ᠰᠠᠶᠢᠨ ᠴᠢᠮᠡᠭᠡ︕ ᠪᠠᠳᠺᠡᠷ ᠰᠦᠮ᠎ᠡ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠠᠰᠠᠷᠠᠮᠵᠢ ᠬᠦᠷᠭᠡᠵᠦ ᠪᠠᠶᠢᠨ᠎ᠠ
ᠨᠡᠶᠢᠲᠡᠯᠡᠭᠰᠡᠨ ᠴᠠᠭ᠄
2020/8/20
       ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠠᠳᠺᠡᠷ ᠰᠦᠮ᠎ᠡ ᠶᠢᠨ ᠦᠵᠡᠮᠵᠢ ᠶᠢᠨ ᠣᠷᠣᠨ ᠲᠥᠪ ᠴᠢᠩᠭ᠎ᠠ ᠪᠠᠷ ᠠᠮᠠᠯᠠᠭᠰᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠢᠵᠢᠭ ᠤᠨ ᠪᠠᠶᠢᠳᠠᠯ ᠢ ᠢᠯᠠᠨ ᠳᠠᠪᠠᠵᠤ ᠰᠡᠷᠭᠦᠭᠡᠨ ᠬᠥᠭᠵᠢᠭᠦᠯᠬᠦ ᠶᠢ ᠲᠦᠷᠭᠡᠳᠬᠡᠬᠦ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 20 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠂ 2020 ᠤᠨ 8 ᠳ᠋ᠤᠭᠠᠷ ᠰᠠᠷ᠎ᠠ ᠶᠢᠨ 10 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠤᠨ ᠬᠤᠭᠤᠷᠣᠨᠳᠣ ᠲᠣᠰ ᠦᠵᠡᠮᠵᠢ ᠶᠢᠨ ᠣᠷᠣᠨ ᠤ ᠲᠡᠷᠢᠭᠦᠨ ᠵᠠᠮ ᠤᠨ ᠡᠭᠦᠳᠡᠨ ᠪᠢᠯᠧᠲ ᠲᠤ ᠳᠣᠤᠷᠠᠬᠢ ᠮᠡᠲᠦ ᠬᠠᠰᠤᠵᠤ ᠬᠡᠯᠳᠦᠷᠢᠭᠦᠯᠬᠦ ᠠᠷᠭ᠎ᠠ ᠬᠡᠮᠵᠢᠶ᠎ᠡ ᠶᠢ ᠠᠪᠬᠤ ᠪᠣᠯᠤᠨ᠎ᠠ᠃ᠪᠠᠳᠺᠡᠷ ᠰᠦᠮ᠎ᠡ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ        ᠨᠢᠭᠡ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ  ᠤᠷᠤᠯᠴᠠᠭᠰᠠᠨ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠳ ᠲᠣᠰ ᠦᠵᠡᠮᠵᠢ ᠶᠢᠨ ᠣᠷᠣᠨ ᠳᠤ ᠢᠷᠡᠵᠦ ᠵᠢᠭᠤᠯᠴᠢᠯᠠᠬᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ ᠤᠨ ᠭᠤᠣᠯᠯᠠᠨ ᠬᠠᠮᠢᠶᠠᠷᠬᠤ ᠰᠠᠯᠠᠭ᠎ᠠ  ᠮᠦᠴᠢᠷ ᠠᠴᠠ ᠭᠠᠷᠭᠠᠭᠰᠠᠨ ᠬᠠᠮᠢᠶ᠎ᠠ ᠪᠦᠬᠦᠢ ᠭᠡᠷᠡᠴᠢ ᠲᠠᠢ᠂ ᠪᠠᠶᠢᠴᠠᠭᠠᠨ ᠰᠢᠯᠭᠠᠭᠰᠠᠨ ᠤ ᠳᠠᠷᠠᠭ᠎ᠠ ᠵᠤᠭᠠᠴᠠᠭᠰᠠᠳ ᠦᠵᠡᠮᠵᠢ ᠶᠢᠨ ᠣᠷᠣᠨ ᠤ ᠲᠦᠷᠦᠭᠦᠤ ᠵᠠᠮ ᠤᠨ ᠡᠭᠦᠳᠡᠨ ᠪᠢᠯᠧᠲ ᠢ ᠪᠦᠬᠦᠨ ᠢ  ᠬᠡᠯᠲᠦᠷᠢᠭᠦᠯᠵᠦ᠂ ᠨᠢᠭᠡ ᠵᠢᠯ ᠤᠨ ᠳᠣᠲᠣᠷ᠎ᠠ ᠤᠳᠠᠭ᠎ᠠ ᠬᠢᠵᠠᠭᠠᠷᠯᠠᠬᠤ ᠥᠬᠡᠶ᠃

       ᠬᠤᠶᠠᠷ᠂ 2020 ᠤᠨ ᠳᠤ ᠳᠡᠭᠡᠳᠦ ᠰᠤᠷᠭᠠᠭᠤᠯᠢ ᠶᠢᠨ ᠰᠢᠯᠭᠠᠯᠲᠠ ᠪᠣᠯᠤᠨ ᠳᠤᠮᠳᠠᠳᠤ

ᠰᠤᠷᠭᠠᠭᠤᠯᠢ ᠶᠢᠨ ᠰᠢᠯᠭᠠᠯᠲᠠ ᠲᠤ ᠣᠷᠣᠯᠴᠠᠭᠰᠠᠨ ᠰᠤᠷᠤᠭᠴᠢᠳ ᠲᠤᠰ ᠦᠵᠡᠮᠵᠢ ᠶᠢᠨ ᠣᠷᠣᠨ ᠳᠤ ᠢᠷᠡᠵᠦ

ᠵᠢᠭᠤᠯᠴᠢᠯᠠᠵᠠᠶ᠂ ᠰᠢᠯᠭᠠᠭᠤᠯᠬᠤ ᠦᠨᠡᠮᠯᠡᠯ ᠤᠨ ᠤᠭ ᠡᠬᠡ ᠶᠢ ᠠᠪᠴᠤ᠂ ᠪᠠᠶᠢᠴᠠᠭᠠᠨ ᠰᠢᠯᠭᠠᠭᠰᠠᠨ ᠤ ᠳᠠᠷᠠᠭ᠎ᠠ

ᠦᠵᠡᠮᠵᠢ ᠶᠢᠨ ᠣᠷᠣᠨ ᠤ ᠲᠦᠷᠦᠭᠦᠤ ᠵᠠᠮ ᠤᠨ ᠡᠭᠦᠳᠡᠨ ᠪᠢᠯᠧᠲ ᠢ ᠪᠦᠬᠦᠨ ᠢ ᠬᠡᠯᠲᠦᠷᠢᠭᠦᠯᠵᠦ᠂ ᠨᠢᠭᠡ ᠵᠢᠯ ᠤᠨ

ᠳᠣᠲᠣᠷ᠎ᠠ ᠤᠳᠠᠭ᠎ᠠ ᠬᠢᠵᠠᠭᠠᠷᠯᠠᠬᠤ ᠥᠬᠡᠶ᠃

       ᠭᠤᠷᠪᠠ᠂ ᠵᠢᠭᠤᠯᠴᠢᠯᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠤᠭᠰᠠᠨ ᠵᠢᠭᠤᠯᠴᠢᠯᠠᠯ ᠤᠨ ᠪᠦᠯᠬᠦᠮ ᠨᠢ

ᠲᠤᠰ ᠦᠵᠡᠮᠵᠢ ᠶᠢᠨ ᠣᠷᠣᠨ ᠳᠤ ᠢᠷᠡᠵᠦ ᠵᠤᠭᠠᠴᠠᠵᠤ᠂ ᠨᠢᠭᠡ ᠡᠪᠯᠡᠯ ᠢ ᠨᠢ ᠬᠠᠰᠤᠵᠤ᠂ ᠪᠦᠯᠬᠦᠮ ᠤᠨ ᠵᠠᠮᠴᠢᠯᠠᠭᠴᠢ

ᠵᠢᠭᠤᠯᠴᠢᠯᠠᠯ ᠤᠨ ᠭᠠᠵᠠᠷ ᠤᠨ ᠪᠦᠯᠬᠦᠮ ᠨᠡᠶᠢᠲᠡ ᠶᠢᠨ ᠲᠥᠯᠥᠪᠯᠡᠭᠡ ᠪᠠ ᠠᠶᠠᠯᠠᠯ ᠤᠨ ᠬᠠᠭᠤᠳᠠᠰᠤ ︵

ᠵᠢᠭᠤᠯᠴᠢᠯᠠᠭᠴᠢᠳ ᠤᠨ ᠨᠡᠷᠡᠰ ᠪᠠ ᠪᠡᠶ᠎ᠡ ᠶᠢᠨ ᠦᠨᠡᠮᠯᠡᠯ ᠤᠨ ᠨᠣᠮᠧᠷ ᠢ ᠳᠠᠭᠠᠯᠳᠤᠭᠤᠯᠤᠨ᠎ᠠ︶ ᠶᠢ ᠬᠠᠩᠭᠠᠵᠤ᠂

ᠪᠠᠶᠢᠴᠠᠭᠠᠨ ᠰᠢᠯᠭᠠᠭᠰᠠᠨ ᠤ ᠳᠠᠷᠠᠭ᠎ᠠ ᠦᠵᠡᠮᠵᠢ ᠶᠢᠨ ᠣᠷᠣᠨ ᠤ ᠲᠦᠷᠦᠭᠦᠤ ᠵᠠᠮ ᠤᠨ ᠡᠭᠦᠳᠡᠨ ᠪᠢᠯᠧᠲ ᠢ ᠪᠦᠬᠦᠨ ᠢ

ᠬᠡᠯᠲᠦᠷᠢᠭᠦᠯᠦᠨ᠎ᠡ᠃

       ᠳᠦᠷᠪᠡ  ᠂ ᠰᠤᠯᠠ ᠠᠶᠠᠨᠴᠢᠳ᠂ ᠰᠦᠯᠵᠢᠶᠡᠨ ᠳᠡᠭᠡᠷᠡᠬᠢ ᠪᠢᠯᠧᠲ ᠬᠤᠳᠠᠯᠳᠤᠨ ᠠᠪᠬᠤ ᠵᠤᠭᠠᠴᠠᠭᠰᠠᠳ

ᠪᠢᠯᠧᠲ ᠬᠤᠳᠠᠯᠳᠤᠨ ᠠᠪᠬᠤ ᠭᠡᠷᠡᠴᠢ ᠪᠠᠷᠢᠮᠲᠠ ᠵᠢᠴᠢ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠨ ᠦᠨᠳᠦᠰᠦᠯᠡᠨ

ᠲᠦᠷᠦᠭᠦᠤ ᠵᠠᠮ ᠤᠨ ᠡᠭᠦᠳᠡᠨ ᠪᠢᠯᠧᠲ ᠤᠨ 50% ᠶᠢᠨ ᠪᠢᠯᠧᠲ ᠤᠨ ᠦᠨ᠎ᠡ ᠶᠢ ᠬᠠᠰᠤᠵᠤ ᠬᠡᠯᠲᠦᠷᠢᠭᠦᠯᠬᠦ

ᠬᠠᠷᠠᠭᠠᠯᠵᠠᠯ ᠦᠵᠡᠭᠦᠯᠦᠨ᠎ᠡ᠃

       ᠲᠠᠪᠤ  ᠂ ᠤᠤᠯ ᠤᠨ ᠰᠦᠶ᠋ᠳᠬᠡᠯ ᠬᠤᠷᠢᠶᠠᠬᠤ ᠦᠭᠡᠢ ᠪᠠᠷ ᠴᠢᠯᠥᠭᠡᠲᠡᠶ ᠶᠠᠪᠤᠯᠴᠠᠬᠤ ᠲᠦᠷᠦ ᠶᠢᠨ

ᠪᠤᠳᠤᠯᠭ᠎ᠠ ᠶᠢ ᠬᠤᠪᠢᠷᠠᠭᠤᠯᠬᠤ ᠦᠭᠡᠢ᠃

 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号