ᠥᠪᠥᠷ ᠮᠣᠩᠭᠤᠯ᠄ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ 5 ᠰᠠᠷ᠎ᠠ ᠶᠢᠨ 7 ᠤ ᠡᠳᠦᠷ ᠠᠴᠠ ᠨᠡᠷ᠎ᠡ ᠮᠡᠳᠡᠬᠦᠯᠦᠨ᠎ᠡ
ᠨᠡᠶᠢᠲᠡᠯᠡᠭᠰᠡᠨ ᠴᠠᠭ᠄
2020-05-25
        ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 2020 ᠣᠨ ᠤ ᠪᠥᠬᠦ ᠣᠷᠣᠨ ᠤ ᠦᠨᠳᠦᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 5 ᠰᠠᠷ᠎ᠠ ᠶᠢᠨ 7 ᠤ ᠡᠳᠦᠷ ᠤᠨ 9  ᠴᠠᠭ ᠠᠴᠠ ᠡᠬᠢᠯᠡᠵᠦ᠂ 5 ᠰᠠᠷ᠎ᠠ ᠶᠢᠨ 18 ᠤ ᠡᠳᠦᠷ ᠤᠨ 18 ᠴᠠᠭ ᠲᠤ ᠳᠠᠭᠤᠰᠤᠨ᠎ᠠ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢ ᠡᠳᠦᠷ ᠪᠦᠷᠢ ᠶᠢᠨ 7— 22 ᠴᠠᠭ ᠪᠤᠯᠳᠠᠯ᠎ᠠ ᠨᠡᠬᠡᠬᠡᠨ᠎ᠡ᠃ ᠰᠢᠯᠭᠠᠭᠤᠯᠤᠭᠴᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠪᠠᠨ ᠮᠡᠳᠡᠭᠦᠯᠬᠦ ᠬᠡᠷᠡᠭᠳᠡᠢ᠂ ᠬᠤᠭᠤᠴᠠᠭ᠎ᠠ ᠨᠢ ᠬᠡᠲᠦᠷᠡᠪᠡᠯ ᠳᠠᠭᠢᠵᠤ ᠭᠥᠯᠢᠶᠡᠨ ᠠᠪᠬᠤ ᠥᠬᠡᠶ᠃         ᠬᠠᠮᠢᠶ᠎ᠠ ᠪᠥᠬᠦᠶ ᠱᠠᠭᠠᠷᠳᠠᠯᠭ᠎ᠠ ᠪᠠᠷ᠂ ᠮᠠᠨ ᠤ ᠣᠷᠣᠨ ᠤ 2020 ᠣᠨ ᠤ ᠪᠥᠬᠦ ᠣᠷᠣᠨ ᠤ ᠥᠨᠳᠥᠷ ᠳᠤᠮᠳᠠᠳᠤ ᠵᠢᠨ‌‍ᠰᠢᠯᠭᠠᠯᠲᠠ᠂ ᠥᠨᠳᠥᠷ ᠳᠤᠮᠳᠠᠳᠤ ᠶᠢᠨ  ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ︵ᠠᠩᠬ᠎ᠠ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ︶᠂ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 +2︶ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠭᠤᠯᠤᠭᠴᠢ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠬᠡᠷᠡᠭᠲᠡᠶ᠃ ᠰᠢᠯᠭᠠᠭᠤᠯᠤᠭᠴᠢ ᠲᠣᠭᠲᠠᠭᠰᠠᠨ ᠴᠠᠭ ᠲᠤ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠳᠤ ᠣᠷᠣᠵᠤ᠂  ︽2020 ᠣᠨ ᠤ ᠥᠨᠳᠥᠷ ᠳᠤᠮᠳᠠᠳᠤ ᠶᠢᠨ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ︾ ᠢ ᠲᠣᠪᠴᠢᠳᠠᠵᠤ᠂ ᠲᠣᠰ ᠬᠥᠮᠦᠨ ᠤ ᠦᠨᠳᠦᠰᠦᠨ ᠮᠡᠳᠡᠭᠡ ᠵᠠᠩᠭᠢ ᠪᠠᠨ ᠣᠨᠣᠪᠴᠢᠲᠠᠶ ᠲᠠᠭᠯᠠᠬᠤ ᠶᠢᠨ ᠬᠠᠮᠲᠤ ᠲᠣᠰ ᠬᠥᠮᠦᠨ ᠤ ᠬᠡᠷᠡᠯ ᠵᠢᠷᠤᠭ ᠢ ᠳᠠᠮᠵᠢᠭᠤᠯᠤᠨ᠎ᠠ᠃         ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠦᠮᠦᠨ ᠤᠯᠠᠨ ᠴᠤᠭᠯᠠᠷᠠᠬᠤ ᠶᠢ ᠪᠠᠭᠠᠰᠬᠠᠬᠤ ᠶᠢ ᠰᠠᠶᠢᠲᠤᠷ ᠬᠢᠬᠦ ᠶᠢᠨ ᠲᠤᠰᠠᠳᠠ᠂ ᠰᠤᠷᠭᠠᠭᠤᠯᠢ ᠳᠤ ᠪᠠᠶᠢᠭ᠎ᠠ  ᠰᠤᠷᠤᠭᠴᠢᠳ ᠤᠨ ᠪᠡᠶ᠎ᠡ ᠶᠢᠨ ᠦᠨᠡᠮᠯᠡᠯ ᠪᠠ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢ ᠠᠩᠭᠢ ᠪᠠᠷ ᠨᠢᠭᠡᠴᠢ ᠪᠣᠯᠭᠠᠨ ᠰᠤᠷᠭᠠᠭᠤᠯᠢ ᠳᠤ ᠲᠤᠰᠢᠶᠠᠵᠤ᠂ ᠰᠤᠷᠭᠠᠭᠤᠯᠢ ᠠᠴᠠ ᠨᠢᠭᠡᠳᠦᠯᠲᠡᠶ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠲᠤᠰᠢᠶᠠᠵᠤ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠨᠤᠲᠠᠯᠠᠨ᠎ᠠ︔ ᠨᠡᠶᠢᠭᠡᠮ ᠤᠨ ᠰᠢᠯᠭᠠᠭᠤᠯᠤᠭᠴᠢᠳ ᠬᠤᠪᠢ ᠬᠥᠮᠦᠨ ᠤ ᠪᠡᠶ᠎ᠡ ᠶᠢᠨ ᠦᠨᠡᠮᠯᠡᠯ ᠪᠠ ︽ᠨᠡᠷ᠎ᠡ ᠮᠡᠳᠡᠭᠦᠯᠬᠦ ᠤᠷᠢᠳᠴᠢᠯᠠᠨ ᠮᠡᠳᠡᠭᠦᠯᠬᠦ ᠬᠦᠰᠦᠨᠦᠭᠲᠦ︾ ᠪᠠᠨ ᠠᠪᠴᠤ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠲᠤᠬᠠᠶ ᠶᠢᠨ ᠲᠠᠯᠠᠪᠤᠷ ᠤᠨ ᠮᠡᠳᠡᠭᠡ ᠵᠠᠩᠭᠢ ᠪᠠᠨ ᠨᠤᠲᠠᠯᠠᠬᠤ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号