﹇ᠲᠦᠷᠦ ᠶᠢᠨ ᠪᠤᠳᠤᠯᠭ᠎ᠠ ᠶᠢᠨ ᠲᠠᠶᠢᠯᠤᠮᠵᠢ﹈ ᠰᠢᠨ᠎ᠡ ᠴᠠᠭ ᠦᠶ᠎ᠡ ᠳᠤ ᠡᠷᠡᠯᠬᠡᠭᠯᠡᠨ ᠣᠷᠣᠭᠰᠢᠯᠠᠵᠣ᠂ ᠰᠢᠭᠤᠶᠢᠲᠤ ᠲᠣᠭᠤᠷᠢᠭ ᠬᠡᠷᠬᠢᠨ ᠬᠢᠬᠦ ᠪᠤᠢ ︵ᠲᠦᠷᠪᠡ︶
ᠨᠡᠶᠢᠲᠡᠯᠡᠭᠰᠡᠨ ᠴᠠᠭ᠄
2020/5/11
       ᠰᠢᠨ᠎ᠡ ᠴᠠᠭ ᠦᠶ᠎ᠡ ᠳᠤ ᠡᠷᠡᠯᠬᠡᠭᠯᠡᠨ ᠣᠷᠣᠭᠰᠢᠯᠠᠵᠣ᠂ ᠰᠢᠭᠤᠶᠢᠲᠤ ᠲᠣᠭᠤᠷᠢᠭ ᠬᠡᠷᠬᠢᠨ ᠬᠢᠬᠦ ᠪᠤᠢ︖        2020 ᠣᠨ ᠳᠤ ᠰᠢᠭᠤᠶᠢᠲᠣ ᠲᠣᠭᠤᠷᠢᠭ ᠤᠨ ︽ᠬᠤᠶᠠᠷ ᠬᠤᠷᠠᠯ︾ ᠳᠠᠭᠤᠰᠤᠭᠰᠠᠨ ᠤ ᠳᠠᠷᠠᠭ᠎ᠠ᠂ ᠰᠢᠭᠤᠶᠢᠲᠣ ᠲᠣᠭᠤᠷᠢᠭ ᠤᠨ ᠨᠡᠶᠢᠯᠡᠮᠡᠯ ᠵᠠᠭᠤᠴᠢᠯᠠᠭᠤᠷ ᠤᠨ ᠲᠥᠪ ︽ᠬᠤᠶᠠᠷ ᠬᠤᠷᠠᠯ ᠨᠢᠭᠤᠷᠳᠠᠬᠤ︾ ᠰᠣᠨᠢᠨ ᠮᠡᠳᠡᠭᠡ ᠵᠣᠬᠢᠶᠠᠵᠤ ᠭᠠᠷᠭᠠᠪᠠ᠃        ᠳᠥᠷᠪᠡᠳᠦᠭᠡᠷ ᠬᠤᠭᠤᠴᠠᠭ᠎ᠠ᠄ ᠰᠢᠭᠤᠶᠢᠲᠤ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠮᠠ ᠪᠢᠨ        2020 ᠤᠨ ᠪᠣᠯ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠮᠥᠨ᠂ ᠪᠠᠰᠠ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ᠃ ᠡᠨᠡ ᠵᠢᠯ ᠤᠨ ᠰᠢᠭᠤᠶᠢᠲᠤ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠳᠤ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄        ᠨᠢᠭᠡ ᠳᠤ᠂ ᠠᠵᠤ ᠠᠬᠤᠶ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠣᠯᠣᠰ ᠤᠨ ᠳᠣᠲᠣᠭᠠᠳᠤ ᠭᠠᠳᠠᠭᠠᠳᠤ ᠶᠢᠨ ᠪᠤᠳᠤᠯᠢᠶᠠᠨᠲᠠᠶ ᠪᠠᠶᠢᠳᠠᠯ ᠳᠤ ᠴᠢᠭᠯᠡᠭᠦᠯᠦᠨ᠂ ᠪᠢᠳᠡ ᠮᠠᠨ ᠤ ᠲᠣᠭᠤᠷᠢᠭ  ᠤᠨ ᠠᠵᠣ ᠠᠬᠤᠶ ᠶᠢᠨ ᠠᠵᠢᠯᠯᠠᠭᠠᠨ ᠤ ᠵᠠᠳᠠᠯᠤᠯᠲᠠ ᠪᠠ ᠲᠦᠭᠰᠢᠭᠦᠷᠢ ᠶᠢᠨ ᠵᠢᠱᠢᠯᠲᠡ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠠᠶᠢᠨ ᠵᠥᠪᠯᠡᠭᠴᠢ ᠬᠠᠪᠰᠤᠷᠤᠭᠴᠢ ᠪᠣᠯᠬᠤ ᠬᠡᠷᠡᠭᠲᠡᠶ᠃        ᠬᠤᠶᠠᠷ ᠲᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠪᠠᠯᠠ ᠣᠷᠣᠭᠤᠯᠤᠯᠲᠠ ᠶᠢ ᠠᠬᠢᠭᠤᠯᠬᠤ ᠶᠢ ᠢᠮᠠᠭᠲᠠ ᠮᠠᠨ ᠤ  ᠲᠣᠭᠤᠷᠢᠭ ᠤᠨ ᠴᠢᠨᠠᠷ ᠰᠠᠶᠢᠲᠠᠶ ᠬᠦᠭᠵᠢᠯᠲᠡ ᠶᠢᠨ ᠴᠢᠬᠤᠯᠠ ᠭᠠᠷᠳᠠᠴᠠ ᠪᠣᠯᠭᠠᠵᠤ᠂ ᠪᠥᠬᠦ ᠲᠣᠭᠤᠷᠢᠭ ᠤᠨ ᠬᠤᠲᠠ ᠶᠢᠨ ᠲᠠᠰ ᠤᠨ 19 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ ᠴᠢᠷᠮᠠᠶᠢᠨ ᠪᠡᠶᠡᠯᠡᠭᠦᠯᠵᠦ᠂ ᠵᠢᠯ  ᠤᠨ ᠪᠠᠯᠠ ᠣᠷᠣᠭᠤᠯᠤᠯᠲᠠ ᠶᠢ 24 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃        ᠭᠤᠷᠪᠠ ᠳᠤ᠂ ᠡᠬᠢ ᠪᠠᠶᠠᠯᠢᠭ ᠰᠢᠪᠬᠠᠷᠤᠭᠰᠠᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠤᠨ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠢ ᠶᠡᠷᠦᠩᠬᠡᠶᠢᠯᠡᠨ ᠵᠠᠰᠠᠬᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠰᠠᠭᠤᠷᠢ ᠲᠦᠬᠦᠭᠡᠷᠦᠮᠵᠢ ᠶᠢᠨ ᠣᠷᠣᠭᠤᠯᠤᠯᠲᠠ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠨᠢᠭᠲᠠ ᠠᠩᠬᠠᠷᠴᠣ᠂ ᠲᠥᠷᠥᠯ ᠵᠦᠢᠯ ᠢ ᠤᠬᠠᠭᠠᠯᠠᠨ ᠰᠡᠳᠦᠬᠦ ᠪᠠᠨ ᠴᠢᠩᠭᠠᠷᠠᠭᠤᠯᠵᠤ᠂ ᠮᠠᠨ ᠤ ᠲᠣᠭᠤᠷᠢᠭ ᠤᠨ ᠲᠥᠷᠥᠯ ᠵᠦᠢᠯ ᠪᠠ ᠪᠠᠯᠠ ᠮᠦᠩᠭᠦ ᠶᠢ ᠤᠯᠠᠮ ᠨᠢᠭᠡ ᠠᠯᠬᠤᠮ ᠴᠢᠷᠮᠠᠶᠢᠨ ᠣᠯᠵᠤ᠂ ᠵᠠᠯᠭᠠᠮᠵᠢ ᠠᠵᠤ ᠦᠢᠯᠡᠰ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠲᠣᠭᠤᠷᠢᠭ ᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠮ ᠳᠡᠭᠡᠷ᠎ᠡ ᠶᠠᠪᠤᠬᠤ ᠲᠤᠲᠤᠮ ᠰᠠᠶᠢᠨ ᠪᠣᠯᠭᠠᠨ᠎ᠠ᠃        ᠳᠥᠷᠪᠡ ᠳᠤ᠂ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠳ᠋ᠦᠩᠨᠡᠯᠲᠡ ᠶᠢᠨ ᠠᠵᠢᠯ ᠢ ᠰᠠᠶᠢᠲᠤᠷ ᠬᠢᠵᠦ᠂ ᠮᠠᠨ ᠤ ᠲᠣᠭᠤᠷᠢᠭ ᠤᠨ ᠲᠦᠷᠦᠭᠦᠤ ᠲᠠᠪᠤᠨ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠬᠦ ᠶᠢᠨ ᠬᠠᠮᠲᠤ᠂ ᠰᠠᠨᠠᠯ ᠬᠤᠷᠢᠶᠠᠵᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠦᠭᠰᠡᠨ ᠰᠠᠭᠤᠷᠢᠨ ᠳᠡᠭᠡᠷ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号