ᠡᠨᠡ ᠲᠦᠷᠦᠯ ᠵᠦᠢᠯ ᠰᠢᠭᠤᠶᠢᠲᠣ ᠲᠣᠭᠤᠷᠢᠭ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠪᠠᠶᠢᠬᠤ ᠦᠭᠡᠢ ᠶᠢ ᠨᠦᠬᠦᠪᠦᠷᠢᠯᠡᠪᠡ
ᠨᠡᠶᠢᠲᠡᠯᠡᠭᠰᠡᠨ ᠴᠠᠭ᠄
2020/7/29
       ᠣᠶᠢᠷ᠎ᠠ ᠳᠤ᠂ ᠰᠢᠭᠤᠶᠢᠲᠤ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠨᠢ ᠭᠤᠤᠯ ᠴᠣᠭᠴᠠ ᠶᠢᠨ ᠰᠢᠯᠭᠠᠨ ᠪᠠᠶᠢᠴᠠᠭᠠᠯᠲᠠ ᠳᠤ ᠤᠷᠤᠭᠰᠢᠲᠠᠶ ᠬᠢᠷᠢ ᠲᠡᠩᠴᠡᠪᠡ᠃ ᠡᠭᠦᠨ ᠠᠴᠠ ᠡᠬᠢᠯᠡᠨ᠂ ᠡᠨᠡ ᠬᠦ ᠰᠢᠭᠤᠶᠢᠲᠤ ᠲᠣᠭᠤᠷᠢᠭ ᠤᠨ 2020 ᠣᠨ ᠳᠤ ᠭᠤᠤᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠲᠥᠷᠥᠯ ᠵᠦᠢᠯ ᠢ ᠲᠦᠷᠭᠡᠨ ᠵᠠᠮ ᠳᠤ ᠣᠷᠣᠭᠤᠯᠪᠠ᠃
        ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠣ ᠨᠡᠬᠡᠬᠡᠨ ᠬᠦᠭᠵᠢᠭᠦᠯᠬᠦ ᠠᠵᠦ ᠦᠢᠯᠡᠰ ᠤᠨ ᠬᠢᠵᠠᠭᠠᠷᠲᠤ ᠺᠣᠮᠫᠠᠨᠢ ᠠᠴᠠ ᠬᠠᠷᠢᠭᠤᠴᠠᠨ ᠬᠡᠷᠡᠭᠵᠢᠭᠦᠯᠦᠭᠰᠡᠨ ᠰᠢᠭᠤᠶᠢᠲᠤ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢᠳᠤᠨᠤᠨ ᠠᠵᠢᠯ ᠢᠶᠠᠨ ᠡᠬᠢᠯᠡᠭᠦᠯᠵᠡᠶ ᠃ ᠡᠨᠡ ᠵᠢᠯ ᠤᠨ ᠡᠬᠢᠨ ᠳᠤ ᠬᠢᠵᠢᠭ ᠤᠨ ᠨᠥᠯᠥᠭᠡ ᠪᠠᠷ ᠨᠢᠭᠡ ᠦᠶ᠎ᠡ ᠠᠵᠢᠯ ᠵᠣᠭᠰᠣᠵᠤ᠂ 3 ᠰᠠᠷ᠎ᠠ ᠶᠢᠨ 15 ᠤ ᠡᠳᠦᠷ ᠵᠢᠩᠬᠢᠨᠢ ᠪᠠᠷ ᠠᠵᠢᠯ ᠢᠶᠠᠨ ᠰᠡᠷᠭᠦᠭᠡᠪᠡ᠃ 7 ᠰᠠᠷ᠎ᠠ ᠶᠢᠨ 14 ᠤ ᠡᠳᠦᠷ ᠤᠨ ᠦᠳᠡ ᠡᠮᠦᠨ᠎ᠡ᠂ ᠰᠢᠯᠭᠠᠨ ᠠᠪᠬᠤ ᠳᠡᠰ ᠳᠠᠷᠠᠭᠠᠯᠠᠯ ᠶᠣᠰᠣᠭᠠᠷ᠂ ᠰᠢᠭᠤᠶᠢᠲᠤ ᠲᠣᠭᠤᠷᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡᠨ ᠤ ᠠᠵᠢᠯᠲᠠᠨ ᠤ ᠬᠢᠨᠠᠯᠲᠠ ᠳᠣᠤᠷ᠎ᠠ᠂ ᠬᠢᠨᠠᠨ ᠬᠠᠮᠢᠶᠠᠷᠬᠤ ᠺᠣᠮᠫᠠᠨᠢ ᠠᠴᠠ ᠲᠠᠪᠤᠨ ᠲᠠᠯ᠎ᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠶᠢ ᠵᠣᠬᠢᠶᠠᠨ ᠪᠠᠶᠢᠭᠤᠯᠵᠣ᠂ ᠪᠣᠳᠠᠲᠤ ᠴᠣᠭᠴᠠ ᠶᠢᠨ ᠪᠦᠲᠦᠴᠡ᠂ ᠲᠥᠷᠥᠭᠳᠡᠯ᠂ ᠴᠣᠬᠤᠶ ᠲᠦᠷᠬᠢᠭᠰᠡᠨ ᠦᠯᠢᠭᠡᠷ ᠬᠠᠪᠲᠠᠰᠤ ᠶᠢᠨ ᠲᠠᠰᠤᠭ᠂ ᠵᠥᠭᠡᠯᠡᠨ ᠲᠣᠨᠤᠭ ᠤᠨ ᠮᠠᠲ᠋ᠧᠷᠢᠶᠠᠯ ᠵᠡᠷᠭᠡ ᠳᠤ ᠨᠠᠷᠢᠨ ᠪᠠᠶᠢᠴᠠᠭᠠᠯᠲᠠ ᠬᠢᠨ᠎ᠡ᠃ ᠢᠨᠵᠧᠨᠧᠷᠢᠩ ᠨᠢ ᠵᠢᠷᠤᠭ ᠲᠥᠯᠥᠪᠯᠡᠭᠡ ᠵᠢᠴᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠪᠠᠷᠢᠯᠭ᠎ᠠ ᠶᠢᠨ ᠶᠠᠰᠤ ᠴᠢᠨᠠᠷ ᠲᠤ ᠨᠡᠯᠢᠶᠡᠳ ᠬᠠᠨᠤᠮᠵᠢᠲᠠᠶ ᠪᠠᠶᠢᠵᠤ᠂ ᠭᠤᠤᠯ ᠴᠣᠭᠴᠠ ᠶᠢᠨ ᠰᠢᠯᠭᠠᠨ ᠬᠤᠷᠢᠶᠠᠬᠤ ᠶᠢ ᠪᠠᠲᠤᠯᠠᠬᠤ ᠪᠠᠷ ᠰᠠᠨᠠᠯ ᠨᠢᠭᠡᠲᠡᠶ ᠵᠦᠪᠰᠢᠶᠡᠷᠡᠪᠡ᠃
        ᠵᠠᠯᠭᠠᠭᠠᠳ ᠲᠥᠷᠥᠯ ᠵᠦᠢᠯ ᠨᠢ ᠵᠠᠰᠠᠵᠤ ᠴᠢᠮᠡᠭᠯᠡᠬᠦ᠂ ᠭᠠᠳᠠᠷ ᠲᠣᠤᠷ ᠤᠨ ᠬᠤᠭᠤᠯᠠᠶ ᠤᠲᠠᠰᠤ᠂ ᠬᠠᠲᠠᠭᠤᠷᠠᠭᠤᠯᠤᠨ ᠨᠣᠭᠤᠭᠠᠷᠠᠭᠤᠯᠬᠤ ᠵᠡᠷᠭᠡ ᠪᠠᠷᠢᠯᠭ᠎ᠠ ᠶᠢᠨ ᠱᠠᠲᠤᠨ ᠳᠤ ᠣᠷᠣᠬᠤ ᠪᠣᠯᠤᠨ᠎ᠠ᠃
        ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠭᠠᠯ ᠤᠨᠲᠠᠷᠠᠭᠠᠬᠤ ᠥᠷᠲᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠰᠢᠭᠤᠶᠢᠲᠤ ᠲᠣᠭᠤᠷᠢᠭ ᠤᠨ ᠭᠠᠯ ᠤᠨᠲᠠᠷᠠᠭᠠᠨ ᠪᠠᠴᠢᠮ ᠪᠠᠶᠢᠳᠠᠯ ᠢ ᠠᠷᠭᠠᠴᠠᠭᠠᠬᠤ ᠲᠥᠬᠦᠭᠡᠷᠦᠮᠵᠢ ᠦᠭᠡᠶ ᠬᠤᠭᠤᠰᠣᠨ ᠢ ᠨᠥᠬᠦᠪᠥᠷᠢᠯᠡᠵᠦ᠂ ᠰᠢᠭᠤᠶᠢᠲᠤ ᠲᠣᠭᠤᠷᠢᠭ ᠤᠨ ᠭᠠᠯ ᠤᠨᠲᠠᠷᠠᠭᠠᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠤᠨ᠎ᠠ᠃ ᠰᠢᠭᠤᠶᠢᠲᠤ ᠲᠣᠭᠤᠷᠢᠭ ᠤᠨ ᠠᠷᠠᠳ ᠲᠦᠮᠡᠨ ᠳᠤ ᠨᠡᠩ ᠰᠠᠶᠢᠲᠤᠷ ᠦᠢᠯᠡᠴᠢᠯᠡᠵᠦ᠂ ᠰᠢᠭᠤᠶᠢᠲᠤ ᠲᠣᠭᠤᠷᠢᠭ ᠤᠨ ᠠᠵᠤ ᠠᠬᠤᠢ ᠶᠢᠨ ᠲᠦᠷᠭᠡᠨ ᠵᠠᠮ ᠳᠤ ᠣᠷᠣᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号