ᠦᠪᠡᠷᠳᠡᠬᠡᠨ ᠵᠠᠰᠠᠬᠤ ᠤᠷᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠵᠢᠯᠤᠭᠤᠳᠤᠯᠭ᠎ᠠ ᠪᠠᠷ ᠦᠪᠡᠷᠳᠡᠬᠡᠨ ᠵᠠᠰᠠᠬᠤ | ᠤᠷᠤᠨ ᠤ ᠰᠤᠷᠭᠠᠨ ᠬᠦᠮᠦᠵᠢᠯ ᠤᠨ ᠲᠢᠩᠬᠢᠮ ᠪᠣᠯᠭᠤᠮᠵᠢᠲᠠᠶ ᠰᠤᠳᠤᠯᠬᠤ ᠪᠠᠷ ᠳᠠᠮᠵᠢᠨ᠂ 2019 — 2020 | ᠣᠨ ᠤ ᠬᠤᠶᠠᠳᠤᠭᠠᠷ ᠰᠤᠷᠤᠯᠭ᠎ᠠ ᠶᠢᠨ ᠬᠤᠭᠤᠴᠠᠭᠠᠨ ᠤ ᠪᠥᠬᠦ ᠣᠷᠣᠨ ᠤ ᠦᠨᠳᠦᠷ ᠳᠤᠮᠳᠠᠳᠤ ᠶᠢᠨ | ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢ 2020 ᠣᠨ ᠤ 7 ᠰᠠᠷ᠎ᠠ ᠶᠢᠨ 17 ᠤ ᠡᠳᠦᠷ | ᠶᠠᠪᠤᠭᠳᠠᠭᠤᠯᠬᠤ ᠪᠠᠷ ᠳᠤᠭᠳᠠᠯ᠎ᠠ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠵᠢᠴᠢ ᠰᠢᠯᠭᠠᠯᠲᠠ ᠶᠢᠨ ᠬᠠᠷᠢᠶᠠᠯᠠᠯ ᠢᠶᠠᠨ | ᠨᠥᠬᠦᠨ ᠳᠠᠩᠰᠠᠯᠠᠭᠤᠯᠬᠤ ᠠᠵᠢᠯ 5 ᠰᠠᠷ᠎ᠠ ᠶᠢᠨ 23 ᠤ ᠡᠳᠦᠷ ᠠᠴᠠ 30 ᠤ ᠡᠳᠦᠷ ᠪᠣᠯᠲᠠᠯ᠎ᠠ ᠶᠠᠪᠤᠭᠳᠠᠨ᠎ᠠ᠃ | 7 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 8᠄ 00 — 9᠄ 30 ᠴᠠᠬ ᠲᠤ ᠹᠢᠽᠢᠺ᠂ | 10᠄30 — 12᠄ 00 ᠴᠠᠬ ᠲᠤ ᠦᠵᠡᠯ ᠰᠠᠨᠠᠭ᠎ᠠ ᠤᠯᠤᠰ ᠲᠥᠷᠥ᠂ ᠦᠳᠡ ᠶᠢᠨ ᠬᠤᠶᠢᠨ᠎ᠠ 3᠄ 00 — 4᠄ | 30 ᠴᠠᠬ ᠲᠤ ᠬᠢᠮᠢ ᠶᠢᠨ ᠰᠢᠯᠭᠠᠯᠳᠠ ᠶᠠᠪᠤᠭᠳᠠᠨ᠎ᠠ᠃ | ᠲᠣᠰ ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠡᠲᠡᠭᠡᠳ ᠪᠣᠯ ᠮᠠᠨ ᠤ ᠣᠷᠣᠨ ᠤ ᠦᠨᠳᠦᠷ | ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠠᠷᠢᠶ᠎ᠠ ᠪᠥᠬᠦᠶ ᠥᠨᠳᠥᠷ ᠳᠤᠮᠳᠠᠳᠤ ᠶᠢᠨ | ᠬᠤᠶᠠᠳᠤᠭᠠᠷ ᠣᠨ ᠳᠤ ᠰᠤᠷᠤᠯᠴᠠᠵᠤ ᠪᠠᠶᠢᠭ᠎ᠠ ᠰᠣᠷᠣᠭᠴᠢ ᠵᠢᠴᠢ ᠲᠡᠭᠦᠨ ᠠᠴᠠ ᠪᠤᠰᠤᠳ ᠳᠡᠬᠡᠷᠡᠬᠢ ᠬᠢᠴᠢᠶᠡᠯ | ᠲᠦᠷᠦᠯ ᠤᠨ ᠰᠢᠯᠭᠠᠯᠳᠠ ᠳᠤ ᠬᠢᠷᠢ ᠳᠡᠩᠴᠡᠭᠰᠡᠨ ᠦᠬᠡᠢ ᠳᠠᠭᠢᠵᠤ ᠰᠢᠯᠭᠠᠬᠤ ᠴᠢᠬᠤᠯᠠ ᠲᠠᠢ ᠥᠨᠳᠥᠷ | ᠳᠤᠮᠳᠠᠳᠤ ᠶᠢᠨ ᠭᠤᠷᠪᠠᠳᠤᠭᠠᠷ ᠣᠨ ᠳᠤ ᠰᠤᠷᠤᠯᠴᠠᠵᠤ ᠪᠠᠶᠢᠭ᠎ᠠ ᠰᠣᠷᠣᠭᠴᠢ ᠪᠣᠯᠤᠨ᠎ᠠ᠃ |