ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠰᠢᠭᠤᠶᠢᠲᠤ ᠲᠣᠭᠤᠷᠢᠭ ᠬᠡᠷᠬᠢᠨ ᠬᠢᠬᠦ ᠪᠤᠢ︖ | 2020 ᠣᠨ ᠳᠤ ᠰᠢᠭᠤᠶᠢᠲᠣ ᠲᠣᠭᠤᠷᠢᠭ ᠤᠨ ︽ᠬᠤᠶᠠᠷ ᠬᠤᠷᠠᠯ︾ ᠳᠠᠭᠤᠰᠤᠭᠰᠠᠨ ᠤ ᠳᠠᠷᠠᠭ᠎ᠠ᠂ | ᠰᠢᠭᠤᠶᠢᠲᠣ ᠲᠣᠭᠤᠷᠢᠭ ᠤᠨ ᠨᠡᠶᠢᠯᠡᠮᠡᠯ ᠵᠠᠭᠤᠴᠢᠯᠠᠭᠤᠷ ᠤᠨ ᠲᠥᠪ ︽ᠬᠤᠶᠠᠷ ᠬᠤᠷᠠᠯ ᠨᠢᠭᠤᠷᠳᠠᠬᠤ︾ ᠰᠣᠨᠢᠨ | ᠮᠡᠳᠡᠭᠡ ᠵᠣᠬᠢᠶᠠᠵᠤ ᠭᠠᠷᠭᠠᠪᠠ᠃ | ᠬᠤᠶᠠᠳᠤᠭᠠᠷ ᠬᠤᠭᠤᠴᠠᠭ᠎ᠠ᠄ ᠰᠢᠭᠤᠶᠢᠲᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶᠠᠨ ᠤ ᠳᠡᠳ᠋ ᠳᠠᠷᠤᠭ᠎ᠠ᠂ ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢ ᠵᠢᠶᠠ ᠶᠠᠨ ᠳ᠋ᠢ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠨᠢᠭᠡ ᠵᠢᠯ ᠮᠥᠨ᠂ | ᠪᠠᠰᠠ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ | ᠲᠠᠯ᠎ᠠ ᠪᠠᠷ ᠤᠯᠬᠤ ᠡᠴᠦᠰ ᠤᠨ ᠵᠢᠯ ᠮᠥᠨ᠃ ᠰᠢᠭᠤᠶᠢᠲᠤ ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠬᠡᠷ ᠨᠢ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠭᠤᠤᠯ ᠬᠦᠴᠦᠨ ᠪᠣᠯᠤᠭᠰᠠᠨ ᠤ | ᠬᠤᠪᠢ ᠳᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠨᠠᠮ ᠤᠨ ᠲᠥᠪ ᠬᠤᠷᠢᠶ᠎ᠠ᠂ ᠶᠡᠷᠦᠩᠬᠡᠶ ᠱᠦᠵᠢ ᠰᠢ ᠶᠢᠨ | ᠫᠢᠩ ᠤᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠳᠠᠶᠢᠯᠠᠯᠳᠤᠭᠠᠨ ᠤ ᠴᠢᠨᠠᠷ ᠰᠠᠶᠢᠲᠠᠶ ᠢᠯᠠᠯᠲᠠ ᠶᠢ ᠣᠯᠵᠤ᠂ ᠮᠠᠨ ᠤ ᠲᠣᠭᠤᠷᠢᠭ ᠤᠨ ᠬᠥᠳᠡᠭᠡ | ᠲᠣᠰᠬᠤᠨ ︵ᠮᠠᠯᠵᠢᠬᠤ ᠣᠷᠣᠨ︶ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠬᠤ ᠶᠢ ᠦᠨᠡᠨ ᠬᠦ ᠪᠠᠲᠤᠯᠠᠵᠤ᠂ ᠪᠥᠬᠦ ᠤᠯᠤᠰ ᠤᠨ ᠠᠷᠠᠳ ᠲᠦᠮᠡᠨ ᠲᠠᠢ ᠵᠡᠷᠭᠡ ᠪᠠᠷ ᠴᠢᠨᠡᠭᠡᠯᠢᠭ | ᠨᠡᠶᠢᠭᠡᠮ ᠳᠤ ᠠᠯᠬᠤᠨ ᠣᠷᠣᠨ᠎ᠠ᠃ ᠡᠨᠡ ᠵᠢᠯ ᠭᠤᠤᠯᠳᠠᠭᠤ ᠳᠣᠤᠷᠠᠬᠢ ᠲᠦᠷᠪᠡᠨ ᠲᠠᠯ᠎ᠠ ᠶᠢᠨ ᠠᠵᠢᠯ ᠢ ᠬᠢᠨ᠎ᠡ᠄ | ᠨᠢᠭᠡ ᠳᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ ᠡᠷᠴᠢᠮ ᠢ ᠴᠢᠩᠭᠠᠷᠠᠭᠤᠯᠤᠨ᠎ᠠ᠃ | ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠶᠢ ᠬᠠᠷᠢᠯᠴᠠᠨ | ᠣᠶᠠᠯᠳᠣᠭᠤᠯᠬᠤ ᠠᠷᠭ᠎ᠠ ᠮᠠᠶ᠋ᠢᠭ ᠢ ᠠᠪᠴᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ ᠪᠠᠨ | ᠴᠢᠩᠭᠠᠳᠬᠠᠵᠤ᠂ ︽357︾ ᠠᠵᠢᠯ ᠤᠨ ᠬᠠᠤᠯᠢ ᠪᠠ ︽1456︾ ᠶᠢᠨ ᠰᠢᠮᠳᠠᠭᠤᠯᠤᠨ ᠵᠢᠯᠣᠭᠤᠳᠬᠤ ᠵᠠᠭᠪᠤᠷ ᠢ | ᠯᠠᠪᠳᠠᠭᠤᠨ ᠪᠠᠲᠤᠲᠠᠶ ᠠᠬᠢᠭᠤᠯᠵᠣ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠨ᠎ᠠ᠃ | ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠣᠯᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ︽ | ᠶᠠᠳᠠᠭᠤ ᠠᠴᠠ ᠠᠩᠭᠢᠵᠢᠷᠠᠬᠤ︾ ᠠᠴᠠ ᠬᠠᠷᠢᠭᠤᠴᠠᠯᠭ᠎ᠠ ᠪᠠᠨ ᠬᠠᠶᠠᠬᠤ ᠦᠭᠡᠢ᠂ ︽ᠶᠠᠳᠠᠭᠤ ᠠᠴᠠ ᠠᠩᠭᠢᠵᠢᠷᠠᠬᠤ︾ | ᠠᠴᠠ ᠲᠦᠷᠦ ᠶᠢᠨ ᠪᠤᠳᠤᠯᠭ᠎ᠠ ᠪᠠᠨ ᠬᠠᠶᠠᠬᠤ ᠦᠭᠡᠢ᠂ ︽ᠶᠠᠳᠠᠭᠤ ᠠᠴᠠ ᠠᠩᠭᠢᠵᠢᠷᠠᠭᠤᠯᠬᠤ︾ ᠠᠴᠠ ᠬᠠᠪᠰᠤᠷᠤᠨ | ᠲᠡᠳᠬᠦᠬᠦ ᠪᠠᠨ ᠬᠠᠶᠠᠬᠤ ᠦᠭᠡᠢ᠂ ︽ᠶᠠᠳᠠᠭᠤ ᠠᠴᠠ ᠠᠩᠭᠢᠵᠢᠷᠠᠬᠤ︾ ᠠᠴᠠ ᠬᠢᠨᠠᠯᠲᠠ ᠬᠠᠮᠢᠶᠠᠷᠤᠯᠲᠠ ᠪᠠᠨ ᠬᠠᠶᠠᠬᠤ | ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ ᠪᠠᠷ | ᠬᠠᠪᠰᠤᠷᠤᠨ ᠲᠡᠳᠬᠦᠬᠦ ᠶᠢ ᠴᠢᠩᠭᠠᠳᠬᠠᠵᠤ᠂ ︽ᠶᠠᠳᠠᠭᠤ ᠠᠴᠠ ᠰᠡᠷᠭᠡᠶᠢᠯᠡᠵᠦ ᠪᠠᠲᠤᠯᠠᠬᠤ︾ ᠪᠠ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠮᠥᠩᠭᠦ ᠶᠢ ᠢᠳᠡᠪᠬᠢᠲᠠᠢ ᠪᠠᠷ ᠬᠡᠷᠡᠭᠵᠢᠭᠦᠯᠵᠦ᠂ ᠡᠪᠡᠳᠴᠢᠨ ᠠᠴᠠ ᠪᠣᠯᠵᠣ᠂ | ᠭᠠᠮᠰᠢᠭ ᠠᠴᠠ ᠪᠣᠯᠵᠣ᠂ ᠰᠤᠷᠤᠯᠭ᠎ᠠ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ | ᠭᠤᠷᠪᠠ ᠳᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ 17 ᠵᠠᠰᠠᠭ | ᠵᠠᠬᠢᠷᠭᠠᠨ ᠤ ᠲᠣᠰᠬᠤᠨ ᠤ ᠡᠬᠢ ᠪᠠᠶᠠᠯᠢᠭ ᠤᠨ ᠲᠥᠷᠥᠯᠬᠢ ᠠᠪᠢᠶᠠᠰ ᠲᠠᠢ ᠤᠶᠠᠯᠳᠤᠭᠤᠯᠤᠨ᠂ ᠲᠤᠬᠠᠶ ᠶᠢᠨ | ᠭᠠᠵᠠᠷ ᠤᠨ ᠪᠠᠶᠢᠳᠠᠯ ᠳᠠᠭᠠᠨ ᠳᠣᠭᠢᠷᠠᠭᠤᠯᠤᠨ᠂ ᠲᠤᠬᠠᠶ ᠶᠢᠨ ᠭᠠᠵᠠᠷ ᠤᠨ ᠭᠤᠤᠯᠯᠠᠬᠤ ᠳᠠᠪᠠᠭᠤᠯᠢᠭ ᠠᠵᠤ ᠦᠢᠯᠡᠰ | ᠪᠠ ᠣᠨᠴᠠᠯᠢᠭᠲᠤ ᠠᠵᠤ ᠦᠢᠯᠡᠰ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠎ᠡ︔ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠳᠤ ᠣᠷᠣᠯᠴᠠᠬᠤ ᠬᠡᠮᠵᠢᠶ᠎ᠡ ᠶᠢ ᠥᠷᠭᠡᠳᠬᠡᠵᠦ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠶᠢᠨ ᠳᠠᠭᠠᠭᠠᠮᠠᠭᠠᠶ ᠴᠢᠨᠠᠷ ᠢ ᠨᠡᠮᠡᠭᠳᠡᠭᠦᠯᠦᠨ᠎ᠡ᠃ | ᠳᠥᠷᠪᠡ ᠳᠤ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠣᠶᠤᠨ | ᠤᠬᠠᠭᠠᠨ ᠬᠤᠶᠠᠷ ᠢ ᠲᠡᠳᠬᠦᠬᠦ ︽521︾ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠬᠤ᠂ | ᠶᠠᠳᠠᠭᠤ ᠬᠦᠴᠢᠷᠳᠡᠯᠲᠡᠶ ᠣᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ | ᠭᠦᠢᠴᠡᠳ ᠳᠠᠶᠢᠴᠢᠯᠠᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ | ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠬᠥᠲᠥᠯᠥᠨ ᠵᠢᠯᠣᠭᠤᠳᠴᠤ᠂ ᠵᠣᠬᠢᠶᠠᠨ ᠪᠠᠶᠢᠭᠤᠯᠵᠤ᠂ ᠳᠡᠮᠵᠢᠬᠦ ᠬᠡᠷᠡᠭᠲᠡᠶ᠃ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠥᠪ ᠣᠨᠣᠪᠴᠢᠲᠠᠶ | ᠤᠳᠤᠷᠢᠳᠤᠯᠭ᠎ᠠ ᠳᠣᠤᠷ᠎ᠠ᠂ ᠪᠦᠬᠦ ᠲᠣᠭᠤᠷᠢᠭ ᠤᠨ ᠡᠯ᠎ᠡ ᠲᠣᠮᠣ ᠤᠳᠤᠷᠢᠳᠬᠤ ᠪᠠᠭ ᠪᠣᠯᠤᠨ ᠪᠥᠬᠦ ᠺᠠᠳ᠋ᠷᠴᠤᠳ ᠤᠨ | ᠬᠠᠮᠲᠤ ᠶᠢᠨ ᠴᠢᠷᠮᠠᠶᠢᠯᠭ᠎ᠠ ᠳᠣᠤᠷ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ | ᠳᠠᠶᠢᠯᠠᠯᠳᠤᠭᠠᠨ ᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠡᠭᠦᠷᠭᠡᠯᠡᠵᠦ᠂ ᠨᠢᠭᠡ ᠯᠡ | ᠠᠮᠢᠰᠬᠤᠭ᠎ᠠ ᠪᠠᠷ ᠬᠦᠴᠦᠯᠡᠨ ᠴᠢᠷᠮᠠᠶᠢᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠡᠷᠡᠰ ᠴᠢᠨᠠᠷ ᠰᠠᠶᠢᠲᠠᠶ ᠢᠯᠠᠯᠲᠠ ᠶᠢ ᠣᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠦᠨᠡᠨ ᠬᠦ | ᠪᠠᠲᠤᠯᠠᠨ᠎ᠠ᠃ |