ᠵᠢᠪᠬᠤᠯᠠᠩᠲᠤ ᠰᠤᠮᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2020-08-11
   8 ᠰᠠᠷ᠎ᠠ ᠶᠢᠨ 7 ᠤ ᠦᠳᠡ ᠬᠤᠶᠢᠨ᠎ᠠ᠂ ᠵᠢᠪᠬᠤᠯᠠᠩᠲᠤ ᠰᠤᠮᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠴᠢᠮ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠪᠠᠶᠠᠨᠪᠠᠭᠠᠲᠤᠷ ᠬᠤᠷᠠᠯ ᠡᠷᠭᠢᠯᠡᠪᠡ᠃ ᠰᠤᠮᠤᠨ ᠤ ᠳ᠋ᠠ ᠶᠦᠨ ᠴᠧᠩ ᠽᠧ᠂ ᠳᠡᠳ᠋ ᠰᠤᠮᠤᠨ ᠤ ᠳ᠋ᠠ ᠯᠢ ᠰᠦᠩ ᠲᠢᠩ ᠵᠢᠴᠢ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠶᠦᠨ ᠴᠧᠩ ᠽᠧ ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 8 ᠰᠠᠷ᠎ᠠ ᠶᠢᠨ 6 ᠤ ᠡᠳᠦᠷ ︽ᠳᠠᠷᠬᠠᠨ ᠮᠤᠤᠮᠢᠩᠭᠠᠨ ᠬᠤᠰᠢᠭᠤᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠤᠷᠢᠳᠴᠢᠯᠠᠨ  ᠰᠡᠷᠭᠦᠮᠵᠯᠡᠬᠦ ᠲᠤᠬᠠᠶ ᠵᠠᠷᠯᠠᠯ︾ ᠢ ᠨᠡᠶᠢᠲᠡᠯᠡᠵᠦ᠂ ᠬᠢᠵᠢᠭ ᠤᠨ ᠪᠠᠢᠳᠠᠯ ᠨᠢ ᠳᠠᠷᠬᠠᠨ ᠮᠤᠤᠮᠢᠩᠭᠠᠨ ᠬᠤᠰᠢᠭᠤᠨ ᠤ ᠱᠢ ᠪᠦᠦ ᠪᠠᠯᠭᠠᠰᠤᠨ ᠤ ᠥᠨᠳᠥᠷ ᠪᠤᠯᠤᠩ ᠲᠣᠰᠬᠤᠨ ᠤ ᠰᠦ ᠵᠢᠶ ᠰᠢᠨ ᠲᠣᠰᠬᠤᠨ ᠳᠤ ᠦᠬᠦᠭᠰᠡᠨ ᠡᠪᠡᠳᠴᠢᠨ ᠤ ᠨᠢᠭᠡ ᠵᠢᠱᠢᠶ᠎ᠡ ᠪᠣᠯᠤᠨ᠎ᠠ᠃ ᠡᠪᠡᠳᠴᠢᠲᠡᠨ ᠪᠣᠯ ᠭᠡᠳᠡᠰᠦᠨ ᠤ ᠬᠡᠯᠪᠡᠷᠢ ᠶᠢᠨ ᠬᠤᠯᠤᠭᠠᠨ᠎ᠠ ᠶᠢᠨ ᠬᠢᠵᠢᠭ ᠮᠥᠨ ᠭᠡᠵᠦ ᠮᠠᠭᠠᠳᠯᠠᠨ ᠲᠣᠭᠲᠠᠭᠠᠨ᠎ᠠ᠃    ᠪᠠᠶᠠᠨᠪᠠᠭᠠᠲᠤᠷ ᠴᠢᠬᠤᠯᠠᠴᠢᠯᠠᠭᠰᠠᠨ ᠨᠢ᠂ ᠪᠦᠬᠦ ᠰᠤᠮᠤᠨ ᠤ ᠺᠠᠳ᠋ᠷ ᠠᠵᠢᠯᠲᠠᠨ ᠠᠵᠢᠯᠴᠢᠳ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠡᠮᠦᠨ᠎ᠡ ᠨᠢᠭᠡ ᠱᠠᠲᠤᠨ ᠤ ᠤᠳᠤᠷᠢᠳᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣ ᠭᠠᠷ᠂ ᠬᠢᠵᠢᠭᠲᠦ ᠣᠷᠣᠨ ᠠᠴᠠ ᠢᠷᠡᠭᠰᠡᠨ ᠬᠥᠮᠦᠰ ᠢ ᠴᠢᠩᠬ᠎ᠠ ᠪᠠᠶᠢᠴᠠᠭᠠᠵᠤ ᠬᠢᠨᠠᠨ ᠡᠵᠡᠮᠳᠡᠨ᠎ᠡ᠃ ᠡᠯ᠎ᠡ ᠭᠠᠴᠠᠭ᠎ᠠ ᠡᠷᠬᠡᠪᠰᠢ ︽ᠭᠤᠷᠪᠠ ᠦᠭᠡᠢ ᠭᠤᠷᠪᠠ ᠮᠡᠳᠡᠭᠦᠯᠬᠦ︾ ᠶᠢ ᠴᠢᠩᠭ᠎ᠠ ᠪᠡᠶᠡᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠤᠬᠠᠭᠤᠯᠭ᠎ᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠡᠮᠨᠡᠭᠦᠯᠬᠦ ᠶᠢ ᠪᠡᠶᠡᠯᠡᠭᠦᠯᠵᠦ᠂ ᠴᠤᠤᠷᠬᠠᠯ ᠲᠠᠷᠬᠠᠭᠠᠬᠤ ᠦᠭᠡᠢ᠂ ᠭᠠᠳᠠᠭᠰᠢ ᠭᠠᠷᠴᠤ ᠵᠤᠭᠠᠴᠠᠬᠤ ᠪᠠ ᠬᠡᠭᠡᠷ᠎ᠡ ᠶᠢᠨ ᠠᠮᠢᠲᠠᠨ ᠲᠠᠢ ᠣᠶᠢᠷᠠᠳᠬᠤ ᠶᠢ ᠪᠠᠭᠠᠰᠬᠠᠬᠤ᠂ ᠬᠡᠭᠡᠷ᠎ᠡ ᠶᠢᠨ ᠠᠮᠢᠲᠠᠨ ᠢ ᠠᠩᠨᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠬᠤᠷᠠᠯ ᠤᠨ ᠳᠠᠷᠠᠭ᠎ᠠ᠂ ᠰᠤᠮᠤ ᠡᠯ᠎ᠡ ᠭᠠᠴᠠᠭ᠎ᠠ ᠳᠤ ᠬᠤᠯᠤᠭᠠᠨ᠎ᠠ ᠶᠢᠨ ᠡᠮ 5 ᠬᠠᠶᠢᠷᠴᠠᠭ ᠲᠠᠷᠬᠠᠭᠠᠵᠤ᠂  ᠨᠠᠩᠭᠢ ᠬᠤᠯᠤᠭᠠᠨ᠎ᠠ ᠶᠢᠨ ᠬᠠᠪᠲᠠᠰᠤ 800 ᠨᠠᠭᠠᠮᠠᠯ᠂ ᠬᠠᠷᠢᠶ᠎ᠠ ᠣᠷᠣᠨ ᠤ ᠤᠳᠤ ᠰᠠᠭᠤᠵᠤ ᠪᠠᠶᠢᠭ᠎ᠠ ᠡᠷᠦᠬᠡ  ᠪᠦᠷᠢ ᠶᠢᠨ ᠰᠠᠭᠤᠭᠠᠯᠢ ᠠᠷᠠᠳ ᠴᠥᠮ ᠠᠪᠴᠤ ᠪᠣᠯᠤᠨ᠎ᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号