ᠰᠢᠭᠤᠶᠢᠲᠤ ᠲᠣᠭᠤᠷᠢᠭ ᠪᠦᠬᠦ ᠣᠷᠣᠨ ᠪᠦᠰᠡ ᠶᠢᠨ ᠵᠢᠭᠤᠯᠴᠢᠯᠠᠯ ᠪᠠ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2020-05-06
        4 ᠰᠠᠷ᠎ᠠ ᠶᠢᠨ 29 ᠤ ᠡᠳᠦᠷ᠂ ᠰᠢᠭᠤᠶᠢᠲᠤ ᠲᠣᠭᠤᠷᠢᠭ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠬᠢᠭᠡᠳ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠭᠤᠶᠢᠲᠤ ᠲᠤᠭᠤᠷᠢᠭ ᠤᠨ ᠰᠣᠨᠢᠨ ᠮᠡᠳᠡᠭᠡ ᠨᠡᠶᠢᠲᠡᠯᠡᠬᠦ ᠲᠥᠪ ᠲᠤ ᠶᠠᠪᠤᠭᠳᠠᠪᠠ᠃
        ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠲᠣᠭᠤᠷᠢᠭ ᠤᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠠᠳᠺᠠᠷ ᠵᠣᠣ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠤᠷᠢᠳ ᠬᠤᠵᠢᠳ ᠰᠢᠭᠤᠶᠢᠲᠤ ᠲᠣᠭᠤᠷᠢᠭ ᠤᠨ ᠪᠥᠬᠦ ᠣᠷᠣᠨ ᠪᠦᠰᠡ ᠶᠢᠨ ᠵᠢᠭᠤᠯᠴᠢᠯᠠᠯ᠂ ᠪᠠᠳᠺᠠᠷ ᠵᠣᠣ ᠶᠢᠨ ᠰᠣᠶᠣᠯ ᠤᠨ ᠵᠢᠭᠤᠯᠴᠢᠯᠠᠯ ᠤᠨ ᠣᠷᠣᠨ ᠤ ᠤᠯᠤᠰ ᠤᠨ 5A ᠲᠠᠰ ᠤᠨ ᠦᠵᠡᠮᠵᠢ ᠶᠢᠨ ᠣᠷᠣᠨ᠂ ᠬᠢᠵᠢᠭ ᠤᠨ ᠬᠤᠭᠤᠴᠠᠭᠠᠨ ᠤ ᠵᠢᠭᠤᠯᠴᠢᠯᠠᠯ ᠤᠨ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠠᠵᠢᠯ ᠢ ᠡᠭᠦᠳᠦᠨ ᠪᠠᠶᠢᠭᠤᠯᠤᠭᠰᠠᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠭᠰᠡᠨ ᠪᠥᠭᠡᠳ ᠦᠵᠡᠮᠵᠢ ᠶᠢᠨ ᠣᠷᠣᠨ ᠤ ᠬᠠᠮᠢᠶᠠᠷᠤᠯᠲᠠ ᠡᠵᠡᠩᠨᠡᠯᠲᠡ᠂ ᠲᠥᠯᠥᠪᠵᠢᠭᠦᠯᠦᠨ ᠬᠥᠭᠵᠢᠭᠦᠯᠬᠦ ᠪᠠ ᠬᠢᠵᠢᠭ ᠤᠨ ᠬᠤᠭᠤᠴᠠᠭᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠷᠢᠭᠤᠯᠲᠠ ᠥᠭᠴᠡᠶ᠃         ᠪᠠᠳᠺᠠᠷ ᠵᠣᠣ ᠶᠢᠨ ᠰᠣᠶᠣᠯ ᠵᠤᠭᠠᠴᠠᠯ ᠤᠨ ᠲᠣᠭᠤᠷᠢᠭ᠂ ᠬᠤᠸᠠ ᠦ᠋ ᠷᠧᠨ ᠵᠢᠶᠠᠨ᠂ ᠪᠤᠭᠤᠲᠤ ᠶᠢᠨ ᠡᠷᠲᠡᠨ ᠤ ᠬᠤᠲᠠ᠂ ᠷᠣᠩ ᠸᠠᠩ ᠢᠮᠠᠭᠠᠨ ᠨᠣᠯᠤᠤᠷ ᠤᠨ ᠠᠵᠤ ᠦᠢᠯᠡᠰ ᠤᠨ ᠬᠦᠷᠢᠶᠡᠯᠡᠩ ᠵᠡᠷᠭᠡ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠪᠤᠭᠤᠲᠤ ᠶᠢᠨ ᠡᠳᠦᠷ ᠤᠨ ᠰᠣᠨᠢᠨ᠂ ᠪᠤᠭᠤᠲᠤ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠤᠭᠤᠲᠤ ᠶᠢᠨ ᠣᠷᠣᠢ ᠶᠢᠨ ᠰᠣᠨᠢᠨ ᠮᠡᠳᠡᠭᠡ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ᠂ ᠰᠢᠭᠤᠶᠢᠲᠤ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ᠂ ᠶᠦᠨ ᠱᠠᠩ ᠰᠢᠭᠤᠶᠢᠲᠣ᠂ ᠰᠢᠭᠤᠶᠢᠲᠣ ᠰᠣᠨᠢᠨ ᠮᠡᠳᠡᠭᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃
        ᠤᠢᠢᠷ᠎ᠠ ᠶᠢᠨ ᠵᠢᠯ ᠳᠤ᠂ ᠰᠢᠭᠤᠶᠢᠲᠤ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠣᠯᠣᠰ ᠤᠨ ᠡᠬᠢ ᠪᠠᠶᠠᠯᠢᠭ ᠰᠢᠪᠬᠠᠷᠤᠭᠰᠠᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠷ ᠦᠨᠳᠦᠰᠦᠨ ᠰᠠᠨᠠᠭ᠎ᠠ ᠪᠣᠯᠭᠠᠵᠤ᠂ ︽ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠣᠷᠣᠨ︾ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠣᠰᠣᠭᠠᠷ ︽ᠦᠵᠡᠰᠬᠦᠯᠡᠩᠲᠦ ᠰᠠᠶᠢᠬᠠᠨ ᠰᠢᠭᠤᠶᠢᠲᠣ ᠲᠣᠭᠤᠷᠢᠭ︾ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠬᠠᠭᠤᠳᠠᠰᠤ ᠶᠢ ᠪᠢᠴᠢᠭᠯᠡᠵᠡᠢ᠃ ᠭᠠᠵᠠᠷ ᠣᠷᠣᠨ ︽ᠪᠥᠬᠦ ᠣᠷᠣᠨ ᠪᠦᠰᠡ ᠶᠢᠨ ᠪᠠᠶᠢᠷᠢᠰᠢᠭᠤᠯᠤᠯᠲᠠ᠂ ᠪᠥᠬᠦ ᠬᠦᠴᠦᠨ ᠵᠦᠢᠯ ᠤᠨ ᠪᠠᠶᠢᠭᠤᠯᠣᠯᠲᠠ᠂ ᠪᠥᠬᠦ ᠠᠵᠤ ᠦᠢᠯᠡᠰ ᠢ ᠠᠭᠤᠰᠤᠯᠴᠠᠭᠤᠯᠬᠤ᠂ ᠪᠥᠬᠦ ᠦᠵᠡᠮᠵᠢ ᠶᠢ ᠴᠣᠭᠴᠠᠯᠠᠬᠤ᠂ ᠪᠥᠬᠦ ᠨᠡᠶᠢᠭᠡᠮ ᠢᠶᠠᠷ ᠢᠶᠠᠨ ᠣᠷᠣᠯᠴᠠᠬᠤ︾ ᠠᠷᠭ᠎ᠠ ᠬᠡᠮᠵᠢᠶ᠎ᠡ ᠳᠤ ᠲᠦᠰᠢᠭᠯᠡᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠠᠮᠢᠶᠠᠷᠤᠯᠲᠠ ᠶᠢᠨ ᠲᠣᠭᠲᠠᠴᠠ᠂ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠰᠠᠭᠤᠷᠢ ᠪᠠᠲᠣᠯᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠨᠢ ᠪᠥᠬᠦ ᠲᠣᠭᠤᠷᠢᠭ ᠤᠨ ᠳᠡᠭᠡᠳᠦ ᠳᠣᠤᠷᠠᠳᠤ ᠱᠠᠲᠤᠨ ᠤ ᠨᠢᠭᠡ ᠵᠦᠢᠯ ᠤᠨ ᠬᠠᠮᠲᠤ ᠶᠢᠨ ᠲᠠᠨᠢᠯᠲᠠ ᠪᠣᠯᠤᠭᠰᠠᠨ ᠪᠠᠶᠢᠨ᠎ᠠ᠃ ᠪᠠᠳᠺᠠᠷ ᠵᠤᠤ ᠶᠢᠨ ᠰᠣᠶᠣᠯ ᠵᠢᠭᠤᠯᠴᠢᠯᠠᠯ ᠤᠨ ᠲᠣᠭᠤᠷᠢᠭ 5A ᠳᠡᠰ ᠢ ᠡᠭᠦᠳᠴᠦ᠂ ᠬᠤᠸᠠ ᠦ᠋ ᠷᠧᠨ ᠵᠢᠶᠠᠨ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ᠂ ᠪᠤᠭᠤᠲᠤ ᠶᠢᠨ ᠡᠷᠲᠡᠨ ᠤ ᠬᠤᠲᠠ᠂ ᠷᠣᠩ ᠸᠠᠩ ᠤᠨ ᠢᠮᠠᠭᠠᠨ ᠨᠣᠣᠯᠤᠷ ᠤᠨ ᠠᠵᠤ ᠦᠢᠯᠡᠰ ᠤᠨ ᠬᠦᠷᠢᠶᠡᠯᠡᠩ᠂ ᠯᠠᠮᠠ ᠮᠥᠷᠡᠨ ᠤ ᠠᠮᠢ ᠠᠬᠤᠢ ᠶᠢᠨ ᠦᠵᠡᠮᠵᠢ᠂ ᠳᠠᠯᠠᠨ ᠬᠠᠷ᠎ᠠ ᠠᠭᠤᠯᠠ ᠶᠢᠨ ᠺᠢᠨᠣ᠋ ᠲᠧᠯᠸᠢᠰ ᠤᠨ ᠰᠠᠭᠤᠷᠢᠨ ᠭᠠᠵᠠᠷ᠂ ᠵᠤᠤ ᠪᠧᠢ ᠤᠷᠲᠤ ᠴᠠᠭᠠᠨ ᠬᠡᠷᠡᠮ ᠢᠶᠠᠷ ᠠᠭᠤᠯᠭ᠎ᠠ ᠪᠣᠯᠭᠠᠭᠰᠠᠨ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠰᠢᠨ᠎ᠡ ᠵᠢᠷᠤᠭ ᠠᠯᠭᠤᠷ ᠢᠶᠠᠷ ᠳᠡᠯᠭᠡᠭᠳᠡᠵᠦ᠂ ︽ᠠᠭᠤᠯᠠ ᠶᠢ ᠣᠯᠵᠤ ᠦᠵᠡᠵᠦ᠂ ᠤᠰᠤ ᠶᠢ ᠣᠯᠵᠤ ᠦᠵᠡᠵᠦ᠂ ᠨᠤᠲᠤᠭ ᠤᠨ ᠵᠣᠪᠠᠨᠢᠯ ᠢ ᠣᠯᠵᠤ ᠦᠵᠡᠨ᠎ᠡ︾ ᠨᠢ ᠠᠯᠬᠤᠮ ᠠᠯᠬᠤᠮ ᠢᠶᠠᠷ ᠭᠠᠵᠠᠷ ᠣᠷᠣᠨ ᠤ ᠰᠢᠨ᠎ᠡ ᠲᠡᠮᠳᠡᠭ ᠪᠣᠯᠵᠠᠶ᠃ ᠵᠢᠭᠤᠯᠴᠢᠯᠠᠯ ᠤᠨ ᠵᠣᠷᠢᠭᠰᠠᠨ ᠭᠠᠵᠠᠷ ᠤᠨ ᠬᠠᠷᠠᠯᠲᠠ ᠶᠢ ᠪᠤᠢ ᠪᠣᠯᠭᠠᠬᠤ ᠠᠵᠢᠯ ᠤᠯᠠᠮ ᠢᠶᠠᠷ ᠣᠶᠢᠷᠠᠳᠴᠣ ᠪᠠᠶᠢᠨ ᠎ᠠ᠃ ᠵᠢᠭᠤᠯᠴᠢᠯᠠᠯ ᠤᠨ ᠦᠢᠯᠡᠰ ᠤᠨ ᠭᠠᠵᠠᠷ ᠣᠷᠣᠨ ᠤ ᠬᠥᠭᠵᠢᠯᠲᠡ ᠳᠠᠬᠢ ᠦᠢᠯᠡᠳᠦᠯ ᠤᠯᠠᠮ ᠠᠴᠠ ᠤᠯᠠᠮ ᠲᠤᠪᠤᠶᠢᠮ᠎ᠠ ᠪᠤᠯᠵᠤ᠂ ᠨᠢᠭᠡᠨᠲᠡ ᠰᠢᠭᠤᠶᠢᠲᠤ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢᠨ ᠴᠢᠬᠤᠯᠠ ᠬᠥᠳᠡᠯᠭᠡᠭᠦᠷ ᠪᠣᠯᠵᠠᠢ᠃ 2019 ᠣᠨ ᠳᠤ᠂ ᠪᠥᠬᠦ ᠲᠣᠭᠤᠷᠢᠭ ᠲᠤ ᠵᠤᠭᠠᠴᠠᠭᠰᠠᠳ ᠢ ᠨᠡᠶᠢᠲᠡ 135 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠡᠭᠦᠳᠡᠨ ᠪᠢᠯᠧᠲ ᠤᠨ ᠣᠷᠣᠯᠭ᠎ᠠ 1562 ᠲᠦᠮᠡᠨ ᠲᠥᠭᠦᠷᠢᠭ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 2.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13 ᠳᠠᠬᠢᠨ ᠰᠢᠬᠠᠮ ᠨᠡᠮᠡᠭᠳᠡᠵᠦ᠂ ᠵᠢᠭᠤᠯᠴᠢᠯᠠᠯ ᠤᠨ ᠬᠥᠮᠦᠨ ᠤ ᠲᠤᠭ᠎ᠠ ᠪᠠ ᠣᠷᠣᠯᠭ᠎ᠠ ᠶᠡᠭᠡ ᠪᠠᠷ ᠨᠡᠮᠡᠭᠳᠡᠪᠡ᠃
        ᠡᠭᠦᠨ ᠳᠤ᠂ ᠪᠠᠳᠺᠠᠷ ᠵᠣᠣ ᠶᠢᠨ ᠰᠣᠶᠣᠯ ᠵᠢᠭᠤᠯᠴᠢᠯᠠᠯ ᠤᠨ ᠣᠷᠣᠨ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠯᠬᠤᠴᠠ ᠪᠠᠨ ᠲᠠᠰᠤᠷᠠᠯᠲᠠ ᠥᠬᠡᠶ ᠲᠦᠷᠭᠡᠳᠬᠡᠵᠦ᠂ ᠦᠵᠡᠮᠵᠢ ᠶᠢᠨ ᠣᠷᠣᠨ ᠤ ᠪᠠᠶᠢᠷᠢᠯᠠᠭᠤᠯᠣᠯᠲᠠ ᠶᠢ ᠥᠨᠳᠥᠷ ᠡᠬᠢᠯᠡᠯᠲᠡ ᠶᠢᠨ ᠴᠡᠭ ᠢᠶᠠᠷ ᠲᠥᠯᠥᠪᠵᠢᠭᠦᠯᠵᠦ᠂ ᠵᠢᠭᠤᠯᠴᠢᠯᠠᠯ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠡᠭᠦᠯᠳᠡᠷᠵᠢᠭᠦᠯᠵᠦ᠂ ᠦᠢᠯᠡᠴᠢᠯᠡᠭᠡ ᠬᠠᠮᠢᠶᠠᠷᠣᠯᠲᠠ ᠶᠢ ᠴᠢᠨᠠᠷ ᠰᠠᠶᠢᠲᠠᠶ ᠥᠷᠨᠢᠭᠦᠯᠪᠡ᠃ 12.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠨᠢᠭᠡᠳᠦᠭᠡᠷ ᠳᠡᠰ ᠤᠨ ᠵᠠᠰᠠᠮᠠᠯ ᠵᠠᠮ᠂ ᠰᠢᠭᠤᠶᠢᠲᠣ ᠠᠴᠠ ᠪᠠᠳᠺᠠᠷ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠵᠢᠭᠤᠯᠴᠢᠯᠠᠯ ᠤᠨ ᠵᠠᠮ ᠢ ᠪᠠᠶᠢᠭᠤᠯᠵᠤ᠂ 3.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠣ᠂ ᠦᠵᠡᠮᠵᠢ ᠶᠢᠨ ᠣᠷᠣᠨ ᠤ ᠳᠣᠲᠣᠷᠠᠬᠢ ᠵᠤᠭᠠᠴᠠᠭᠰᠠᠳ ᠤᠨ ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠵᠣᠷᠯᠣᠩ ᠵᠡᠷᠭᠡ 19 ᠵᠦᠢᠯ ᠤᠨ ᠭᠤᠣᠯᠳᠠᠯᠭ᠎ᠠ ᠲᠠᠢ ᠰᠠᠭᠤᠷᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠳᠡᠰ ᠳᠡᠪᠰᠢᠭᠦᠯᠪᠡ᠃ ᠦᠵᠡᠮᠵᠢ ᠶᠢᠨ ᠣᠷᠣᠨ ᠤ ᠵᠢᠭᠤᠯᠴᠢᠯᠠᠯ᠂ ᠵᠠᠮ ᠬᠠᠷᠢᠯᠴᠠᠭ᠎ᠠ᠂ ᠠᠮᠤᠷ ᠲᠦᠪᠰᠢᠨ ᠵᠡᠷᠭᠡ 118  ᠵᠦᠢᠯ ᠤᠨ ᠲᠦᠷᠢᠮ ᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ︽ᠢᠨᠲ᠋ᠧᠷ ᠰᠦᠯᠵᠢᠶ᠎ᠡ +︾ ᠶᠢ ᠠᠰᠢᠭᠯᠠᠨ ᠣᠶᠤᠨᠴᠢ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠵᠢᠭᠤᠯᠴᠢᠯᠠᠯ ᠤᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠰᠢᠷᠢᠰ ᠠᠵᠢᠯᠯᠠᠭ᠎ᠠ ᠶᠢ ᠡᠷᠭᠢᠯᠡᠵᠦ᠂ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠦᠵᠡᠮᠵᠢ ᠶᠢᠨ ᠣᠷᠣᠨ ᠤ ᠶᠠᠰᠤ ᠴᠢᠨᠠᠷ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠣᠷᠣᠨ ᠤ ᠬᠡᠯᠪᠡᠷᠢ ᠪᠠᠶᠢᠳᠠᠯ᠂ ᠡᠵᠡᠩᠨᠡᠯᠲᠡ ᠶᠢᠨ ᠬᠡᠯᠪᠡᠷᠢ ᠪᠠᠶᠢᠳᠠᠯ᠂ ᠠᠮᠢ ᠠᠬᠤᠶ᠂ ᠰᠣᠶᠣᠯ ᠤᠨ ᠬᠡᠯᠪᠡᠷᠢ ᠪᠠᠶᠢᠳᠠᠯ ᠲᠠᠢ ᠠᠭᠤᠰᠤᠯᠳᠤᠨ ᠨᠡᠭᠡᠭᠡᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠥᠪᠡᠷᠮᠢᠴᠡ ᠣᠨᠴᠠᠯᠢᠭ ᠲᠠᠢ ᠵᠡᠭᠡᠯᠢ ᠲᠣᠭᠤᠷᠢᠭ᠂ ᠭᠤᠤᠯ ᠰᠡᠳᠦᠪᠲᠦ ᠰᠣᠶᠣᠯ ᠤᠨ ᠬᠡᠷᠡᠮ᠂ ᠣᠶ ᠰᠢᠭᠤᠶ ᠶᠢᠨ ᠴᠡᠴᠡᠷᠯᠢᠭ ᠤᠨ ᠦᠵᠡᠮᠵᠢ ᠶᠢᠨ ᠵᠠᠮ ᠢᠶᠠᠷ ᠳᠠᠮᠵᠢᠭᠤᠯᠤᠨ᠂ ᠥᠪᠡᠷᠮᠢᠴᠡ ᠣᠨᠴᠠᠯᠢᠭ ᠲᠠᠢ᠂ ᠬᠠᠭᠤᠯᠪᠤᠷᠢᠯᠠᠵᠤ ᠪᠣᠯᠤᠰᠢ ᠥᠬᠡᠶ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠣᠨ ᠢ ᠪᠣᠶ ᠪᠣᠯᠭᠠᠵᠤ᠂ ᠠᠯᠢ ᠣᠯᠠᠨ ᠢᠯᠡᠳᠲᠡ ᠦᠷ᠎ᠡ ᠪᠦᠲᠦᠭᠡᠯ ᠣᠯᠵᠤ᠂ ᠵᠢᠭᠤᠯᠴᠢᠯᠠᠯ ᠤᠨ ᠣᠷᠣᠨ ᠤ ᠠᠯᠳᠠᠷᠰᠢᠯ ᠤᠨ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠤᠨ ᠭᠥᠯᠢᠶᠡᠨ ᠠᠪᠬᠤ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠶᠢ ᠡᠭᠦᠳᠦᠭᠰᠡᠨ ᠪᠠᠶᠢᠨ᠎ᠠ᠃         ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠰᠢᠭᠤᠶᠢᠲᠤ ᠲᠣᠭᠤᠷᠢᠭ ᠤᠨ ᠬᠢᠨ ᠡᠯ᠎ᠡ ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠦᠨᠡᠬᠢ ᠬᠤᠭᠤᠴᠠᠭᠠᠨ ᠤ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠬᠦ᠂ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠡᠮᠬᠢ ᠵᠢᠷᠤᠮ ᠲᠠᠢ ᠪᠠᠷ ᠥᠷᠨᠢᠭᠦᠯᠵᠦ ᠦᠵᠡᠮᠵᠢ ᠶᠢᠨ ᠣᠷᠣᠨ ᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠬᠡᠷᠡᠭᠲᠡᠶ᠃ ᠠᠵᠢᠯ ᠰᠡᠷᠭᠦᠭᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠦᠵᠡᠮᠵᠢ ᠶᠢᠨ ᠣᠷᠣᠨ ᠤ ᠠᠵᠢᠯᠲᠠᠳ ᠲᠤ ᠡᠳᠦᠷ ᠪᠦᠷᠢ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠪᠠ ᠳᠡᠩᠰᠡᠯᠡᠨ ᠲᠡᠮᠳᠡᠭᠯᠡᠭᠦᠯᠵᠦ᠂ ᠠᠵᠢᠯ ᠰᠡᠷᠭᠦᠭᠡᠭᠰᠡᠳ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠷᠡᠭᠦᠯ ᠮᠡᠨᠳᠦ ᠠᠵᠢᠯ ᠤᠨ ᠪᠠᠶᠢᠷᠢ ᠳᠤ ᠪᠠᠶᠢᠬᠤ ᠶᠢ ᠦᠨᠡᠨ ᠬᠦ ᠪᠠᠲᠤᠯᠠᠨ᠎ᠠ︔ ᠤᠷᠢᠳᠴᠢᠯᠠᠨ ᠪᠣᠯᠵᠣᠵᠤ ᠪᠢᠯᠧᠲ ᠬᠤᠳᠠᠯᠳᠤᠨ ᠠᠪᠬᠤ ᠶᠢ ᠬᠡᠷᠡᠭᠵᠢᠭᠦᠯᠵᠦ᠂ ᠵᠢᠭᠤᠯᠴᠢᠯᠠᠭᠴᠢᠳ ᠢᠨᠲ᠋ᠧᠷ ᠰᠦᠯᠵᠢᠶ᠎ᠡ ᠪᠤᠶᠤ ᠳ᠋ᠢᠶᠠᠩᠬᠤᠸᠠ ᠶᠢᠨ ᠠᠷᠭ᠎ᠠ ᠮᠠᠶ᠋ᠢᠭ ᠢᠶᠠᠷ ᠦᠨᠡᠨ ᠨᠡᠷ᠎ᠡ ᠪᠠᠷ ᠢᠶᠠᠨ ᠤᠷᠢᠳᠴᠢᠯᠠᠨ ᠪᠣᠯᠵᠣᠵᠤ᠂ ᠡᠭᠦᠳᠡᠨ ᠪᠢᠯᠧᠲ ᠬᠤᠳᠠᠯᠳᠤᠨ ᠠᠪᠴᠤ ᠪᠣᠯᠤᠨ᠎ᠠ︔ ᠢᠳᠡᠵᠦ ᠤᠤᠭᠤᠬᠤ ᠬᠤᠨᠣᠵᠤ ᠬᠡᠪᠲᠡᠬᠦ ᠠᠮᠤᠷ ᠲᠦᠪᠰᠢᠨ ᠢ ᠠᠩᠬᠠᠷᠴᠤ᠂ ᠵᠤᠭᠠᠴᠠᠭᠰᠠᠳ ᠬᠤᠭᠤᠯᠠ ᠬᠤᠪᠢᠶᠠᠵᠤ᠂ ᠣᠷᠬᠢᠯ ᠠᠯᠣᠰᠯᠠᠨ ᠬᠤᠭᠤᠯᠠ ᠢᠳᠡᠬᠦ ᠶᠢ ᠰᠠᠨᠠᠭᠠᠴᠢᠯᠠᠵᠤ᠂ ᠬᠤᠭᠤᠯᠠ ᠢᠳᠡᠬᠦ ᠦᠶ᠎ᠡ ᠳᠤ ᠬᠥᠮᠦᠨ ᠤ ᠬᠤᠭᠤᠷᠣᠨᠳᠣᠬᠢ ᠵᠠᠶ ᠶᠢ ᠪᠠᠲᠤᠯᠠᠵᠤ᠂ ᠨᠡᠶᠢᠯᠡᠵᠦ ᠬᠤᠭᠤᠯᠠᠯᠠᠬᠤ ᠥᠬᠡᠶ ᠪᠠᠶᠢᠵᠤ᠂ ᠬᠥᠮᠦᠨ ᠣᠯᠠᠨ ᠴᠤᠭᠯᠠᠷᠠᠬᠤ ᠭᠠᠵᠠᠷ ᠲᠤ ᠬᠦᠷᠴᠦ ᠬᠦᠳᠡᠯᠭᠡᠭᠡᠨ ᠬᠢᠬᠦ ᠶᠢ ᠪᠠᠭᠠᠰᠬᠠᠨ᠎ᠠ︔ ᠬᠥᠮᠦᠨ ᠴᠤᠭᠯᠠᠷᠠᠬᠤ ᠠᠴᠠ ᠵᠠᠶᠢᠯᠠᠰᠬᠢᠵᠦ᠂ ᠵᠢᠭᠤᠯᠴᠢᠯᠠᠭᠴᠢᠳ ᠤᠨ ᠤᠷᠤᠰᠬᠠᠯ ᠤᠨ ᠬᠡᠮᠵᠢᠶ᠎ᠡ ᠶᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠵᠢᠭᠤᠯᠴᠢᠯᠠᠭᠴᠢᠳ ᠭᠠᠳᠠᠭᠰᠢ ᠵᠤᠭᠠᠴᠠᠬᠤ ᠠᠴᠠ ᠡᠮᠦᠨ᠎ᠡ ᠵᠣᠷᠢᠭᠰᠠᠨ ᠭᠠᠵᠠᠷ ᠤᠨ ᠮᠡᠳᠡᠭᠡ ᠵᠠᠩᠭᠢ ᠶᠢ ᠠᠩᠬᠠᠷᠴᠤ᠂ ᠭᠠᠳᠠᠭᠰᠢ ᠭᠠᠷᠬᠤ ᠶᠢ ᠵᠦᠶ ᠵᠣᠬᠢᠰᠲᠠᠶ ᠲᠣᠬᠢᠷᠠᠭᠤᠯᠵᠤ᠂ ᠬᠥᠮᠦᠨ ᠬᠠᠷ᠎ᠠ ᠴᠣᠭᠯᠠᠷᠠᠬᠤ ᠠᠴᠠ ᠵᠠᠶᠢᠯᠠᠰᠬᠢᠬᠦ ᠬᠡᠷᠡᠭᠲᠡᠶ︔ ᠪᠣᠯᠪᠠᠰᠤᠨ ᠵᠢᠭᠤᠯᠴᠢᠯᠠᠯ ᠢ ᠰᠠᠨᠠᠭᠠᠴᠢᠯᠠᠵᠤ᠂ ᠵᠤᠭᠠᠴᠠᠭᠰᠠᠳ ᠭᠠᠳᠠᠭᠰᠢ ᠭᠠᠷᠴᠤ ᠵᠤᠭᠠᠴᠠᠬᠤ ᠶᠠᠪᠤᠴᠠ ᠳᠠᠭᠠᠨ ᠣᠯᠠᠨ ᠨᠡᠶᠢᠲᠡ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠬᠢ ᠵᠢᠷᠤᠮ ᠢ ᠤᠬᠠᠮᠰᠠᠷ ᠠᠴᠠ ᠪᠠᠨ ᠵᠢᠷᠤᠮᠯᠠᠵᠤ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠦᠮᠯᠡᠵᠦ᠂ ᠠᠮᠤᠷ ᠲᠦᠪᠰᠢᠨ᠂ ᠡᠷᠡᠭᠦᠯ ᠮᠡᠨᠳᠦ᠂ ᠪᠣᠯᠪᠠᠰᠤᠨ ᠵᠢᠭᠤᠯᠴᠢᠯᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠣ ᠪᠠᠷ ᠪᠤᠢ ᠪᠣᠯᠭᠠᠬᠤ ᠬᠡᠷᠡᠭᠲᠡᠢ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号