ᠰᠢᠭᠤᠶᠢᠲᠤ ᠲᠣᠭᠤᠷᠢᠭ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-09
        ᠣᠶᠢᠷ᠎ᠠ ᠳᠤ᠂ ᠰᠢᠭᠤᠶᠢᠲᠤ ᠲᠣᠭᠤᠷᠢᠭ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠠᠵᠢᠯ ᠤᠨ ᠬᠤᠷᠠᠯ ᠬᠢᠵᠡᠶ᠃ ᠪᠤᠭᠤᠲᠤ ᠬᠤᠲᠠ ᠶᠢᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠠᠶ᠂ ᠪᠦᠬᠦ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠯᠲᠠ ᠶᠢᠨ ᠪᠠᠶᠢᠳᠠᠯ ᠢ ᠮᠡᠳᠡᠭᠳᠡᠨ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
        ᠲᠣᠭᠤᠷᠢᠭ ᠤᠨ ᠳᠡᠳ᠋ ᠳᠠᠷᠤᠭ᠎ᠠ ᠯᠢ ᠰᠢᠤ ᠹᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠪᠦᠷᠢᠯᠳᠦᠬᠦᠨ ᠨᠢᠭᠡᠴᠡ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠰᠤᠮᠤ ᠪᠠᠯᠭᠠᠰᠤ᠂ ᠵᠡᠭᠡᠯᠢ ᠭᠤᠲᠣᠮᠵᠢ᠂ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ 70 ᠭᠠᠷᠤᠶ ᠬᠥᠮᠦᠨ ᠬᠤᠷᠠᠯ ᠳᠤ ᠣᠷᠣᠯᠴᠠᠵᠠᠶ᠃         ᠬᠤᠷᠠᠯ ᠳᠡᠭᠡᠷ᠎ᠡ᠂ ᠲᠣᠭᠤᠷᠢᠭ ᠤᠨ ᠬᠤᠲᠠ ᠬᠥᠳᠡᠭᠡ ᠶᠢᠨ ᠪᠠᠶᠢᠴᠠᠭᠠᠯᠲᠠ ᠶᠢᠨ ᠠᠩᠭᠢ ᠶᠢᠨ ᠬᠠᠷᠢᠭᠤᠴᠠᠯᠭᠠᠲᠠᠨ ᠠᠴᠠ ᠪᠦᠬᠦ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠨᠡᠪᠲᠡᠷᠡᠭᠦᠯᠦᠭᠰᠡᠨ ᠤ ᠬᠠᠮᠲᠤ ᠳᠠᠷᠠᠭ᠎ᠠ ᠠᠯᠬᠤᠮ ᠤᠨ ᠨᠡᠶᠢᠳᠡᠮ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠵᠢᠯ ᠳᠤ  ᠪᠠᠶᠢᠷᠢᠯᠠᠭᠤᠯᠣᠯᠲᠠ ᠶᠢᠨ ᠵᠠᠬᠢᠷᠭ᠎ᠠ ᠬᠢᠵᠡᠶ᠃ ᠳ᠋ᠠ ᠹᠠ ᠵᠡᠭᠡᠯᠢ ᠭᠤᠳᠤᠮᠵᠢ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠲᠤᠷᠰᠢᠯᠲᠠ ᠶᠢᠨ ᠠᠵᠢᠯ ᠤᠨ ᠲᠤᠬᠠᠶ ᠲᠣᠷᠰᠢᠯᠭ᠎ᠠ ᠶᠢᠨ ᠲᠠᠨᠢᠯᠴᠠᠭᠤᠯᠭ᠎ᠠ ᠬᠢᠵᠦ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠡᠷᠦᠬᠡ ᠠᠮᠠ ᠶᠢᠨ ᠳᠠᠩᠰᠠ ᠶᠢ ᠴᠡᠭᠴᠡᠯᠡᠬᠦ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃
        ᠯᠢ ᠰᠢᠤ ᠹᠠᠩ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠣ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠳᠡᠮ ᠪᠠᠶᠢᠴᠠᠭᠠᠯᠲᠠ ᠶᠢᠨ ᠣᠳᠣᠷᠢᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠨᠢᠭᠡᠳᠦᠯᠲᠡᠶ ᠵᠢᠯᠣᠭᠤᠳᠬᠤ ᠪᠠᠶᠢᠷᠢᠯᠠᠭᠤᠯᠣᠯᠲᠠ ᠶᠢ ᠴᠢᠩᠭ᠎ᠠ ᠵᠢᠷᠤᠮᠯᠠᠨ᠎ᠠ᠃ ᠲᠣᠭᠤᠷᠢᠭ ᠤᠨ ᠨᠠᠮ ᠤᠨ ᠬᠤᠷᠢᠶ᠎ᠠ᠂  ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠢ ᠠᠵᠢᠯᠯᠠᠭ᠎ᠠ ᠠᠪᠴᠤ᠂ ᠠᠯᠬᠤᠴᠠ ᠪᠠᠨ ᠨᠢᠭᠡᠳᠬᠡᠵᠦ᠂ ᠥᠨᠳᠥᠷ ᠪᠦᠲᠦᠮᠵᠢᠲᠡᠶ ᠪᠠᠷ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠦᠬᠦ ᠲᠣᠭᠤᠷᠢᠭ᠂ ᠰᠤᠮᠤ ᠪᠠᠯᠭᠠᠰᠤ᠂ ᠵᠡᠭᠡᠯᠢ ᠭᠤᠳᠤᠮᠵᠢ᠂ ᠡᠯ᠎ᠡ ᠬᠦᠷᠢᠶᠡᠯᠡᠩ ᠲᠣᠭᠤᠷᠢᠭ᠂ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠠᠵᠢᠯ ᠤᠨ ᠬᠦᠴᠦᠨ ᠢ ᠦᠨᠡᠨᠬᠦ ᠪᠠᠬᠢᠵᠢᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠤ ᠭᠠᠵᠠᠷ ᠲᠤᠨᠢ ᠨᠠᠶᠢᠲᠠᠪᠣᠷᠢᠵᠢᠭᠤᠯᠣᠨ᠎ᠠ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠴᠠᠭᠤᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠨ᠂ ᠲᠣᠭᠤᠷᠢᠭ ᠤᠨ ᠬᠥᠮᠦᠰ ᠤᠨ ᠨᠡᠶᠢᠳᠡᠮ ᠬᠡᠷᠡᠭᠵᠢᠭᠦᠯᠬᠦ ᠠᠯᠪᠠᠨ ᠭᠡᠷ ᠨᠢ ᠲᠥᠪ ᠤᠨ ᠦᠢᠯᠡᠳᠦᠯ ᠪᠣᠯᠤᠨ ᠲᠣᠬᠢᠷᠠᠭᠤᠯᠣᠯᠲᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ᠪᠦᠬᠦ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠥᠨᠳᠥᠷ ᠦᠷ᠎ᠡ ᠪᠦᠲᠦᠮᠵᠢᠲᠡᠶ᠂ ᠴᠢᠨᠠᠷ ᠰᠠᠶᠢᠲᠠᠶ ᠲᠦᠯᠬᠢᠨ ᠠᠬᠢᠭᠤᠯᠬᠤ ᠬᠡᠷᠡᠭᠲᠡᠶ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号