ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠶᠢᠨ ᠬᠢᠨᠠᠨ ᠪᠠᠶᠢᠴᠠᠭᠠᠬᠤ ᠶᠡᠭᠡ ᠠᠩᠭᠢ ᠪᠠᠷᠢᠯᠭ᠎ᠠ ᠶᠢᠨ ᠬᠦᠷᠢᠶᠡᠨ ᠳᠠᠬᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-07-15
        ᠬᠥᠮᠦᠨ ᠬᠡᠷᠡᠭᠯᠡᠬᠦ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠠᠬᠢᠭᠤᠯᠵᠤ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠣᠶᠢᠷ᠎ᠠ ᠶᠢᠨ ᠡᠳᠦᠷ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠦᠳᠡᠯᠮᠦᠷᠢ ᠶᠢ ᠬᠢᠨᠠᠨ ᠪᠠᠶᠢᠴᠠᠭᠠᠬᠤ ᠶᠡᠭᠡ ᠠᠩᠭᠢ ᠬᠠᠷᠢᠶ᠎ᠠ ᠣᠷᠣᠨ ᠤ ᠪᠠᠨ ᠳᠣᠲᠣᠷᠠᠬᠢ ᠪᠠᠷᠢᠯᠭ᠎ᠠ ᠶᠢᠨ  ᠬᠦᠷᠢᠶᠡᠨ ᠳᠠᠬᠢ ᠬᠥᠮᠦᠨ ᠬᠡᠷᠡᠭᠯᠡᠬᠦ ᠨᠢᠭᠡᠴᠢ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠵᠦ᠂ ᠱᠠᠭᠠᠷᠳᠠᠯᠭ᠎ᠠ ᠶᠣᠰᠣᠭᠠᠷ ᠦᠯᠦ ᠪᠡᠶᠡᠯᠡᠭᠦᠯᠦᠭᠰᠡᠨ ᠬᠤᠪᠢᠶᠠᠨ ᠳᠠᠭᠠᠭᠠᠴᠢᠯᠠᠬᠤ 9 ᠺᠣᠮᠫᠠᠨᠢ ᠳᠤ ᠵᠠᠷᠯᠢᠭᠳᠠᠨ ᠵᠠᠯᠠᠷᠠᠭᠤᠯᠤᠭᠤᠯᠬᠤ ᠲᠣᠭᠲᠠᠭᠠᠯ ᠤᠨ ᠪᠢᠴᠢᠭ ᠪᠠᠭᠤᠯᠭᠠᠪᠠ᠃ ᠡᠨᠡ ᠤᠳᠠᠭᠠᠨ ᠤ ᠪᠠᠶᠢᠴᠠᠭᠠᠯᠲᠠ ᠪᠠᠷ ᠳᠠᠮᠵᠢᠨ᠂ ᠪᠠᠷᠢᠯᠭ᠎ᠠ ᠶᠢᠨ ᠬᠦᠷᠢᠶᠡᠨ ᠳᠠᠬᠢ ᠬᠥᠮᠦᠨ ᠬᠡᠷᠡᠭᠯᠡᠬᠦ ᠨᠢᠭᠡᠴᠢ ᠶᠢᠨ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠬᠤ ᠤᠬᠠᠮᠰᠠᠷ ᠪᠠ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠪᠦᠲᠦᠮᠵᠢᠲᠡᠶ ᠲᠦᠯᠬᠢᠨ ᠠᠬᠢᠭᠤᠯᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠪᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号