ᠰᠢᠭᠤᠶᠢᠲᠤ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠵᠢᠯ ᠤᠨ ᠡᠴᠦᠰ ᠲᠤ ᠠᠰᠢᠭᠯᠠᠯᠲᠠ ᠳᠤ ᠣᠷᠣᠨ᠎ᠠ
ᠨᠡᠶᠢᠲᠡᠯᠡᠭᠰᠡᠨ ᠴᠠᠭ᠄
2020/8/25

       ᠰᠢᠭᠤᠶᠢᠲᠤ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠰᠢᠭᠤᠶᠢᠲᠤ ᠲᠣᠭᠤᠷᠢᠭ ᠤᠨ

ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠬᠤᠶᠠᠳᠤᠭᠠᠷ ᠳᠡᠰ ᠤᠨ ᠨᠢᠭᠡᠴᠡ ᠶᠢ ᠵᠣᠬᠢᠶᠠᠨ ᠪᠠᠶᠢᠭᠤᠯᠵᠤ᠂

ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠵᠡᠷᠭᠡ ᠬᠤᠲᠠ ᠶᠢᠨ ᠱᠠᠲᠤᠨ ᠤ ᠡᠮᠨᠡᠯᠭᠡ ᠶᠢᠨ

ᠬᠤᠷᠢᠶᠠᠨ ᠤ ᠲᠤᠰᠬᠠᠶ ᠮᠡᠷᠭᠡᠵᠢᠯᠲᠡᠨ᠂ ᠰᠢᠨᠵᠢᠯᠡᠭᠡᠨ ᠤ ᠳᠠᠭᠠᠭᠤᠯᠤᠭᠴᠢ ᠶᠢ ᠤᠷᠢᠵᠠᠶ᠃ ᠰᠢᠭᠤᠶᠢᠲᠤ ᠲᠤᠭᠤᠷᠢᠭ ᠤᠨ

ᠠᠷᠠᠳ ᠤᠨ ᠡᠮᠨᠡᠯᠭᠡ ᠶᠢᠨ ᠬᠤᠷᠢᠶᠠᠨ ᠤ ᠪᠠᠶᠢᠷᠢ ᠲᠣᠭᠲᠠᠭᠠᠯᠲᠠ᠂ ᠡᠮᠴᠢᠯᠡᠭᠡᠨ ᠤ ᠲᠣᠷᠰᠢᠯᠲᠠ ᠶᠢᠨ ᠲᠠᠰᠤᠭ ᠤᠨ

ᠠᠨᠠᠭᠠᠬᠤ ᠤᠬᠠᠭᠠᠨ ᠤ ᠪᠠᠶᠢᠷᠢᠯᠠᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ ᠬᠡᠷᠡᠭᠯᠡᠭᠡᠨ ᠤ ᠴᠢᠨᠠᠷ ᠵᠡᠷᠭᠡ

ᠠᠰᠠᠭᠤᠳᠠᠯ ᠤᠨ ᠲᠤᠬᠠᠶ ᠰᠤᠳᠤᠯᠤᠨ ᠶᠠᠷᠢᠯᠴᠠᠬᠤ ᠠᠵᠢᠯ ᠥᠷᠨᠢᠭᠦᠯᠪᠡ᠃

       ᠰᠤᠳᠤᠯᠤᠨ ᠶᠠᠷᠢᠯᠴᠠᠬᠤ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠰᠢᠭᠤᠶᠢᠲᠤ ᠲᠤᠭᠤᠷᠢᠭ ᠤᠨ

ᠡᠮᠴᠢᠯᠡᠭᠡᠨ ᠤ ᠣᠳᠣᠬᠢ ᠪᠠᠶᠢᠳᠠᠯ ᠲᠠᠢ ᠤᠶᠠᠯᠳᠤᠭᠤᠯᠤᠨ ᠠᠷᠭ᠎ᠠ ᠪᠣᠳᠣᠯᠭ᠎ᠠ ᠭᠠᠷᠭᠠᠵᠤ᠂ ᠮᠠᠰᠢ ᠤᠯᠠᠨ ᠰᠢᠨᠵᠢᠯᠡᠬᠦ

ᠤᠬᠠᠭᠠᠨᠴᠢ ᠬᠥᠭᠵᠢᠯᠲᠡ ᠶᠢᠨ ᠰᠡᠳᠬᠢᠮᠵᠢ ᠶᠢ ᠬᠠᠩᠭᠠᠵᠤ᠂ ᠡᠮᠨᠡᠯᠭᠡ ᠶᠢᠨ ᠬᠤᠷᠢᠶᠠᠨ ᠤ ᠲᠦᠷᠦᠯ ᠵᠦᠢᠯ ᠤᠨ

ᠲᠦᠷᠭᠡᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃

       ᠰᠢᠭᠤᠶᠢᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠪᠤᠭᠤᠲᠤ ᠬᠤᠲᠠ ᠶᠢᠨ

ᠠᠷᠠᠳ ᠤᠨ ᠶᠠᠪᠤᠳᠠᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠤᠨ ᠣᠶᠤᠨ ᠤ ᠹᠢᠽᠢᠺ ᠵᠠᠰᠠᠯ ᠡᠷᠡᠭᠡᠯᠵᠡᠯ ᠤᠨ

ᠲᠥᠪ ᠲᠣᠮᠣ ᠠᠰᠠᠷ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠠᠮᠵᠢᠯᠴᠠᠭ᠎ᠠ ᠶᠢᠨ ᠪᠦᠲᠦᠭᠡᠨ

ᠪᠠᠶᠢᠭᠤᠯᠤᠯᠲᠠ ᠶᠢᠨ ᠲᠦᠷᠦᠯ   ᠵᠦᠢᠯ᠂ 2019 ᠣᠨ ᠤ 5 ᠰᠠᠷ᠎ᠠ ᠳᠤ ᠠᠵᠢᠯ ᠡᠬᠢᠯᠡᠭᠦᠯᠵᠦ᠂ ᠣᠳᠣᠬᠠᠨ ᠳᠤ

ᠲᠠᠪᠤᠨ ᠳᠠᠪᠬᠤᠷ ᠭᠤᠤᠯ ᠴᠣᠭᠴᠠ ᠶᠢᠨ ᠠᠰᠠᠷ ᠤᠨ ᠪᠦᠲᠦᠭᠡᠨ ᠪᠠᠶᠢᠭᠤᠯᠤᠯᠲᠠ ᠵᠢᠴᠢ ᠠᠰᠠᠷ ᠤᠨ ᠳᠤᠲᠤᠷᠠᠬᠢ

ᠭᠠᠵᠠᠷ ᠤᠨ ᠳᠡᠪᠢᠰᠬᠡᠷ ᠳᠠᠪᠬᠤᠷᠭ᠎ᠠ ᠶᠢᠨ ᠤᠰᠤᠯᠠᠯᠲᠠ ᠶᠢᠨ ᠪᠠᠷᠢᠯᠭ᠎ᠠ ᠶᠢ ᠪᠡᠶᠡᠯᠡᠭᠦᠯᠵᠡᠶ᠃

       ᠰᠢᠭᠤᠶᠢᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠬᠤᠶᠠᠳᠤᠭᠠᠷ ᠳᠡᠰ ᠤᠨ

ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠪᠦᠲᠦᠭᠡᠨ

ᠪᠠᠶᠢᠭᠤᠯᠵᠤ᠂ ᠪᠠᠭ᠎ᠠ ᠶᠡᠷᠦᠩᠬᠡᠶᠢᠯᠡᠭᠰᠡᠨ᠂ ᠶᠡᠭᠡ ᠲᠤᠰᠬᠠᠶ ᠮᠡᠷᠭᠡᠵᠢᠯ ᠤᠨ ᠠᠩᠭᠢ ᠪᠠᠷ ᠣᠨᠴᠠᠯᠢᠭ ᠪᠣᠯᠭᠠᠵᠤ᠂

ᠦᠨᠳᠦᠰᠦᠨ ᠡᠮ ᠡᠮᠨᠡᠯᠭᠡ ᠶᠢᠨ  ᠦᠢᠯᠡᠴᠢᠯᠡᠭᠡ᠂ ᠡᠷᠡᠭᠦᠯᠵᠢᠭᠦᠯᠬᠦ ᠡᠮᠴᠢᠯᠡᠭᠡ᠂ ᠡᠷᠡᠭᠦᠯ ᠮᠡᠨᠳᠦ ᠶᠢᠨ

ᠪᠠᠶᠢᠴᠠᠭᠠᠯᠲᠠ ᠶᠢᠨ ᠬᠠᠷᠠᠯᠲᠠ ᠶᠢ ᠪᠡᠶᠡᠯᠡᠭᠦᠯᠵᠦ᠂ ᠭᠤᠣᠯᠳᠠᠭᠤ ᠬᠡᠦᠬᠡᠳ᠂ ᠨᠠᠰᠤᠲᠠᠨ᠂ ᠵᠡᠮᠳᠡᠭᠴᠦᠳ ᠵᠡᠷᠭᠡ  

ᠪᠠᠭᠤᠷᠠᠶᠢᠴᠥᠥᠯ ᠤᠨ ᠡᠷᠡᠭᠦᠯᠵᠢᠬᠦ ᠹᠢᠽᠢᠺ ᠵᠠᠰᠠᠯ ᠢᠶᠠᠷ ᠭᠤᠣᠯᠳᠠᠭᠤᠯᠤᠨ᠎ᠠ᠃ ᠮᠠᠨ ᠤ ᠬᠤᠲᠠ ᠶᠢᠨ ᠴᠣᠷ ᠤᠨ

ᠭᠠᠭᠴᠠ ᠡᠷᠡᠭᠦᠯ ᠮᠡᠨᠳᠦ ᠪᠠ ᠰᠤᠪᠢᠯᠠᠯᠲᠠ ᠶᠢ ᠤᠶᠠᠯᠳᠤᠭᠤᠯᠤᠭᠰᠠᠨ ᠡᠮᠨᠡᠯᠭᠡ ᠶᠢᠨ  ᠬᠤᠷᠢᠶ᠎ᠠ ᠮᠥᠨ᠃

       ᠡᠮᠨᠡᠯᠭᠡ ᠶᠢᠨ ᠬᠤᠷᠢᠶᠠᠨ ᠤ ᠨᠢᠭᠡᠳᠦᠭᠡᠷ ᠬᠤᠭᠤᠴᠠᠭᠠᠨ ᠳᠤ 100 ᠣᠷᠣ ᠭᠠᠷᠭᠠᠵᠤ᠂ ᠬᠠᠯᠠᠭᠤᠷᠠᠬᠤ

ᠡᠭᠦᠳᠡᠨ ᠡᠮᠨᠡᠯᠭᠡ᠂ ᠬᠤᠳᠣᠭᠤᠳᠣ ᠭᠡᠳᠡᠰᠦᠨ ᠤ ᠡᠭᠦᠳᠡᠨ ᠡᠮᠨᠡᠯᠭᠡ᠂ ᠡᠮᠡᠭᠲᠡᠶ ᠶᠢᠨ ᠰᠠᠯᠠᠭ᠎ᠠ ︵ᠬᠥᠩᠭᠡᠵᠢᠭᠦᠯᠬᠦ

ᠰᠠᠯᠠᠭ᠎ᠠ︶᠂ ᠬᠡᠤᠬᠡᠳ ᠤᠨ ᠰᠠᠯᠠᠭ᠎ᠠ᠂ ᠭᠠᠳᠠᠷ ᠰᠠᠯᠠᠭ᠎ᠠ ︵ᠶᠠᠰᠤᠨ ᠤ ᠰᠠᠯᠠᠭ᠎ᠠ︶᠂ ᠳᠣᠲᠣᠷ ᠰᠠᠯᠠᠭ᠎ᠠ ︵

ᠮᠡᠳᠡᠷᠡᠯ ᠤᠨ ᠡᠪᠡᠳᠴᠢᠨ ᠤ ᠰᠠᠯᠠᠭ᠎ᠠ᠂ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ︶᠂ ᠮᠢᠨᠴᠦᠷᠡᠭᠦᠯᠬᠦ ᠮᠡᠰᠡ

ᠵᠠᠰᠠᠯ ᠤᠨ ᠰᠠᠯᠠᠭ᠎ᠠ ︵ᠬᠥᠨᠳᠡᠶ ᠰᠢᠯ ᠤᠨ ᠲᠠᠰᠤᠭ︶᠂ ᠠᠮᠠᠨ ᠬᠥᠨᠳᠡᠶ ᠶᠢᠨ ᠰᠠᠯᠠᠭ᠎ᠠ᠂ ᠬᠢᠲᠠᠳ ︵ᠮᠣᠩᠭᠤᠯ︶

ᠡᠮᠴᠢᠯᠡᠭᠡᠨ ᠤ ᠰᠠᠯᠠᠭ᠎ᠠ ︵ᠡᠷᠡᠭᠦᠯ ᠢ ᠰᠡᠷᠭᠦᠭᠡᠬᠦ ᠰᠠᠯᠠᠭ᠎ᠠ︶᠂ ᠰᠠᠴᠤᠷᠠᠭ ᠡᠪᠡᠳᠴᠢᠨ ᠤ ᠰᠠᠯᠠᠭ᠎ᠠ ︵CT ᠲᠠᠰᠤᠭ︶

᠂ ᠪᠤᠳᠤᠭᠲᠤ ᠬᠡᠲᠦ ᠲᠡᠰ ᠤᠨ ᠥᠷᠥᠭᠡ᠂ ᠲᠦᠷᠭᠡᠨ ᠡᠪᠡᠳᠴᠢᠨ ᠤ ᠰᠠᠯᠠᠭ᠎ᠠ ︵IUC︶ ᠵᠡᠷᠭᠡ 30 ᠰᠠᠯᠠᠭ᠎ᠠ

ᠲᠠᠰᠤᠭ ᠲᠠᠢ᠃ ᠡᠮᠨᠡᠯᠭᠡ ᠶᠢᠨ ᠬᠤᠷᠢᠶ᠎ᠠ ᠬᠤᠳᠣᠭᠤᠳᠣ ᠭᠡᠳᠡᠰᠦᠨ ᠤ ᠳᠤᠷᠠᠨ ᠤ ᠪᠠᠶᠢᠴᠠᠭᠠᠯᠲᠠ᠂

ᠨᠠᠰᠤᠲᠠᠶᠢᠴᠤᠳ ᠤᠨ ᠡᠪᠡᠳᠴᠢᠨ᠂ ᠡᠷᠡᠭᠦᠯᠵᠢᠭᠦᠯᠬᠦ ᠡᠮᠴᠢᠯᠡᠭᠡ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ

ᠵᠡᠷᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠬᠠᠶᠢᠯᠠᠭᠰᠠᠨ ᠠᠵᠢᠯ ᠢ ᠳᠣᠪᠤᠶᠢᠯᠭᠠᠨ᠎ᠠ᠃

       ᠪᠠᠶᠢᠭᠤᠯᠤᠭᠳᠠᠭᠰᠠᠨ ᠤ ᠳᠠᠷᠠᠭ᠎ᠠ᠂ ᠰᠢᠭᠤᠶᠢᠲᠤ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ

ᠣᠳᠣᠬᠠᠨ ᠤ ᠰᠢᠭᠤᠶᠢᠲᠤ ᠲᠤᠭᠤᠷᠢᠭ ᠤᠨ ᠡᠷᠡᠭᠦᠯ ᠬᠠᠮᠠᠭᠠᠯᠠᠯ ᠤᠨ ᠭᠠᠵᠠᠷ ᠪᠠᠶᠢᠬᠤ ᠦᠭᠡᠶ ᠡᠮᠨᠡᠯᠭᠡ ᠶᠢᠨ

ᠬᠤᠷᠢᠶᠠᠨ ᠤ ᠪᠠᠶᠢᠳᠠᠯ ᠢ ᠡᠪᠳᠡᠵᠦ᠂ ᠲᠤᠭᠤᠷᠢᠭ ᠤᠨ ᠣᠯᠠᠨ ᠲᠦᠮᠡᠨ ᠤ ᠡᠪᠡᠳᠴᠢᠨ ᠦᠵᠡᠭᠦᠯᠬᠦ ᠱᠠᠭᠠᠷᠳᠠᠯᠭ᠎ᠠ  ᠳᠤ

ᠲᠤᠶᠢᠯ ᠤᠨ ᠶᠡᠭᠡ ᠪᠠᠷ ᠳᠥᠭᠦᠮ ᠦᠵᠡᠭᠦᠯᠵᠡᠢ᠃ ᠰᠢᠭᠤᠶᠢᠲᠤ ᠲᠤᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ

ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃

       ᠣᠶᠢᠯᠠᠭᠠᠭᠰᠠᠨ ᠢᠶᠠᠷ᠂ ᠰᠢᠭᠤᠶᠢᠲᠤ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠵᠢᠱᠢᠯᠲᠡ ᠪᠠᠷ

ᠡᠨᠡ ᠵᠢᠯ ᠤᠨ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠬᠤ ᠪᠣᠯᠤᠨ᠎ᠠ᠃

 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号