ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠣᠭᠤᠶᠢᠯᠠᠩ ︵ᠥᠷᠭᠡᠳᠬᠡᠭᠰᠡᠨ︶ ᠰᠣᠷᠣᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2020-05-27
        ᠣᠶᠢᠷ᠎ᠠ ᠳᠤ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠣᠷᠣᠯᠴᠠᠯᠭ᠎ᠠ ᠶᠢᠨ ᠬᠤᠷᠠᠯ ᠬᠢᠵᠦ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠯᠤᠰ ᠲᠥᠷᠥ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠯᠧᠺᠲ᠋ᠣᠷ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠤᠨ ᠠᠰᠫᠢᠷᠠᠨᠲ ᠬᠠᠨ ᠲᠢᠩ ᠢ ᠤᠷᠢᠵᠠᠶ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾ ᠤᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠵᠦ ᠰᠢᠮᠳᠠᠭᠤᠯᠤᠨ ᠵᠢᠯᠣᠭᠤᠳᠪᠠ᠃         ᠪᠦᠬᠦ ᠲᠣᠭᠤᠷᠢᠭ ᠤᠨ ᠰᠢᠶᠠᠨ ᠤ ᠱᠠᠲᠤᠨ ᠤ ᠤᠳᠤᠷᠢᠳᠤᠯᠭ᠎ᠠ᠂ ᠰᠠᠯᠠᠭᠠᠨ ᠤ ᠲᠡᠰ ᠤᠨ ᠺᠠᠳ᠋ᠷ᠂ ᠭᠠᠴᠠᠭ᠎ᠠ ︵ᠲᠣᠰᠬᠤᠨ︶᠂ ᠨᠡᠶᠢᠭᠡᠮ ᠲᠣᠭᠤᠷᠢᠭ ᠤᠨ ︽ᠭᠤᠷᠪᠠᠨ ᠵᠥᠪᠯᠡᠯ︾ ᠤᠨ ᠪᠠᠭ ᠤᠨ ᠪᠦᠷᠢᠯᠳᠦᠬᠦᠨ᠂ ᠱᠠᠰᠢᠨ ᠰᠤᠷᠲᠠᠬᠤᠨ ᠤ ᠲᠤᠰᠠᠯᠠᠭᠴᠢ᠂ ᠲᠣᠭᠤᠷᠢᠭ ᠤᠨ ᠾᠷᠢᠰᠲ᠋ᠣᠰ ᠤᠨ ᠱᠠᠰᠢᠨ ᠤ ᠬᠤᠶᠠᠷ ᠬᠤᠷᠠᠯ ᠤᠨ ᠪᠦᠷᠢᠯᠳᠦᠬᠦᠨ ᠬᠤᠷᠠᠯ ᠳᠤ ᠣᠷᠣᠯᠴᠠᠪᠠ᠃         ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠣᠣ ᠬᠤᠸᠠᠨ ᠯᠢᠶᠠᠨ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃
        ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠬᠠᠨ ᠲᠢᠩ ᠱᠠᠰᠢᠨ ᠰᠤᠷᠲᠠᠬᠤᠨ ᠤ ᠠᠵᠢᠯ ᠤᠨ ᠪᠤᠳᠤᠯᠢᠶᠠᠨᠲᠤ ᠴᠢᠨᠠᠷ ᠪᠠ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠬᠤ ᠵᠢᠴᠢ ᠱᠠᠰᠢᠨ ᠰᠤᠷᠲᠠᠬᠤᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠭᠦᠨᠵᠡᠭᠡᠢ ᠲᠣᠳᠣᠷᠬᠠᠶᠢᠯᠠᠨ ᠥᠭᠦᠯᠡᠪᠡ᠃ ᠡᠭᠦᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾ ᠤᠨ ᠲᠤᠬᠠᠶ ᠨᠠᠷᠢᠨ ᠲᠠᠶᠢᠯᠤᠮᠵᠢ ᠬᠢᠵᠦ᠂ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠱᠠᠰᠢᠨ ᠰᠣᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ᠂ ᠪᠥᠬᠦ ᠲᠣᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠳᠤ ᠬᠦᠴᠦᠲᠡᠶ ᠵᠢᠯᠣᠭᠤᠳᠣᠯᠭ᠎ᠠ ᠬᠠᠩᠭᠠᠪᠠ᠃
        ᠬᠤᠷᠠᠯ ᠠᠴᠠ ᠱᠠᠭᠠᠷᠳᠠᠭᠰᠠᠨ ᠨᠢ᠂ ᠱᠠᠰᠢᠨ ᠰᠤᠷᠲᠠᠬᠤᠨ ᠤ ᠠᠵᠢᠯ ᠤᠨ ᠴᠢᠬᠤᠯᠠ ᠴᠢᠨᠠᠷ ᠢ ᠳᠡᠭᠡᠲᠦ ᠬᠡᠮᠵᠢᠶ᠎ᠡ ᠪᠠᠷ ᠲᠣᠳᠣᠷᠬᠠᠶ ᠲᠠᠨᠢᠵᠤ᠂ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠲᠦᠷᠦ ᠶᠢᠨ ᠪᠤᠳᠤᠯᠭ᠎ᠠ ᠶᠢ ᠡᠵᠡᠮᠰᠢᠵᠦ᠂ ᠳᠦᠷᠢᠮᠵᠢᠭᠰᠡᠨ ᠠᠵᠢᠯ ᠤᠨ ᠠᠷᠭ᠎ᠠ ᠶᠢ ᠪᠤᠢ ᠪᠣᠯᠭᠠᠬᠤ︔ ᠱᠠᠰᠢᠨ ᠰᠤᠷᠲᠠᠬᠤᠨ ᠤ ᠠᠵᠢᠯ ᠢ ᠡᠯ᠎ᠡ ᠱᠠᠲᠤᠨ ᠤ ᠨᠠᠮ ᠤᠨ ᠬᠤᠷᠢᠶᠠᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ  ᠳᠤ ᠣᠷᠣᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠰᠢᠨ ᠰᠤᠷᠲᠠᠬᠤᠨ ᠤ ᠠᠵᠢᠯ ᠤᠨ ᠨᠠᠶᠢᠲᠠᠪᠣᠷᠢᠵᠢᠭᠤᠯᠣᠯᠲᠠ ᠶᠢ ᠠᠬᠢᠭᠤᠯᠬᠤ ᠬᠡᠷᠡᠭᠲᠡᠶ︔ ᠠᠯᠤᠰ ᠬᠡᠳᠦ ᠶᠢ ᠪᠣᠳᠣᠯᠬᠢᠯᠠᠵᠤ ᠰᠠᠭᠤᠷᠢ ᠲᠠᠯᠪᠢᠬᠤ᠂ ᠦᠨᠳᠦᠰᠦᠨ ᠵᠦᠢᠯ ᠢ ᠬᠠᠮᠢᠶᠠᠷᠬᠤ᠂ ᠠᠯᠤᠰ ᠬᠡᠳᠦ ᠳᠤ ᠠᠰᠢᠭᠲᠠᠢ ᠠᠵᠢᠯ ᠢ ᠢᠯᠡᠭᠦᠬᠡᠨ ᠬᠢᠵᠦ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠶᠡᠬᠡᠪᠡᠷ ᠤᠬᠠᠭᠤᠯᠵᠤ᠂ ᠤᠯᠠᠨ  ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠱᠠᠰᠢᠨ ᠰᠤᠷᠲᠠᠬᠤᠨ ᠳᠤ ᠣᠶᠤᠨᠴᠢ ᠪᠠᠷ ᠬᠠᠨᠳᠤᠵᠤ᠂ ᠡᠯ᠎ᠡ ᠵᠦᠢᠯ ᠤᠨ ᠲᠣᠭᠲᠠᠭᠠᠯ ᠠᠴᠠ ᠵᠥᠷᠢᠴᠡᠭᠰᠡᠨ ᠱᠠᠰᠢᠨ ᠰᠤᠷᠲᠠᠬᠤᠨ ᠤ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠨ᠎ᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号