ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠣᠰᠣᠨ ᠣᠲᠤᠭ᠎ᠠ ᠪᠠ ᠬᠤᠭᠤᠯᠠᠨ ᠭᠡᠷ ᠤᠨ ᠬᠤᠭ ᠨᠣᠪᠰᠢ ᠶᠢ  ᠰᠢᠢᠳᠪᠦᠷᠢᠯᠡᠬᠦ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-05-22
        ᠣᠶᠢᠷ᠎ᠠ ᠳᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠰᠢᠭᠤᠶᠢᠲᠣ ᠰᠢᠨ᠎ᠡ ᠲᠣᠭᠤᠷᠢᠭ ᠤᠨ ᠢᠳᠡᠭᠡᠨ ᠤᠮᠳᠠᠭᠠᠨ ᠤ ᠦᠢᠯᠡᠴᠢᠯᠡᠭᠡ ᠡᠷᠬᠢᠯᠡᠵᠦ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ ᠳᠤ ᠲᠣᠰᠣᠨ ᠤᠲᠤᠭ᠎ᠠ ᠪᠠ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠤᠰᠬᠠᠢ ᠪᠠᠶᠢᠴᠠᠭᠠᠯᠲᠠ ᠶᠢ ᠦᠷᠨᠢᠭᠦᠯᠪᠡ᠃ ᠭᠤᠤᠯᠳᠠᠭᠤ ᠢᠳᠡᠭᠡᠨ ᠤᠮᠳᠠᠭᠠᠨ ᠤ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠲᠠᠯᠠᠪᠤᠷ ᠭᠠᠵᠠᠷ ᠲᠤ ᠲᠣᠰᠤᠨ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠰᠠᠨ ᠡᠰᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠤᠬᠢᠶᠠᠨ ᠴᠡᠪᠡᠷᠯᠡᠭᠰᠡᠨ ᠡᠰᠡᠬᠦ᠂ ᠬᠠᠤᠯᠢ ᠪᠤᠰᠤ ᠪᠠᠷ ᠲᠦᠷ ᠴᠠᠭ ᠲᠡᠯᠭᠡᠬᠦᠷᠯᠡᠨ ᠡᠵᠡᠩᠨᠡᠭᠰᠡᠨ ᠪᠠ ᠵᠠᠳᠠᠭᠠᠶ ᠲᠣᠰᠣᠨ ᠣᠲᠤᠭ᠎ᠠ ᠰᠢᠭᠤᠳ ᠭᠠᠳᠠᠭᠰᠢᠯᠠᠭᠤᠯᠤᠭᠰᠠᠨ ᠵᠡᠷᠭᠡ ᠪᠠᠶᠢᠳᠠᠯ ᠳᠤ ᠴᠢᠭᠯᠡᠭᠦᠯᠦᠨ ᠵᠢᠭᠰᠠᠭᠠᠨ ᠪᠠᠶᠢᠴᠠᠭᠠᠯᠲᠠ ᠬᠢᠨ᠎ᠠ᠃ ᠣᠳᠣᠬᠠᠨ ᠪᠣᠯᠲᠠᠯ᠎ᠠ᠂ ᠨᠡᠶᠢᠲᠡ 37 ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠵᠢᠭᠰᠠᠭᠠᠨ ᠪᠠᠶᠢᠴᠠᠭᠠᠵᠣ᠂ ᠵᠢᠷᠤᠮᠵᠢᠯ ᠳᠤ ᠨᠡᠶᠢᠴᠡᠬᠦ ᠥᠬᠡᠶ 1 ᠡᠵᠡᠩᠨᠡᠯᠲᠡ ᠶᠢᠨ ᠡᠷᠦᠬᠡ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号