ᠳ᠋ᠠ ᠹᠡ ᠵᠡᠭᠡᠯᠢ ᠭᠤᠳᠤᠮᠵᠢ ᠶᠢᠨ ᠬᠢᠨ ᠴᠡᠷᠢᠭ ᠠᠴᠠ ᠬᠠᠯᠠᠭᠳᠠᠭᠰᠠᠳ ᠢ ᠲᠣᠭᠤᠷᠢᠨ ᠦᠵᠡᠵᠦ ᠬᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2020-07-08
        ᠣᠶᠢᠷ᠎ᠠ ᠳᠤ᠂ ᠳ᠋ᠠ ᠹᠠ ᠵᠡᠭᠡᠯᠢ ᠭᠤᠳᠤᠮᠵᠢ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠠᠴᠠ ᠬᠠᠷᠢᠶᠠᠲᠤ ᠣᠷᠣᠨ ᠤ ᠳᠣᠲᠣᠷᠠᠬᠢ ᠴᠡᠷᠢᠭ ᠤᠨ ᠠᠯᠪᠠ ᠠᠴᠠ ᠬᠠᠯᠠᠭᠳᠠᠭᠰᠠᠳ ᠢ ᠰᠤᠷᠪᠤᠯᠵᠢᠯᠠᠨ ᠬᠠᠷᠢᠯᠴᠠᠬᠤ ᠠᠵᠢᠯᠯᠠᠭ᠎ᠠ ᠥᠷᠨᠢᠭᠦᠯᠪᠡ᠃ ᠰᠤᠷᠪᠤᠯᠵᠢᠯᠠᠬᠤ ᠶᠠᠪᠤᠴᠠ ᠳᠤ᠂ ᠴᠡᠷᠢᠭ ᠠᠴᠠ ᠬᠠᠯᠠᠭᠳᠠᠭᠰᠠᠳ ᠤᠨ ᠬᠤᠪᠢ ᠬᠥᠮᠦᠨ ᠤ ᠮᠡᠳᠡᠭᠡ ᠵᠠᠩᠭᠢ᠂ ᠪᠡᠶ᠎ᠡ ᠮᠠᠬᠠᠪᠣᠳ ᠤᠨ ᠪᠠᠶᠢᠳᠠᠯ᠂ ᠠᠰᠠᠷᠠᠮᠵᠢ ᠶᠢᠨ ᠮᠥᠩᠭᠦ ᠣᠯᠭᠤᠬᠤ᠂ ᠬᠠᠷᠠᠭᠠᠯᠵᠠᠨ ᠲᠥᠪᠬᠢᠨᠡᠭᠦᠯᠬᠦ ᠲᠥᠷᠥ ᠶᠢᠨ ᠪᠣᠳᠣᠯᠭ᠎ᠠ᠂ ᠠᠵᠢᠯ ᠣᠯᠤᠭᠰᠠᠨ ᠪᠠᠶᠢᠳᠠᠯ᠂ ᠬᠡᠷ ᠪᠦᠯᠢ ᠶᠢᠨ ᠪᠠᠶᠢᠳᠠᠯ ᠵᠢᠴᠢ ᠪᠣᠳᠠᠲᠠᠶ ᠬᠦᠴᠢᠷᠳᠡᠯ ᠢ ᠡᠷᠦᠬᠡ ᠳᠠᠷᠠᠭᠠᠯᠠᠨ ᠣᠶᠢᠯᠠᠭᠠᠬᠤ ᠶᠢᠨ ᠬᠠᠮᠲᠤ ᠴᠠᠭ ᠲᠤᠬᠠᠶ ᠳᠤᠨᠢ ᠬᠠᠷᠢᠭᠤ ᠲᠤᠰᠬᠠᠵᠤ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠲᠣᠰ ᠤᠳᠠᠭᠠᠨ ᠤ ᠰᠤᠷᠪᠤᠯᠵᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠤᠨ ᠦᠨᠳᠦᠰᠦᠨ ᠪᠠᠶᠢᠳᠠᠯ ᠢ ᠨᠠᠩ ᠭᠦᠨᠵᠡᠭᠡᠶ ᠣᠶᠢᠯᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号