ᠲᠣᠭᠤᠷᠢᠭ ᠤᠨ ᠳᠠᠷᠤᠭ᠎ᠠ ᠯᠢ ᠰᠢᠨ ᠴᠦᠨ ᠣᠯᠠᠨ ᠨᠡᠶᠢᠲᠡ ᠶᠢᠨ ᠨᠡᠭᠦᠷᠡᠰᠦᠨ ᠠᠭᠤᠷᠬᠠᠶ ᠶᠢᠨ ᠭᠠᠯ ᠤᠨ ᠣᠷᠣᠨ ᠪᠠ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠤ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠰᠢᠪᠠᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2020-05-13
        5 ᠳ᠋ᠤᠭᠠᠷ ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠰᠢᠨ ᠴᠦᠨ ᠳᠤᠭᠤᠶᠢᠯᠠᠩ ᠳᠠᠭᠠᠭᠤᠯᠤᠨ ᠪᠥᠬᠦ ᠲᠣᠭᠤᠷᠢᠭ ᠤᠨ ᠣᠯᠠᠨ ᠨᠡᠶᠢᠲᠡ ᠶᠢᠨ ᠨᠡᠭᠦᠷᠡᠰᠦᠨ ᠠᠭᠤᠷᠬᠠᠶ ᠶᠢᠨ ᠭᠠᠯ ᠤᠨ ᠣᠷᠣᠨ ᠪᠠ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠤ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠦ ᠰᠢᠪᠠᠳᠠᠨ ᠪᠠᠶᠢᠴᠠᠭᠠᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠣᠯᠠᠨ ᠨᠡᠶᠢᠲᠡ ᠶᠢᠨ ᠨᠡᠭᠦᠷᠡᠰᠦᠨ ᠠᠭᠤᠷᠬᠠᠶ ᠶᠢᠨ ᠭᠠᠯ ᠤᠨ ᠣᠷᠣᠨ ᠪᠠ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠤ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠥᠮᠦᠨ ᠤ ᠬᠦᠴᠦ ᠪᠠᠷ ᠴᠡᠭᠴᠡᠯᠡᠨ ᠵᠠᠰᠠᠬᠤ ᠪᠠ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠮᠢ ᠠᠬᠤᠶ ᠶᠢᠨ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠡᠶ᠃ ᠭᠠᠭᠴᠠ ᠬᠦ ᠬᠥᠬᠡᠮᠳᠦᠭ ᠨᠣᠭᠤᠭᠠᠨ ᠠᠭᠤᠯᠠ ᠤᠰᠤ ᠶᠢ ᠰᠡᠷᠭᠦᠭᠡᠪᠡᠯ ᠰᠠᠶ᠋ᠢ ᠠᠯᠳᠠᠨ ᠠᠭᠤᠯᠠ ᠮᠥᠩᠭᠦᠨ ᠠᠭᠤᠯᠠ ᠪᠤᠯᠵᠤ᠂ ᠨᠣᠭᠤᠭᠠᠨ ᠦᠩᠭᠡ ᠶᠢ ᠰᠢᠭᠤᠶᠢᠲᠣ ᠲᠣᠭᠤᠷᠢᠭ ᠤᠨ ᠡᠬᠢ ᠪᠠᠶᠠᠯᠢᠭ ᠰᠢᠪᠬᠠᠷᠤᠭᠰᠠᠨ ᠭᠠᠵᠠᠷ ᠣᠷᠣᠨ ᠤ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢᠨ ᠢᠯᠡ ᠲᠣᠳᠣ ᠳᠡᠪᠢᠰᠬᠡᠷ ᠦᠩᠭᠡ ᠪᠣᠯᠭᠠᠵᠤ᠂ ᠦᠢᠯᠡᠳᠪᠦᠷᠢᠯᠡᠯ ᠬᠦᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠰᠠᠶᠢᠬᠠᠨ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠭᠠᠵᠠᠷ ᠣᠷᠣᠨ ᠤ ᠪᠣᠯᠪᠠᠰᠤᠨ ᠬᠥᠭᠵᠢᠯᠲᠡ ᠶᠢᠨ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠵᠤ ᠴᠢᠳᠠᠨ᠎ᠠ᠃
         ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠶᠢᠨ ᠯᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᡁᠢ᠂ ᠳᠡᠳ᠋ ᠳᠠᠷᠤᠭ᠎ᠠ ᠯᠢ ᠰᠢᠶᠠᠩ ᠵᠢᠴᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃
         ᠯᠢ ᠰᠢᠨ ᠴᠦᠨ ᠲᠤᠬᠠᠢ ᠶᠢᠨ ᠭᠠᠵᠠᠷ ᠲᠤᠨᠢ ᠯᠢ ᠵᠢᠶᠠ ᠭᠧᠦ᠂ ᠪᠧᠨ ᠪᠠ ᠭᠧᠦ᠂ ᠪᠠᠳᠺᠠᠷ ᠭᠧᠤ ᠪᠣᠯᠤᠨ ᠰᠠᠢ ᠳ᠋ᠠ ᠪᠠ ᠵᠡᠷᠭᠡ 4 ᠤᠯᠠᠨ ᠨᠡᠶᠢᠲᠡ ᠶᠢᠨ ᠨᠡᠭᠦᠷᠡᠰᠦᠨ ᠠᠭᠤᠷᠬᠠᠢ ᠶᠢᠨ ᠭᠠᠯ ᠤᠨ ᠣᠷᠣᠨ ᠪᠣᠯᠤᠨ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠢ ᠵᠠᠰᠠᠬᠤ ᠲᠦᠷᠦᠯ ᠵᠦᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠪᠠᠶᠢᠴᠠᠭᠠᠵᠤ᠂ ᠲᠦᠷᠦᠯ ᠵᠦᠢᠯ ᠨᠢᠭᠡᠪᠦᠷᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠲᠥᠰᠦᠯ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠢᠯᠡ ᠪᠣᠯᠭᠠᠬᠤ ᠪᠠᠶᠢᠳᠠᠯ᠂ ᠲᠦᠷᠦᠯ ᠵᠦᠢᠯ ᠤᠨ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ ᠶᠢᠨ ᠬᠢᠷᠢ ᠴᠢᠳᠠᠯ ᠤᠨ ᠵᠡᠷᠭᠡ ᠳᠡᠰ᠂ ᠪᠠᠷᠢᠯᠭ᠎ᠠ ᠪᠠᠷᠢᠬᠤ ᠴᠢᠳᠠᠪᠤᠷᠢ ᠵᠡᠷᠭᠡ ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠪᠠᠷᠢᠯᠭ᠎ᠠ ᠶᠢᠨ ᠠᠵᠢᠯ ᠡᠬᠢᠯᠡᠬᠦ ᠴᠠᠭ᠂ ᠪᠡᠶᠡᠯᠡᠭᠦᠯᠬᠦ ᠴᠠᠭ ᠵᠢᠴᠢ ᠪᠠᠷᠢᠯᠭ᠎ᠠ ᠪᠠᠷᠢᠬᠤ ᠶᠠᠪᠤᠴᠠ ᠳᠤ ᠲᠤᠯᠭᠠᠷᠠᠵᠤ ᠮᠡᠳᠡᠬᠦ ᠬᠦᠴᠢᠷᠳᠡᠯ ᠪᠣᠯᠤᠨ ᠠᠰᠠᠭᠤᠳᠠᠯ ᠵᠡᠷᠭᠡ ᠬᠤᠯᠪᠣᠭᠳᠠᠯ ᠪᠦᠬᠦᠢ ᠵᠦᠢᠯᠡᠰ ᠢ ᠨᠠᠷᠢᠨ ᠠᠰᠠᠭᠤᠨ ᠯᠠᠪᠯᠠᠵᠠᠢ᠃ ᠲᠡᠷᠡ ᠴᠢᠬᠤᠯᠠᠴᠢᠯᠠᠭᠰᠠᠨ ᠨᠢ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠠᠷᠠᠳ ᠣᠯᠠᠨ᠂ ᠦᠷ᠎ᠡ ᠬᠤᠶᠢᠴᠢᠰ ᠲᠠᠭᠠᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠵᠦ᠂ ᠪᠠᠷᠢᠯᠭ᠎ᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠣᠬᠠᠢ ᠳᠤᠨᠢ ᠰᠤᠳᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ 2020 ᠣᠨ ᠤ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠢ ᠶᠡᠷᠦᠩᠬᠡᠶᠢᠯᠡᠨ ᠵᠠᠰᠠᠬᠤ ᠬᠠᠷᠠᠯᠲᠠ ᠶᠢᠨ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ ᠪᠠᠷᠢᠯᠭ᠎ᠠ ᠪᠠᠷᠢᠬᠤ ᠨᠢᠭᠡᠴᠡ ᠨᠦᠭᠦᠳ ᠪᠠᠷᠢᠯᠭ᠎ᠠ ᠪᠠᠷᠢᠬᠤ ᠲᠥᠰᠦᠯ ᠢᠶᠠᠨ ᠤᠯᠠᠮ ᠨᠢᠭᠡ ᠠᠯᠬᠤᠮ ᠰᠢᠨᠵᠢᠯᠡᠬᠦ ᠣᠬᠠᠭᠠᠨᠴᠢ ᠪᠠᠷ ᠨᠤᠲᠠᠯᠠᠵᠤ᠂ ᠠᠵᠢᠯ ᠠᠴᠠ ᠡᠮᠦᠨᠡᠬᠢ ᠲᠦᠭᠰᠢᠭᠦᠷᠢ ᠶᠢ ᠦᠨᠡᠯᠡᠨ ᠵᠢᠱᠢᠬᠦ᠂ ᠠᠶᠤᠯ ᠦᠭᠡᠢ ᠶᠢᠨ ᠮᠡᠷᠭᠡᠵᠢᠯ ᠢ ᠦᠨᠳᠦᠰᠦᠨ ᠱᠠᠲᠤᠨ ᠳᠤ ᠲᠤᠰᠢᠶᠠᠬᠤ᠂ ᠪᠠᠷᠢᠯᠭ᠎ᠠ ᠪᠠᠷᠢᠬᠤ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠶᠤᠯ ᠦᠭᠡᠢ ᠶᠢᠨ ᠪᠣᠯᠪᠠᠰᠤᠷᠠᠭᠤᠯᠤᠯ ᠵᠡᠷᠭᠡ ᠡᠯ᠎ᠡ ᠵᠦᠢᠯ ᠤᠨ ᠠᠵᠢᠯ ᠢ ᠭᠦᠨᠵᠡᠭᠡᠶ ᠪᠥᠭᠡᠳ ᠨᠠᠷᠢᠨ ᠨᠢᠮᠪᠠᠶ ᠬᠢᠵᠦ ᠬᠡᠷᠡᠭᠵᠢᠭᠦᠯᠦᠨ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ ᠪᠠᠲᠤᠯᠠᠭᠰᠠᠨ ᠪᠠᠷᠢᠯᠭ᠎ᠠ ᠪᠠᠷᠢᠬᠤ ᠲᠥᠰᠦᠯ ᠪᠣᠯᠤᠨ ᠠᠵᠢᠯᠯᠠᠬᠤ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠪᠠᠷᠢᠯᠭ᠎ᠠ ᠪᠠᠷᠢᠬᠤ ᠠᠵᠢᠯ ᠬᠢᠵᠦ᠂ ᠲᠥᠷᠥᠯ ᠵᠦᠢᠯ ᠢ ᠱᠠᠲᠤ ᠱᠠᠲᠤ ᠪᠠᠷ ᠰᠢᠯᠵᠢᠭᠦᠯᠦᠨ ᠳᠠᠭᠠᠭᠠᠴᠢᠯᠠᠭᠤᠯᠬᠤ ᠪᠠ ᠳᠦᠷᠢᠮ ᠲᠣᠭᠲᠠᠭᠠᠯ ᠠᠴᠠ ᠵᠥᠷᠢᠴᠡᠨ ᠠᠵᠢᠯᠯᠠᠬᠤ ᠶᠢ ᠡᠷᠡᠰ ᠬᠤᠷᠢᠭᠯᠠᠵᠤ᠂ ᠲᠥᠷᠥᠯ ᠵᠦᠢᠯ ᠤᠨ ᠪᠠᠷᠢᠯᠭ᠎ᠠ ᠪᠠᠷᠢᠬᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠭᠠᠵᠠᠷ ᠣᠷᠣᠨ ᠤ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠬᠡᠷᠡᠭᠲᠡᠶ᠃ ᠬᠢᠨᠠᠨ ᠬᠠᠮᠢᠶᠠᠷᠬᠤ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠪᠠᠨ ᠦᠨᠡᠨᠬᠦ  ᠭᠦᠢᠴᠡᠳᠭᠡᠵᠦ᠂ ᠪᠠᠷᠢᠯᠭ᠎ᠠ ᠪᠠᠷᠢᠬᠤ ᠭᠤᠭᠴᠤᠭ᠎ᠠ ᠨᠢᠭᠡᠪᠦᠷᠢ ᠶᠢ ᠴᠢᠩᠭ᠎ᠠ ᠠᠩᠬᠠᠷᠴᠤ᠂ ᠡᠯ᠎ᠡ ᠪᠠᠷᠢᠯᠭ᠎ᠠ ᠪᠠᠷᠢᠬᠤ ᠲᠥᠷᠥᠯ ᠵᠦᠢᠯ ᠳᠤ ᠬᠢᠨᠠᠯᠲᠠ ᠲᠠᠯᠪᠢᠵᠣ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠥᠷᠥᠯ ᠵᠦᠢᠯ ᠢ ᠵᠢᠷᠤᠭᠯᠠᠨ ᠲᠥᠯᠥᠪᠯᠡᠬᠦ ᠲᠥᠰᠦᠯ ᠤᠨ ᠱᠠᠭᠠᠷᠳᠠᠯᠭ᠎ᠠ ᠳᠤ ᠨᠡᠶᠢᠴᠡᠭᠰᠡᠨ ᠰᠠᠭᠤᠷᠢᠨ ᠳᠡᠭᠡᠷ᠎ᠡ ᠬᠤᠭᠤᠴᠠᠭ᠎ᠠ ᠶᠣᠰᠣᠭᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠪᠢᠳᠠᠨ ᠬᠠᠮᠢᠶᠠᠷᠴᠤ ᠪᠦᠬᠦᠢ ᠲᠣᠭᠤᠷᠢᠭ ᠤᠨ ᠤᠳᠤᠷᠢᠳᠤᠯᠭ᠎ᠠ ᠨᠢ ᠡᠮᠦᠨ᠎ᠡ ᠹᠷᠣᠨᠲ ᠲᠤ ᠲᠦᠰᠢᠭᠯᠡᠨ ᠰᠢᠮᠳᠠᠭᠤᠯᠣᠨ ᠭᠦᠢᠴᠡᠳᠭᠡᠵᠦ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠲᠥᠷᠥᠯ ᠵᠦᠢᠯ ᠤᠨ ᠠᠵᠢᠯ ᠤᠨ ᠲᠣᠰᠬᠠᠢ ᠠᠩᠭᠢ ᠪᠠᠶᠢᠭᠤᠯᠤᠨ᠂ ᠵᠠᠰᠠᠬᠤ ᠲᠥᠷᠥᠯ ᠵᠦᠢᠯ ᠨᠢᠭᠡᠪᠦᠷᠢ ᠳᠤ ᠣᠷᠣᠵᠤ ᠰᠠᠭᠤᠬᠤ ᠮᠠᠶ᠋ᠢᠭ ᠤᠨ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠪᠠᠷᠢᠯᠭ᠎ᠠ ᠶᠢᠨ ᠠᠵᠢᠯ ᠤᠨ ᠳᠤᠮᠳᠠ ᠣᠷᠣᠰᠢᠵᠤ  ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠴᠢᠬᠤᠯᠠ ᠶᠡᠭᠡ ᠤᠴᠢᠷ ᠶᠠᠪᠤᠳᠠᠯ ᠲᠣᠬᠢᠶᠠᠯᠳᠤᠪᠠᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠶᠡᠬᠡᠪᠡᠷ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ᠂ ᠶᠠᠮᠠᠷᠪᠠ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠡᠷᠡᠰ ᠪᠠᠲᠤᠯᠠᠵᠤ᠂ ᠪᠠᠷᠢᠯᠭ᠎ᠠ ᠶᠢ ᠦᠨᠡᠨᠬᠦ ᠠᠶᠤᠯ ᠦᠭᠡᠢ ᠶᠢᠨ ᠢᠨᠵᠧᠨᠧᠷᠢᠩ᠂ ᠠᠮᠢ ᠠᠬᠤᠢ ᠶᠢᠨ ᠢᠨᠵᠧᠨᠧᠷᠢᠩ ᠪᠣᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠢᠨᠵᠧᠨᠧᠷᠢᠩ ᠪᠣᠯᠭᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠬᠠᠷᠢᠶ᠎ᠠ ᠭᠠᠵᠠᠷ ᠤᠳ ᠪᠠᠰᠠ ᠣᠯᠠᠨ ᠲᠦᠮᠡᠨ ᠤ ᠦᠵᠡᠯ ᠰᠠᠨᠠᠭ᠎ᠠ ᠶᠢ  ᠵᠠᠯᠠᠵᠣ ᠵᠢᠯᠣᠭᠤᠳᠬᠤ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠲᠣᠬᠢᠲᠠᠶ ᠰᠢᠢᠳᠪᠦᠷᠢᠯᠡᠵᠦ᠂ ᠲᠥᠷᠥᠯ  ᠵᠦᠢᠯ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠬᠦ ᠳᠤ ᠠᠰᠢᠭᠲᠠᠢ ᠨᠦᠬᠦᠴᠡᠯ ᠢ ᠪᠤᠢ ᠪᠣᠯᠭᠠᠵᠤ᠂ ᠣᠯᠠᠨ ᠨᠡᠶᠢᠲᠡ ᠶᠢᠨ ᠨᠡᠭᠦᠷᠡᠰᠦᠨ ᠠᠭᠤᠷᠬᠠᠢ ᠶᠢᠨ ᠭᠠᠯ ᠤᠨ ᠣᠷᠣᠨ ᠪᠣᠯᠤᠨ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠤ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠢ ᠡᠷᠲᠡ ᠵᠠᠰᠠᠬᠤ᠂ ᠡᠷᠲᠡ ᠠᠵᠢᠯ ᠳᠠᠭᠤᠰᠬᠤ᠂ ᠡᠷᠲᠡ ᠰᠢᠯᠭᠠᠨ ᠠᠪᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠨᠢᠭᠡᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号