ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠮᠲᠤ ᠪᠠᠷ ᠰᠢᠭᠤᠶᠢᠲᠤ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020-05-15
        5 ᠰᠠᠷ᠎ᠠ ᠶᠢᠨ 12 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠧᠨ ᡁᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠬᠦᠨ ᠢ ᠳᠠᠭᠠᠭᠤᠯᠤᠨ ᠰᠢᠭᠤᠶᠢᠲᠤ ᠲᠣᠭᠤᠷᠢᠭ ᠤᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ︾ ᠠᠵᠢᠯ ᠢ ᠬᠠᠮᠲᠤ ᠪᠠᠷ ᠪᠠᠶᠢᠴᠠᠭᠠᠨ ᠦᠵᠡᠪᠡ᠃         ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠬᠤᠷᠠᠯ ᠤᠨ ᠪᠦᠷᠢᠯᠳᠦᠬᠦᠨ ᠵᠧᠤ ᡁᠢ ᠨᠢᠩ᠂ ᠬᠠᠨ ᠵᠢᠶᠠᠨ ᠮᠢᠨ᠂ ᠱᠠᠩ ᠶᠦᠨ᠂ ᠾᠧ ᠵᠢᠶᠦ᠋ᠨ᠂ ᠯᠢᠦ ᠰᠦ ᠮᠧᠶ᠂ ᠬᠤ᠋ ᠵᠢᠶᠠᠩ᠂ ᠶᠦᠨ ᠭᠠᠩ᠂ ᠯᠢᠦ ᠰᠢᠶᠤᠤ ᠳ᠋ᠦᠩ ᠵᠢᠴᠢ ᠥᠪᠡᠷᠲᠡᠭᠡᠨ ᠵᠠᠰᠠᠬᠤ ᠣᠷᠣᠨ ᠤ ᠪᠣᠭᠤᠲᠣ ᠳᠤ ᠰᠠᠭᠤᠭ᠎ᠠ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠡᠰᠡᠭ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠦᠵᠡᠬᠦ ᠳᠤ ᠣᠷᠣᠯᠴᠠᠵᠠᠶ᠃
         ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠰᠢᠨ ᠴᠦᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠬᠠᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠶᠢᠨ ᠯᠦᠩ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠮᠢ ᠴᠢᠶᠣᠤ ᠯᠢᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃          ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤᠨ ᠤ ᠱᠣᠪᠬᠠᠶ ᠭᠠᠴᠠᠭ᠎ᠠ ᠶᠢᠨ ᠵᠦᠩ ᠰᠢᠨ ᠯᠢ ᠮᠢᠨ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢᠨ ᠬᠠᠰᠢᠶ᠎ᠠ ᠰᠠᠷᠠᠪᠴᠢ ᠲᠡᠵᠢᠭᠡᠨ ᠦᠷᠡᠵᠢᠭᠦᠯᠬᠦ ᠲᠥᠷᠥᠯ ᠵᠦᠢᠯ ᠵᠡᠷᠭᠡ ᠭᠠᠵᠠᠷ ᠲᠤ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ᠂ ᠲᠣᠯᠣᠭᠠᠶᠢᠯᠠᠭᠴᠢ ᠠᠵᠤ ᠠᠬᠤᠶᠢᠯᠠᠯ ᠤᠨ ᠶᠠᠳᠠᠭᠤ ᠠᠴᠠ  ᠠᠩᠭᠢᠵᠢᠷᠠᠭᠤᠯᠬᠤ ᠬᠠᠮᠢᠶ᠎ᠠ ᠪᠥᠬᠦᠶ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠬᠤ ᠶᠢᠨ ᠬᠠᠮᠲᠤ ᠬᠡᠰᠡᠭ ᠶᠠᠳᠠᠭᠤ ᠬᠦᠴᠢᠷᠳᠡᠯᠲᠡᠢ ᠡᠷᠦᠬᠡ ᠶᠢ ᠪᠣᠯᠭᠤᠭᠠᠨ ᠲᠣᠬᠤᠨᠢᠭᠤᠯᠪᠠ᠃          ᠴᠧᠨ ᡁᠢ ᠮᠠᠨ ᠤ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠣᠯᠤᠭᠰᠠᠨ ᠰᠢᠢᠳᠪᠦᠷᠢᠯᠡᠭᠴᠢ ᠴᠢᠨᠠᠷᠲᠠᠢ ᠠᠬᠢᠴᠠ ᠶᠢ ᠭᠦᠢᠴᠡᠳ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠤᠯᠬᠤ ᠤᠯᠤᠰ ᠲᠦᠷᠦ ᠶᠢᠨ ᠬᠠᠷᠢᠭᠤᠴᠠᠯᠭᠠᠲᠣ ᠰᠡᠳᠬᠢᠯᠭᠡ᠂ ᠲᠡᠦᠬᠡ ᠶᠢᠨ ᠡᠭᠦᠷᠭᠡᠲᠦ ᠰᠡᠳᠬᠢᠯᠭᠡ ᠪᠣᠯᠤᠨ ᠪᠣᠳᠠᠲᠠᠢ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠴᠠᠭ ᠮᠥᠴᠡ ᠶᠢ ᠠᠮᠵᠢᠨ ᠨᠠᠷᠢᠯᠢᠭ ᠪᠣᠳᠠᠲᠠᠶ ᠬᠢᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠶᠠᠳᠠᠭᠤ ᠠᠴᠠ  ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠵᠠᠯᠭᠠᠯᠲᠠ ᠶᠢ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠪᠠᠲᠤᠯᠠᠬᠤ ᠬᠡᠷᠡᠭᠲᠡᠢ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠺᠠᠳ᠋ᠷ ᠤᠨ ᠬᠠᠪᠰᠤᠷᠤᠨ ᠲᠡᠳᠬᠦᠬᠦ ᠬᠠᠷᠢᠭᠤᠴᠠᠯᠭ᠎ᠠ  ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠠᠶ᠃ ᠴᠢᠳᠠᠪᠤᠷᠢᠲᠠᠨ ᠴᠤᠭᠯᠠᠷᠠᠭᠰᠠᠨ ᠪᠠ ᠣᠶᠤᠨ ᠤᠬᠠᠭᠠᠨ ᠬᠤᠷᠠᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ︾ ᠠᠤᠭ᠎ᠠ ᠶᠡᠭᠡ ᠬᠦᠴᠦᠨ ᠢ ᠨᠢᠭᠲᠠᠷᠠᠭᠤᠯᠪᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号