ ᠤᠨ ᠲᠥᠪ ︽ᠬᠤᠶᠠᠷ ᠬᠤᠷᠠᠯ ᠨᠢᠭᠤᠷᠳᠠᠬᠤ︾ ᠰᠣᠨᠢᠨ ᠮᠡᠳᠡᠭᠡ ᠵᠣᠬᠢᠶᠠᠵᠤ ᠭᠠᠷᠭᠠᠪᠠ᠃        ᠭᠤᠷᠪᠠᠳᠤᠭᠠᠷ ᠬᠤᠭᠤᠴᠠᠭ᠎ᠠ᠄ ᠰᠢᠭᠤᠶᠢᠲᠤ ᠲᠣᠭᠤᠷᠢᠭ ᠤᠨ ᠳ᠋ᠠ ᠼᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶᠠᠨ ᠤ ᠡᠷᠬᠢᠯᠡᠭᠴᠢ ᠵᠢᠶᠠ ᠷᠦᠨ ᠭᠠᠩ        2020 ᠣᠨ ᠳᠤ᠂ ᠳ᠋ᠠ ᠼᠢ ᠵᠡᠭᠡᠯᠢ ᠭᠤᠳᠤᠮᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠬᠠᠭᠤᠯᠣᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠭᠤᠶᠢᠲᠤ ᠲᠣᠭᠤᠷᠢᠭ ᠤᠨ ︽13 · 5︾ ᠶᠢᠨ ᠲᠥᠯᠥᠪᠵᠢᠭᠦᠯᠭᠡ ᠶᠢᠨ ᠲᠡᠭᠦᠰᠬᠦ ᠵᠢᠯ ᠤᠨ ᠭᠤᠤᠯᠳᠠᠯᠭ᠎ᠠ ᠡᠭᠦᠷᠭᠡ ᠲᠠᠢ ᠤᠶᠠᠯᠳᠤᠭᠤᠯᠤᠨ᠂ ᠳᠣᠤᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠪᠡᠶᠡᠯᠡᠭᠦᠯᠦᠨ᠎ᠡ᠄        ᠨᠢᠭᠡ ᠳᠤ᠂ ᠬᠢᠮᠢ ᠶᠢᠨ ᠦᠢᠯᠡᠳᠪᠦᠷᠢ ᠶᠢᠨ ᠵᠣᠯ ᠵᠢᠷᠭᠠᠯᠲᠤ ᠲᠣᠮᠣ ᠬᠦᠷᠢᠶᠡᠨ ᠤ ᠳᠤᠯᠠᠭᠠᠯᠠᠭ᠎ᠠ ᠶᠢᠨ ᠬᠤᠭᠤᠯᠠᠶ ᠶᠢ ᠰᠣᠯᠢᠬᠤ ᠠᠵᠢᠯ ᠢ ᠢᠳᠡᠪᠬᠢᠲᠡᠶ ᠠᠬᠢᠭᠤᠯᠤᠨ᠎ᠠ᠃ ᠬᠢᠮᠢ ᠶᠢᠨ ᠦᠢᠯᠡᠳᠪᠦᠷᠢ ᠶᠢᠨ ᠵᠣᠯ ᠵᠢᠷᠭᠠᠯᠲᠤ ᠲᠣᠮᠣ ᠬᠦᠷᠢᠶ᠎ᠡ ᠶᠢᠨ ᠳᠤᠯᠠᠭᠠᠯᠠᠭ᠎ᠠ ᠬᠠᠩᠭᠠᠬᠤ ᠬᠤᠭᠤᠯᠠᠶ ᠨᠢ ᠤᠳᠠᠭᠠᠨ ᠵᠢᠯ ᠬᠠᠭᠤᠴᠢᠷᠠᠵᠤ᠂ ᠦᠷᠭᠦᠯᠵᠢ ᠡᠪᠳᠡᠷᠡᠵᠦ ᠰᠦᠢᠳᠦᠭᠡᠳ ᠰᠡᠯᠪᠢᠨ ᠵᠠᠰᠠᠬᠤ ᠴᠢᠬᠤᠯᠠᠲᠠᠶ ᠪᠣᠯᠵᠤ᠂ ᠬᠦᠮᠦᠨ ᠤ ᠬᠦᠴᠦᠨ ᠡᠳ᠋ ᠪᠣᠳᠠᠰ ᠤᠨ ᠬᠦᠴᠦᠨ ᠳᠤ ᠬᠤᠬᠢᠷᠠᠯ ᠤᠴᠠᠷᠠᠭᠤᠯᠵᠤ᠂ ᠵᠡᠭᠡᠯᠢ ᠭᠤᠳᠤᠮᠵᠢ ᠨᠢ ᠡᠨᠡᠬᠦ ᠠᠵᠢᠯ ᠢ ᠢᠳᠡᠪᠬᠢᠲᠡᠶ ᠠᠬᠢᠭᠤᠯᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠪᠠᠲᠤᠯᠠᠬᠤ ᠪᠣᠯᠤᠨ᠎ᠠ᠃        ᠬᠤᠶᠠᠷ ᠲᠤ᠂ ᠬᠠᠷᠢᠶ᠎ᠠ ᠣᠷᠣᠨ ᠤ ᠨᠡᠭᠦᠭᠡᠳᠦᠶ ᠰᠠᠭᠤᠭᠠᠯᠢ ᠠᠷᠠᠳ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠨ᠎ᠡ᠃ ᠮᠠᠨ ᠤ ᠵᠡᠭᠡᠯᠢ ᠭᠤᠳᠤᠮᠵᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠨ ᠬᠠᠷᠢᠶ᠎ᠠ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠵᠣᠬᠢᠴᠠᠭᠤᠯᠵᠤ᠂ ᠬᠠᠷᠢᠶ᠎ᠠ ᠣᠷᠣᠨ ᠤ ᠬᠡᠷ ᠲᠡᠭᠡᠨ ᠬᠤᠴᠣᠷᠤᠭᠰᠠᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ᠂ ᠣᠷᠣᠨ ᠰᠠᠭᠤᠴᠠ ᠵᠡᠷᠭᠡ ᠲᠠᠯ᠎ᠠ ᠶᠢᠨ ᠠᠰᠠᠭᠤᠳᠠᠯ ᠢ ᠬᠠᠮᠲᠤᠪᠠᠷ  ᠰᠢᠢᠳᠪᠦᠷᠢᠯᠡᠨ᠎ᠡ᠃        ᠭᠤᠷᠪᠠ ᠳᠤ᠂ ᠰᠠᠭᠤᠭᠠᠯᠢ ᠠᠷᠠᠳ ᠤᠨ ᠰᠣᠶᠣᠯ ᠤᠨ ᠠᠵᠢᠯᠯᠠᠭ᠎ᠠ ᠶᠢᠨ ᠲᠠᠯᠠᠪᠤᠷ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠮᠠᠨ ᠤ ᠵᠡᠭᠡᠯᠢ ᠭᠤᠳᠤᠮᠵᠢ ᠰᠠᠭᠤᠭᠠᠯᠢ ᠠᠷᠠᠳ ᠤᠨ ᠰᠣᠶᠣᠯ ᠤᠨ ᠠᠵᠢᠯᠯᠠᠭ᠎ᠠ ᠶᠢᠨ ᠲᠠᠯᠠᠪᠤᠷ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠪᠠᠶᠠᠯᠢᠭ ᠰᠠᠶᠢᠬᠠᠨ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠳ᠋ᠠ ᠹᠠ ᠣᠷᠣᠨ ᠤ ᠬᠡᠰᠡᠭ ᠬᠤᠪᠢᠰᠬᠠᠯ ᠤᠨ ᠪᠠᠭᠤᠷᠢ ᠶᠢ ᠢᠳᠡᠪᠬᠢᠲᠡᠶ ᠪᠠᠷ ᠬᠠᠮᠠᠭᠠᠯᠠᠨ ᠰᠡᠯᠪᠢᠨ ᠵᠠᠰᠠᠵᠤ᠂ ᠪᠦᠬᠦ ᠣᠷᠣᠨ ᠤ ᠵᠢᠭᠤᠯᠴᠢᠯᠠᠯ ᠢ ᠪᠠᠶᠢᠭᠤᠯᠬᠤ ᠳᠤ ᠨᠢᠭᠡ ᠬᠤᠪᠢ ᠬᠦᠴᠦᠨ ᠭᠠᠷᠭᠠᠪᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号