ᠤᠯᠤᠰ ᠲᠦᠷᠦ ᠶᠢᠨ ᠵᠥᠪᠯᠡᠯᠭᠡᠨ ᠤ ᠰᠢᠭᠤᠶᠢᠲᠣ ᠲᠣᠭᠤᠷᠢᠭ  ᠶᠢᠨ ᠳᠣᠯᠣᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/8/11
    8 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠰᠢᠭᠤᠶᠢᠲᠣ ᠲᠣᠭᠤᠷᠢᠭ ᠤ ᠳᠣᠯᠣᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠪᠠ᠃
   ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠸᠧᠨ ᠾᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠠᠶ ᠰᠢᠶᠠᠩ ᠭᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠤᠤ ᠬᠤᠸᠠᠨ ᠯᠢᠶᠠᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠢ ᠴᠢᠶᠣᠤ ᠯᠢᠨ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠵᠠᠩ ᠬᠠᠢ ᠬᠤᠷᠠᠯ ᠢ ᠡᠷᠬᠢᠯᠡᠪᠡ᠃    ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠳᠣᠯᠣᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠲᠤᠬᠠᠶ ᠮᠡᠳᠡᠭᠳᠡᠯ ᠢ ᠨᠡᠶᠢᠲᠡᠯᠡᠪᠡ᠂  ᠲᠤᠰ ᠤᠳᠠᠭᠠᠨ ᠤ ᠤᠯᠤᠰ ᠲᠦᠷᠦ ᠶᠢᠨ ᠵᠥᠪᠯᠡᠯᠭᠡᠨ ᠤ ᠰᠣᠩᠭᠤᠭᠤᠯᠢ ᠶᠢᠨ ︽ᠠᠵᠢᠯᠳᠠᠨ ᠢ ᠲᠣᠬᠢᠷᠠᠭᠤᠯᠬᠤ ᠲᠥᠰᠦᠯ︾ ᠳᠤ ᠲᠣᠳᠣᠷᠬᠠᠶᠢᠯᠠᠯᠲᠠ ᠬᠢᠪᠡ᠃    ᠭᠤᠤ ᠸᠧᠨ ᠾᠧ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠰᠢᠭᠤᠶᠢᠲᠤ ᠲᠣᠭᠤᠷᠢᠭ ᠤᠨ ᠳᠣᠯᠣᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠬᠤ ᠪᠥᠭᠡᠳ ᠪᠠᠰᠠ ᠴᠤ ᠪᠥᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ᠂ ᠦᠪᠡᠳᠡᠭᠰᠢ ᠶᠠᠪᠤᠳᠠᠯ ᠪᠣᠯᠤᠨ᠎ᠠ᠃ ᠨᠠᠮ ᠤᠨ ᠭᠡᠰᠢᠭᠦᠨ ᠭᠡᠰᠢᠭᠦᠨ ᠢᠷᠠᠭᠤ ᠠᠯᠳᠠᠷᠲᠤ ᠡᠭᠦᠷᠭᠡ ᠪᠠ ᠠᠷᠢᠭᠤᠨ ᠳᠠᠷᠬᠠᠨ ᠬᠠᠷᠢᠭᠤᠴᠠᠯᠭ᠎ᠠ ᠶᠢ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠶ᠋ᠴᠡᠳᠬᠡᠵᠦ᠂ ᠪᠦᠬᠦ ᠭᠡᠰᠢᠭᠦᠳ ᠲᠠᠢ ᠬᠠᠮᠲᠤ ᠪᠠᠷ ᠬᠤᠷᠠᠯ ᠢ ᠪᠦᠯᠬᠦᠮᠳᠡᠨ ᠤᠷᠤᠭᠰᠢᠯᠠᠭᠰᠠᠨ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠵᠠᠶ᠃
   ᠭᠤᠤ ᠸᠧᠨ ᠾᠧ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠠᠯ ᠢ ᠰᠠᠶᠢᠲᠤᠷ ᠬᠤᠷᠠᠯᠳᠤᠭᠤᠯᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠬᠠᠳᠬᠠᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠡᠨᠡ ᠤᠳᠠᠭᠠᠨ ᠤ ᠤᠯᠤᠰ ᠲᠥᠷᠥ ᠶᠢᠨ ᠵᠥᠪᠯᠡᠯᠭᠡᠨ ᠤ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠴᠢᠬᠤᠯᠠ ᠴᠢᠨᠠᠷ ᠢ ᠭᠦᠶ᠋ᠴᠡᠳ ᠲᠠᠨᠢᠬᠤ ᠬᠡᠷᠡᠭᠲᠡᠶ᠃ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠ ᠶᠢᠰᠦᠳᠦᠭᠡᠷ ᠪᠥᠬᠦᠳᠡ ᠬᠤᠷᠠᠯ ᠠᠴᠠ ᠲᠣᠳᠣᠷᠬᠠᠶ ᠳᠤᠷᠠᠳᠤᠭᠰᠠᠨ ︽ᠳᠣᠯᠣᠭᠠᠨ ᠲᠣᠭᠤᠷᠢᠨ᠂ ᠳᠣᠯᠣᠭᠠᠨ ᠰᠢᠪᠲᠤᠯᠤᠯᠲᠠ︾ ᠳᠤ ᠠᠩᠬᠠᠷᠤᠯ ᠢᠶᠠᠨ ᠲᠦᠪᠯᠡᠷᠡᠭᠦᠯᠴᠦ᠂ ᠡᠯ᠎ᠡ ᠲᠠᠯ᠎ᠠ ᠶᠢᠨ ᠣᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠤᠭᠰᠠᠨ ᠣᠷᠣᠨ ᠤ ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠬᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ  ᠪᠡᠶᠡᠯᠡᠭᠦᠯᠬᠦ ᠶᠢ ᠠᠬᠢᠭᠤᠯᠤᠨ᠎ᠠ᠃ ᠤᠯᠤᠰ ᠲᠥᠷᠥ ᠶᠢᠨ ᠵᠥᠪ ᠴᠢᠭᠯᠡᠯ ᠢ ᠪᠠᠲᠤ ᠡᠵᠡᠮᠰᠢᠵᠦ᠂ ᠰᠣᠩᠭᠤᠭᠤᠯᠢ ᠶᠢᠨ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠨᠠᠮ ᠤᠨ ᠭᠡᠰᠢᠭᠦᠨ ᠭᠡᠰᠢᠭᠦᠨ ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ ᠲᠣᠭᠲᠠᠭᠠᠯ ᠢ ᠲᠤᠭᠤᠰᠢᠯᠠᠭᠤᠯᠬᠤ  ᠤᠨᠴᠠᠭᠠᠢ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠵᠦ᠂ ᠲᠦᠷᠦᠭᠦᠯᠡᠨ ᠨᠠᠮᠴᠢ ᠴᠢᠨᠠᠷ ᠢ ᠡᠷᠬᠢᠮᠯᠡᠬᠦ᠂ ᠵᠠᠷᠴᠢᠮ ᠢ ᠡᠷᠬᠢᠮᠯᠡᠬᠦ᠂ ᠤᠯᠤᠰ ᠲᠦᠷᠦ ᠶᠢ ᠡᠷᠬᠢᠮᠯᠡᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠪᠣᠯᠤᠨ ᠲᠣᠭᠲᠠᠭᠠᠯ ᠢ ᠭᠦᠨᠵᠡᠭᠡᠶ ᠣᠶᠢᠯᠠᠭᠠᠵᠤ᠂ ᠡᠷᠡᠰ  ᠲᠤᠭᠤᠰᠢᠯᠠᠭᠤᠯᠵᠦ᠂ ᠪᠤᠰᠤᠳ ᠭᠡᠰᠢᠭᠦᠳ ᠤᠨ ᠦᠵᠡᠯ ᠰᠠᠨᠠᠭ᠎ᠠ ᠪᠠᠷ ᠵᠢᠯᠣᠭᠤᠳᠬᠤ ᠠᠵᠢᠯ ᠢ ᠰᠠᠶᠢᠲᠤᠷ ᠬᠢᠵᠦ᠂ ᠡᠯ᠎ᠡ ᠶᠠᠷᠢᠯᠴᠠᠬᠤ  ᠲᠤᠭᠤᠶᠢᠯᠠᠩ ᠤᠨ ᠬᠤᠷᠠᠯᠳᠤᠭᠤᠯᠤᠭᠴᠢ ᠬᠠᠷᠢᠭᠤᠴᠠᠯᠭ᠎ᠠ ᠪᠠᠨ ᠡᠭᠦᠷᠭᠡᠯᠡᠵᠡᠶ᠃ ᠶᠡᠭᠡ ᠬᠤᠷᠠᠯ ᠤᠨ ᠰᠣᠩᠭᠤᠭᠤᠯᠢ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠪᠠ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠨᠠᠮ ᠤᠨ ᠭᠡᠰᠢᠭᠦᠨ ᠨᠠᠮ ᠤᠨ ᠳᠦᠷᠢᠮ ᠨᠠᠮ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠤᠯᠤᠰ ᠲᠥᠷᠥ ᠶᠢᠨ ᠵᠥᠪᠯᠡᠯᠭᠡᠨ ᠤ ᠳᠦᠷᠢᠮ ᠪᠠ ᠬᠤᠯᠪᠣᠭᠳᠠᠯ ᠪᠦᠬᠦᠢ ᠲᠣᠭᠲᠠᠭᠠᠯ ᠢ ᠲᠦᠷᠦᠮᠯᠡᠨ ᠵᠢᠷᠤᠮᠯᠠᠵᠤ᠂ ᠭᠡᠰᠢᠭᠦᠳ ᠤᠨ ᠡᠭᠦᠷᠭᠡ ᠪᠠᠨ ᠭᠦᠢᠴᠡᠳᠬᠡᠵᠦ᠂ ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠵᠤ᠂ ᠡᠭᠦᠨ ᠤ ᠬᠠᠮᠲᠤ ᠨᠠᠮ ᠤᠨ ᠭᠠᠳᠠᠨᠠᠬᠢ ᠭᠡᠰᠢᠭᠦᠳ ᠲᠠᠢ ᠪᠦᠯᠬᠦᠮᠳᠡᠨ ᠨᠠᠮ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠠᠶ᠃ ᠶᠡᠭᠡ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠲᠣ ᠬᠢᠷᠠᠭᠤᠯᠤᠯᠲᠠ ᠶᠢ ᠳᠠᠭᠠᠵᠤ᠂ ᠲᠥᠪ ᠬᠤᠷᠢᠶᠠᠨ ᠤ ᠨᠠᠶ᠋ᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠬᠤᠷᠠᠯ ᠤᠨ ᠰᠤᠷᠲᠠᠯ ᠢᠶᠠᠷ ᠬᠤᠷᠠᠯ ᠤᠨ ᠲᠡᠭᠦᠰ ᠠᠮᠵᠢᠯᠲᠠ ᠣᠯᠬᠤ ᠶᠢ ᠪᠠᠲᠤᠯᠠᠪᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号