ᠰᠢᠭᠤᠶᠢᠲᠤ ᠲᠣᠭᠤᠷᠢᠭ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2020-05-29
        ᠣᠶᠢᠷ᠎ᠠ ᠳᠤ᠂ ᠰᠢᠭᠤᠶᠢᠲᠤ ᠲᠣᠭᠤᠷᠢᠭ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠰᠤᠮᠤ ᠪᠠᠯᠭᠠᠰᠤ᠂ ᠡᠯ᠎ᠡ ᠵᠡᠭᠡᠯᠢ ᠭᠤᠳᠤᠮᠵᠢ ᠵᠢᠴᠢ ᠬᠦᠷᠢᠶᠡᠯᠡᠩ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠶᠢ ᠵᠣᠬᠢᠶᠠᠨ ᠪᠠᠶᠢᠭᠤᠯᠤᠨ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠡᠷᠭᠢᠯᠡᠭᠰᠡᠨ ᠨᠡᠶᠢᠳᠡᠮ ᠪᠠᠶᠢᠴᠠᠭᠠᠯᠲᠠ ᠶᠢᠨ ᠣᠷᠣᠨ ᠪᠦᠰᠡ ᠶᠢᠨ ᠬᠤᠪᠢᠶᠠᠷᠢᠯᠠᠯ ᠪᠠ ᠵᠢᠷᠤᠭ ᠦᠢᠯᠡᠳᠬᠦ ᠰᠦᠯᠵᠢᠶᠡᠨ ᠤ ᠬᠠᠷᠠᠭᠠᠨ ᠳᠠᠪᠲᠠᠮᠵᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠪᠠ᠃ ᠪᠣᠯᠪᠠᠰᠤᠷᠠᠯ ᠤᠨ ᠬᠤᠷᠠᠯ ᠳᠡᠭᠡᠷ᠎ᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠤᠰᠬᠠᠶ ᠮᠡᠷᠭᠡᠵᠢᠯ ᠤᠨ ᠠᠵᠢᠯᠲᠠᠳ ᠤᠯᠤᠰ ᠤᠨ ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠮᠢᠶ᠎ᠠ ᠪᠦᠬᠦᠢ ᠲᠤᠷᠰᠢᠯᠭ᠎ᠠ ᠶᠢ ᠬᠤᠪᠢᠶᠠᠯᠴᠠᠨ ᠲᠠᠨᠢᠯᠴᠠᠭᠤᠯᠵᠣ᠂ ᠨᠡᠶᠢᠳᠡᠮ ᠪᠠᠶᠢᠴᠠᠭᠠᠯᠲᠠ ᠶᠢᠨ ᠣᠷᠣᠨ ᠢ ᠬᠤᠪᠢᠶᠠᠷᠢᠯᠠᠬᠤ ᠪᠠ ᠵᠢᠷᠣᠯᠭ᠎ᠠ ᠶᠢᠨ ᠠᠵᠢᠯ ᠢ ᠨᠠᠷᠢᠨ ᠲᠠᠶᠢᠯᠪᠤᠷᠢᠯᠠᠭᠰᠠᠨ ᠤ ᠬᠠᠮᠲᠤ ᠠᠯᠤᠰ ᠠᠴᠠ ᠵᠢᠯᠣᠭᠤᠳᠬᠤ ᠰᠢᠰᠲ᠋ᠧᠮ ᠤᠨ ᠠᠵᠢᠯᠯᠠᠭ᠎ᠠ ᠶᠢ ᠵᠢᠯᠣᠭᠤᠳᠪᠠ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠮᠠᠨ ᠤ ᠲᠣᠭᠤᠷᠢᠭ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号