ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2020/7/15
        7 ᠰᠠᠷ᠎ᠠ ᠶᠢᠨ 8 ᠤ ᠡᠳᠦᠷ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠣᠭᠤᠯᠵᠣ᠂ ᠠᠷᠪᠠᠨ ᠭᠤᠷᠪᠠᠳᠤᠭᠠᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠬᠤᠢ ᠨᠥᠬᠦᠷ ᠬᠤᠷᠠᠯ ᠡᠷᠬᠢᠯᠡᠵᠦ ᠶᠠᠷᠢᠶ᠎ᠠ ᠲᠠᠯᠪᠢᠵᠠᠶ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠠᠩ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠵᠢᠴᠢ ᠬᠤᠯᠪᠣᠭᠠᠴᠢᠨ ᠬᠤᠷᠠᠯ ᠲᠤ ᠣᠷᠣᠯᠴᠠᠪᠠ᠃
        ᠠᠷᠪᠠᠨ ᠭᠤᠷᠪᠠᠳᠤᠭᠠᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠴᠢ 1 ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠵᠡᠷᠭᠡ ᠠᠷᠪᠠᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠴᠠᠭᠳᠠᠨ ᠪᠠᠶᠢᠴᠠᠭᠠᠯᠲᠠ ᠶᠢ ᠥᠷᠨᠢᠭᠦᠯᠪᠡ︔ ᠬᠤᠲᠠ ᠶᠢᠨ ᠨᠠᠮ ᠤᠨ ᠬᠤᠷᠢᠶ᠎ᠠ ᠨᠢᠭᠡᠨ ᠰᠣᠯᠪᠢᠭᠤ ᠴᠠᠭᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠡᠭᠦᠷᠭᠡ ᠴᠢᠳᠠᠪᠤᠷᠢ ᠶᠢ ᠭᠦᠢᠴᠡᠳᠭᠡᠬᠦ ᠰᠠᠯᠠᠭ᠎ᠠ ᠮᠥᠴᠢᠷ ᠲᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠢᠷᠡᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯ ᠥᠷᠨᠢᠭᠦᠯᠵᠡᠶ᠃ ᠡᠭᠦᠨ ᠤ ᠬᠠᠮᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠬᠤᠳᠠᠯᠳᠤᠭᠠᠨ ᠤ ᠶᠠᠪᠣᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠤᠶᠠᠷ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠣᠯᠲᠠ ᠳᠤ ᠡᠩ ᠤᠨ ᠴᠠᠭᠳᠠᠨ ᠪᠠᠶᠢᠴᠠᠭᠠᠯᠲᠠ ᠶᠢ ᠥᠷᠨᠢᠭᠦᠯᠪᠡ᠃ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠲᠤᠰ ᠲᠤᠰ ᠤᠳᠤᠷᠢᠳᠬᠤ ᠳᠤᠭᠤᠶᠢᠯᠠᠩ ᠳᠤ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠪᠠᠷ ᠣᠷᠣᠵᠤ ᠰᠠᠭᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃ ᠨᠡᠶᠢᠲᠡ 59 ᠠᠰᠠᠭᠤᠳᠠᠯ ᠢ ᠢᠯᠡᠷᠡᠭᠦᠯᠵᠦ᠂ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠵᠥᠷᠢᠴᠡᠭᠰᠡᠨ 2 ᠰᠦᠪᠡᠭᠴᠢ ᠶᠢ ᠰᠢᠯᠵᠢᠭᠦᠯᠦᠨ ᠲᠤᠰᠢᠶᠠᠵᠤ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠬᠢᠨᠠᠨ ᠵᠦᠪᠯᠡᠭᠰᠡᠨ ᠪᠥᠭᠡᠳ ᠵᠠᠰᠠᠪᠤᠷᠢ ᠣᠷᠣᠭᠤᠯᠬᠤ ᠰᠠᠨᠠᠯ ᠳᠤᠷᠠᠳᠪᠠ᠃         ᠸᠠᠩ ᠬᠤᠢ ᠲᠣᠰ ᠡᠭᠡᠯᠵᠢ ᠶᠢᠨ ᠴᠠᠭᠳᠠᠨ ᠪᠠᠶᠢᠴᠠᠭᠠᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠠᠵᠢᠯ ᠤᠨ ᠵᠣᠬᠢᠶᠠᠨ ᠪᠠᠶᠢᠭᠤᠯᠤᠯᠲᠠ ᠰᠠᠶᠢᠨ ᠰᠠᠶᠢᠬᠠᠨ᠂ ᠵᠢᠷᠤᠮᠵᠢᠯ ᠲᠠᠢ ᠪᠠᠶᠢᠵᠤ᠂ ᠠᠰᠠᠭᠤᠳᠠᠯ ᠢ ᠢᠯᠡᠷᠡᠭᠦᠯᠦᠭᠰᠡᠨ ᠨᠢ ᠭᠦᠨᠵᠡᠭᠡᠶ᠂ ᠤᠯᠤᠰ ᠲᠥᠷᠥ ᠶᠢᠨ ᠵᠣᠭᠰᠣᠴᠠ ᠪᠠᠨ ᠣᠨᠣᠪᠴᠢᠲᠠᠶ ᠡᠵᠡᠮᠳᠡᠵᠦ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠵᠢᠯ ᠭᠦᠨᠵᠡᠭᠡᠶ ᠪᠥᠭᠡᠳ ᠯᠠᠪᠳᠠᠭᠤᠨ ᠪᠠᠲᠤᠲᠠᠶ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠡᠬᠢᠯᠡᠯᠲᠡ ᠪᠣᠯᠭᠠᠵᠤ᠂ ᠲᠥᠪ ᠬᠤᠷᠢᠶᠠᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢᠨ ︽ᠭᠤᠷᠪᠠᠨ ᠲᠥᠪᠯᠡᠷᠡᠯ︾ ᠲᠠᠢ ᠨᠢᠭᠲᠠ ᠤᠶᠠᠯᠳᠤᠭᠤᠯᠤᠨ ᠴᠠᠭᠳᠠᠨ ᠪᠠᠶᠢᠴᠠᠭᠠᠵᠣ ᠬᠢᠨᠠᠯᠲᠠ ᠲᠠᠯᠪᠢᠬᠤ ᠠᠵᠢᠯ ᠢ ᠴᠢᠩᠬ᠎ᠠ ᠪᠥᠭᠡᠳ ᠪᠣᠳᠠᠲᠠᠶ ᠥᠷᠨᠢᠭᠦᠯᠵᠡᠶ᠃ ᠮᠠᠨ ᠤ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠪᠣᠯᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠤᠶᠠᠷ ᠲᠤᠰᠬᠠᠶ ᠲᠣᠭᠤᠷᠢᠨ ᠪᠠᠶᠢᠴᠠᠭᠠᠯᠲᠠ ᠵᠢᠴᠢ 2 ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠡᠶ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠡᠷᠢᠵᠦ ᠭᠠᠷᠭᠠᠵᠤ᠂ ᠨᠢᠭᠡ ᠪᠦᠯᠦᠭ ᠭᠤᠤᠯᠳᠠᠯᠭ᠎ᠠ ᠲᠠᠢ ᠬᠥᠮᠦᠨ᠂ ᠭᠤᠤᠯᠳᠠᠯᠭ᠎ᠠ ᠲᠠᠢ ᠶᠠᠪᠤᠳᠠᠯ ᠲᠠᠢ ᠬᠤᠯᠪᠣᠭᠳᠠᠭᠰᠠᠨ ᠠᠰᠠᠭᠤᠳᠠᠯ ᠤᠨ ᠰᠦᠪᠡᠭᠴᠢ ᠶᠢ ᠢᠯᠡᠷᠡᠭᠦᠯᠵᠦ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠳᠠᠷᠤᠯᠲᠠ ᠶᠢ ᠳᠠᠮᠵᠢᠭᠤᠯᠵᠤ᠂ ᠰᠦᠷᠳᠡᠭᠦᠯᠦᠯ ᠢ ᠪᠦᠷᠢᠯᠳᠦᠭᠦᠯᠵᠦ᠂ ᠴᠠᠭᠳᠠᠨ ᠪᠠᠶᠢᠴᠠᠭᠠᠬᠤ ᠤᠯᠤᠰ ᠲᠥᠷᠥ ᠶᠢᠨ ᠪᠠᠶᠢᠴᠠᠭᠠᠯᠲᠠ ᠶᠢᠨ  ᠦᠢᠯᠡᠳᠦᠯ ᠢ ᠪᠠᠳᠠᠷᠠᠭᠤᠯᠵᠠᠶ᠃ ᠲᠡᠷᠡ ᠴᠢᠬᠤᠯᠠᠴᠢᠯᠠᠭᠰᠠᠨ ᠨᠢ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠳᠤᠷᠢᠳᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠱᠠᠭᠠᠷᠳᠠᠯᠭ᠎ᠠ ᠲᠠᠢ ᠤᠶᠠᠯᠳᠤᠭᠤᠯᠤᠨ ᠴᠠᠭᠳᠠᠨ ᠪᠠᠶᠢᠴᠠᠭᠠᠭᠰᠠᠨ ᠮᠡᠳᠡᠭᠦᠯᠦᠯᠲᠡ ᠶᠢ ᠱᠠᠯᠠᠪᠳᠠᠨ ᠵᠠᠰᠠᠵᠤ ᠲᠡᠭᠦᠯᠳᠡᠷᠵᠢᠭᠦᠯᠬᠦ ᠬᠡᠷᠡᠭᠲᠡᠶ᠃ ᠠᠰᠠᠭᠤᠳᠠᠯ ᠤᠨ ᠰᠦᠪᠡᠭᠴᠢ ᠶᠢ ᠨᠠᠷᠢᠯᠢᠭ ᠣᠨᠣᠴᠠᠲᠠᠶ ᠪᠠᠷ ᠡᠮᠬᠢᠯᠡᠵᠦ᠂ ᠴᠠᠭᠳᠠᠨ ᠪᠠᠶᠢᠴᠠᠭᠠᠵᠤ ᠬᠠᠷᠢᠭᠤ ᠳᠣᠰᠬᠠᠬᠤ ᠶᠢ ᠲᠥᠪ ᠴᠢᠩᠭ᠎ᠠ ᠪᠠᠷ ᠬᠢᠵᠦ᠂ ︽ᠰᠡᠭᠦᠯᠴᠢ ᠶᠢᠨ ᠬᠠᠭᠠᠰ︾ ᠵᠣᠬᠢᠶᠠᠯ ᠢ ᠨᠠᠷᠢᠯᠢᠭ ᠪᠣᠳᠠᠲᠠᠶ ᠬᠢᠨ᠎ᠠ︔  ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠲᠤᠰ ᠡᠭᠡᠯᠵᠢ ᠶᠢᠨ ᠴᠠᠭᠳᠠᠨ ᠪᠠᠶᠢᠴᠠᠭᠠᠭᠰᠠᠨ ᠪᠠᠶᠢᠳᠠᠯ ᠢ ᠬᠢᠨᠠᠮᠠᠭᠠᠶ ᠬᠤᠷᠢᠶᠠᠩᠭᠤᠶᠢᠯᠠᠵᠤ᠂ ᠶᠡᠷᠦᠩᠬᠡᠶᠢᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠪᠦᠷᠢᠯᠳᠦᠭᠦᠯᠵᠦ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠰᠠᠨᠠᠯ ᠰᠠᠨᠠᠭᠤᠯᠭ᠎ᠠ ᠳᠤᠷᠠᠳᠬᠤ ᠬᠠᠨᠳᠤᠯᠭᠠᠲᠤ ᠴᠢᠨᠠᠷ ᠪᠠ ᠬᠡᠷᠡᠭᠵᠢᠭᠦᠯᠬᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠥᠭᠡᠷᠡᠴᠢᠯᠡᠯᠲᠡ ᠶᠢ ᠠᠬᠢᠭᠤᠯᠵᠤ ᠬᠥᠭᠵᠢᠯᠲᠡ ᠶᠢ ᠠᠬᠢᠭᠤᠯᠬᠤ ᠵᠥᠪᠯᠡᠭᠴᠢ ᠲᠤᠰᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠴᠠᠭ ᠲᠤᠬᠠᠶ ᠳᠤᠨᠢ ᠴᠠᠭᠳᠠᠨ ᠪᠠᠶᠢᠴᠠᠭᠠᠬᠤ ᠠᠯᠪᠠᠨ ᠭᠡᠷ᠂ ᠴᠠᠭᠳᠠᠨ ᠪᠠᠶᠢᠴᠠᠭᠠᠬᠤ ᠳᠤᠭᠤᠶᠢᠯᠠᠩ ᠲᠠᠢ ᠵᠣᠯᠭᠠᠯᠳᠤᠵᠤ᠂ ᠴᠠᠭᠳᠠᠨ ᠪᠠᠶᠢᠴᠠᠭᠠᠬᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠡᠳᠦᠷ ᠲᠤᠲᠤᠮ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠬᠢᠯᠭ᠎ᠠ ᠪᠠᠲᠤ ᠶᠢᠨ ᠬᠢᠨᠠᠯᠲᠠ ᠲᠠᠯᠪᠢᠯᠲᠠ ᠬᠢᠭᠡᠳ ᠴᠠᠭᠳᠠᠨ ᠪᠠᠶᠢᠴᠠᠭᠠᠬᠤ ᠬᠢᠨᠠᠯᠲᠠ ᠲᠠᠯᠪᠢᠯᠲᠠ ᠶᠢ ᠣᠷᠭᠠᠨᠢᠭ ᠢᠶᠠᠷ ᠠᠭᠤᠰᠤᠯᠴᠠᠭᠤᠯᠤᠨ᠂ ᠵᠠᠪᠰᠠᠷ ᠥᠬᠡᠶ ᠵᠣᠯᠭᠠᠭᠤᠯᠬᠤ ᠶᠢ ᠠᠬᠢᠭᠤᠯᠤᠨ᠎ᠠ᠃         ᠵᠠᠩ ᠬᠠᠢ ᠴᠢᠬᠤᠯᠠᠴᠢᠯᠠᠭᠰᠠᠨ ᠨᠢ᠂ ᠴᠠᠭᠳᠠᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠪᠠ ᠬᠡᠷᠡᠭᠯᠡᠬᠦ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠤᠳᠤᠷᠢᠳᠬᠤ ᠪᠠᠭ᠂ ᠤᠳᠤᠷᠢᠳᠬᠤ ᠺᠠᠳ᠋ᠷ ᠢ ᠦᠨᠡᠯᠡᠬᠦ ᠪᠠ ᠢᠯᠡᠷᠡᠭᠦᠯᠦᠭᠰᠡᠨ ᠠᠰᠠᠭᠤᠳᠠᠯ ᠢ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠤᠯᠤᠰ ᠲᠥᠷᠥ ᠶᠢᠨ ᠪᠠᠶᠢᠭᠤᠯᠤᠯᠲᠠ ᠶᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠳᠤ ᠭᠦᠢᠴᠡᠳ ᠣᠷᠣᠭᠤᠯᠵᠠᠶ᠃ ᠵᠣᠬᠢᠶᠠᠨ ᠪᠠᠶᠢᠭᠤᠯᠬᠤ ᠠᠵᠢᠯ ᠪᠠ ᠨᠠᠮ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠳᠤᠮᠳᠠ ᠴᠢᠬᠤᠯᠠ ᠯᠠᠪᠯᠠᠯᠲᠠ ᠪᠣᠯᠭᠠᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠭᠰᠠᠨ ᠨᠠᠮ ᠤᠨ ᠪᠠᠶᠢᠭᠤᠯᠤᠯᠲᠠ ᠶᠢᠨ ᠠᠵᠢᠯ᠂ ᠬᠥᠮᠦᠨ ᠰᠣᠩᠭᠤᠵᠤ ᠬᠥᠮᠦᠨ ᠬᠡᠷᠡᠭᠯᠡᠬᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠶ ᠢᠯᠭᠠᠨ ᠲᠣᠳᠣᠯᠠᠵᠤ᠂ ᠴᠢᠩᠭ᠎ᠠ ᠰᠢᠢᠳᠪᠦᠷᠢᠯᠡᠬᠦ ᠬᠡᠷᠡᠭᠲᠡᠶ᠃ ᠲᠡᠷᠡᠴᠢᠯᠡᠨ ᠬᠤᠶᠢᠰᠢᠳᠠ ᠴᠡᠭᠴᠡᠯᠡᠨ ᠰᠠᠶᠢᠵᠢᠷᠠᠭᠤᠯᠬᠤ ᠳᠤᠮᠳᠠ ᠡᠳᠦᠷ ᠳᠤᠳᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号