ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠧᠨ ᡁᠢ ᠰᠢᠭᠤᠶᠢᠲᠣ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-06-05
        6 ᠰᠠᠷ᠎ᠠ ᠶᠢᠨ 2 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠧᠨ ᡁᠢ ᠰᠢᠭᠤᠶᠢᠲᠤ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠲᠠᠪᠣᠷᠢᠵᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠷᠢᠨ ᠨᠢᠮᠪᠠᠶ ᠠᠵᠢᠯ ᠤᠨ ᠠᠷᠭ᠎ᠠ ᠪᠠᠷᠢᠯ ᠢ ᠰᠠᠶᠢᠲᠤᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃         ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠯᠢᠦ ᠰᠢᠶᠤᠤ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠸᠧᠨ ᠾᠧ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠰᠢᠨ ᠴᠦᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠪᠠᠶ ᠰᠢᠶᠠᠩ ᠭᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠬᠠᠶ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠣᠣ ᠮᠠᠨ ᠢ ᠵᠢᠴᠢ ᠬᠤᠯᠪᠣᠭᠳᠠᠯ ᠪᠥᠬᠦᠶ ᠭᠠᠵᠠᠷ ᠣᠷᠣᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠣᠳᠣᠯᠬᠤ ᠠᠵᠢᠯᠯᠠᠭ᠎ᠠ ᠳᠤ ᠣᠷᠣᠯᠴᠠᠵᠠᠶ᠃         ᠴᠧᠨ ᡁᠢ ᠨᠡᠷ ᠤᠷᠢᠳ ᠬᠤᠵᠢᠳ ᠰᠢᠭᠤᠶᠢᠲᠤ ᠲᠣᠭᠤᠷᠢᠭ ᠤᠨ ᠪᠠᠳᠺᠠᠷ ᠵᠤᠤ ᠪᠠᠯᠭᠠᠰᠤᠨ ᠤ ᠴᠠᠭᠠᠨ ᠭᠤᠤ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠠᠳᠠᠭᠤ ᠶᠢ ᠲᠡᠳᠬᠦᠬᠦ ᠰᠠᠭᠤᠷᠢᠨ ᠭᠠᠵᠠᠷ᠂ ᠲᠡᠦᠬᠡ ᠰᠣᠶᠣᠯ ᠢ ᠬᠠᠮᠠᠭᠠᠯᠠᠬᠤ ᠵᠡᠭᠡᠯᠢ ᠲᠣᠭᠤᠷᠢᠭ᠂ ᠰᠢᠨ᠎ᠡ ᠱᠣ᠋ ᠭᠤᠸᠠᠩ ᠲᠣᠰᠬᠤᠨ ᠤ ᠭᠠᠭ᠋ᠠᠢ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠰᠠᠭᠤᠷᠢ ᠶᠢᠨ ᠭᠠᠵᠠᠷ᠂ ᠵᠤᠭᠠᠴᠠᠯ ᠤᠨ ᠵᠠᠰᠠᠮᠠᠯ ᠵᠠᠮ ᠵᠠᠰᠠᠬᠤ ᠲᠦᠷᠦᠯ ᠵᠦᠢᠯ ᠵᠡᠷᠭᠡ ᠳᠤ ᠬᠦᠷᠪᠡ᠃ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠢ ᠨᠠᠷᠢᠨ ᠣᠶᠢᠯᠠᠭᠠᠨ᠎ᠠ᠃         ᠴᠧᠨ ᡁᠢ ᠴᠢᠬᠤᠯᠠᠴᠢᠯᠠᠭᠰᠠᠨ ᠨᠢ᠄         ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠨᠢᠭᠡᠨᠲᠡ ᠶᠡᠷᠦᠩᠬᠡᠶ ᠳᠠᠭᠠᠷᠢᠯᠲᠠ ᠶᠢᠨ ᠰᠢᠢᠳᠪᠦᠷᠢᠲᠦ ᠳᠠᠶᠢᠯᠠᠯᠳᠤᠭᠠᠨ ᠤ ᠡᠴᠦᠰ ᠤᠨ ᠵᠠᠩᠭᠢᠯᠠᠭ᠎ᠠ ᠶᠢᠨ ᠴᠠᠭ ᠦᠶ᠎ᠡ ᠳᠤ ᠬᠦᠷᠴᠦ᠂ ᠰᠢᠭᠤᠶᠢᠲᠤ ᠲᠣᠭᠤᠷᠢᠭ ᠤᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠠᠩ ᠪᠠᠲᠤ ᠴᠢᠩᠭ᠎ᠠ ᠢᠲᠡᠭᠡᠯ ᠵᠣᠷᠢᠭ ᠪᠠ ᠨᠠᠩ ᠬᠦᠴᠦᠲᠡᠶ ᠠᠷᠭ᠎ᠠ ᠬᠡᠮᠵᠢᠶ᠎ᠡ ᠪᠠᠷ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠬᠠᠷᠠᠯᠲᠠ ᠡᠭᠦᠷᠭᠡ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠵᠢᠭᠰᠠᠭᠠᠨ ᠪᠠᠶᠢᠴᠠᠭᠠᠬᠤ᠂ ᠶᠡᠭᠡ ᠴᠡᠭᠴᠡᠯᠡᠨ ᠵᠠᠰᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠦᠨᠡᠨ ᠳᠡᠭᠡᠷ᠎ᠡ ᠨᠢ ᠬᠠᠪᠰᠤᠷᠤᠨ ᠲᠡᠳᠬᠦᠵᠦ ᠠᠵᠢᠯ ᠣᠯᠭᠤᠬᠤ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠬᠤᠸᠠᠷ ᠬᠠᠳᠬᠤᠬᠤ ᠬᠦᠴᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠣᠶᠠᠯᠳᠣᠭᠤᠯᠣᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠤᠨ᠎ᠠ᠃ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠪᠤᠨ ᠱᠠᠲᠤᠨ ᠤ ᠱᠦᠵᠢ ᠶᠠᠳᠠᠭᠤ ᠶᠢ ᠲᠡᠳᠬᠦᠬᠦ ᠠᠵᠢᠯ ᠢ ᠠᠳᠬᠤᠬᠤ ᠬᠠᠷᠢᠭᠤᠴᠠᠯᠭ᠎ᠠ ᠶᠢ ᠨᠠᠶᠢᠲᠠᠪᠣᠷᠢᠵᠢᠭᠤᠯᠬᠤ᠂ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠶᠠᠳᠠᠭᠤ ᠶᠢ ᠲᠡᠳᠬᠦᠬᠦ ᠺᠠᠳ᠋ᠷᠴᠤᠳ ᠯᠠᠪᠳᠠᠭᠤᠨ ᠲᠣᠭᠲᠠᠭᠤᠨ ᠢᠶᠠᠷ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠬᠡᠷᠡᠭᠲᠡᠢ᠃         ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠪᠠ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠢᠳᠡᠪᠬᠢᠲᠡᠢ ᠬᠦᠴᠦᠨ ᠨᠡᠮᠡᠷᠢᠯᠡᠵᠦ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠣᠭᠠᠨ ᠤ ᠢᠯᠠᠯᠲᠠ ᠶᠢ ᠣᠯᠬᠤ ᠳᠤ ᠤᠯᠤᠰ ᠲᠥᠷᠦ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号