ᠰᠢᠭᠤᠶᠢᠲᠤ ᠵᠡᠭᠡᠯᠢ ᠭᠤᠳᠤᠮᠵᠢ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠡᠳᠦᠷ ᠤᠨ ᠤᠬᠠᠭᠤᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020/8/26
       8 ᠰᠠᠷ᠎ᠠ ᠶᠢᠨ 25 ᠤ ᠡᠳᠦᠷ ᠪᠣᠯ ᠳᠥᠷᠪᠡᠳᠦᠭᠡᠷ ᠤᠳᠠᠭᠠᠨ ᠤ ᠪᠦᠬᠦ ᠤᠯᠤᠰ ᠠᠴᠠ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠡᠳᠦᠷ ᠪᠣᠯᠤᠨ᠎ᠠ᠂ ᠲᠣᠰ ᠤᠳᠠᠭᠠᠨ ᠤ ᠤᠷᠢᠳᠴᠢᠯᠠᠨ ᠰᠡᠷᠭᠡᠶᠢᠯᠡᠬᠦ ᠡᠳᠦᠷ ᠤᠨ ᠭᠤᠤᠯ ᠰᠡᠳᠦᠪ ᠪᠣᠯ ︽ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯ ᠢ ᠬᠡᠤᠬᠡᠳ ᠤᠨ ᠠᠩᠬᠠᠨ ᠤ ᠬᠤᠭᠤᠴᠠᠭᠠᠨ ᠤ ᠭᠠᠷ ᠲᠥᠷᠥᠯᠲᠡ ᠠᠴᠠ ᠡᠬᠢᠯᠡᠨ ᠬᠢᠬᠦ︾ ᠪᠣᠯᠤᠨ᠎ᠠ᠃

       ᠰᠢᠭᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 8 ᠰᠠᠷ᠎ᠠ ᠶᠢᠨ 24 ᠤ ᠡᠳᠦᠷ ᠠᠵᠢᠯᠲᠠᠳ ᠢ

ᠵᠤᠬᠢᠶᠠᠨ ᠪᠠᠶᠢᠭᠤᠯᠵᠤ ᠬᠥᠮᠦᠨ ᠨᠡᠯᠢᠶᠡᠳ ᠲᠥᠪᠯᠡᠷᠡᠭᠰᠡᠨ ᠭᠠᠵᠠᠷ ᠲᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ

ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠤᠷᠤᠭᠯᠠᠬᠤ ᠠᠴᠠ ᠡᠮᠦᠨᠡᠬᠢ ᠵᠢᠷᠮᠦᠰᠦᠯᠡᠬᠦ ᠠᠴᠠ ᠡᠮᠦᠨᠡᠬᠢ ᠡᠷᠡᠭᠦᠯ

ᠮᠡᠨᠳᠦ ᠶᠢᠨ ᠪᠠᠶᠢᠴᠠᠭᠠᠯᠲᠠ ᠶᠢ ᠤᠬᠠᠭᠤᠯᠵᠤ᠂ ᠵᠢᠷᠮᠦᠰᠦᠨ ᠡᠮᠡᠭᠲᠡᠢ ᠬᠥᠩᠭᠡᠵᠢᠬᠦ ᠠᠴᠠ ᠡᠮᠦᠨ᠎ᠡ ᠰᠢᠭᠰᠢᠨ

ᠪᠠᠶᠢᠴᠠᠭᠠᠵᠤ ᠣᠨᠣᠰᠢᠯᠠᠬᠤ ᠵᠢᠴᠢ ᠨᠢᠷᠠᠢ ᠬᠡᠦᠬᠡᠳ ᠪᠤᠯᠤᠨ ᠬᠡᠦᠬᠡᠳ ᠤᠨ ᠵᠡᠮᠳᠡᠭ ᠢ ᠰᠢᠭᠰᠢᠨ ᠪᠠᠶᠢᠴᠠᠭᠠᠬᠤ ᠵᠡᠷᠭᠡ

ᠲᠠᠯ᠎ᠠ ᠶᠢᠨ ᠮᠡᠳᠡᠯᠭᠡ ᠶᠢ ᠨᠡᠶᠢᠲᠡ 30 ᠭᠠᠷᠤᠢ ᠬᠤᠪᠢ ᠤᠬ ᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃

       ᠡᠨᠡ ᠤᠳᠠᠭᠠᠨ ᠤ ᠠᠵᠢᠯᠯᠠᠭ᠎ᠠ ᠨᠢ ᠪᠦᠬᠦ ᠨᠡᠶᠢᠭᠡᠮ ᠤᠨ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ

ᠦᠵᠡᠯ ᠤᠬᠠᠮᠰᠠᠷ ᠢ ᠨᠡᠮᠡᠭᠳᠡᠭᠦᠯᠵᠦ᠂ ᠬᠡᠦᠬᠡᠳ ᠤᠨ ᠵᠡᠮᠳᠡᠭ ᠢ ᠡᠷᠲᠡ ᠰᠢᠭᠰᠢᠨ ᠡᠷᠲᠡ ᠡᠮᠨᠡᠨ ᠵᠠᠰᠠᠬᠤ᠂

ᠬᠡᠦᠬᠡᠳ ᠤᠨ ᠵᠡᠮᠳᠡᠭ ᠤᠨ ᠡᠭᠦᠰᠦᠯᠲᠡ ᠪᠠ ᠬᠥᠭᠵᠢᠯᠲᠡ ᠶᠢ ᠪᠠᠭᠠᠰᠬᠠᠬᠤ ᠪᠠ ᠬᠢᠵᠠᠭᠠᠷᠯᠠᠵᠤ᠂ ᠪᠦᠲᠦᠮᠵᠢᠲᠡᠶ ᠮᠡᠳᠡᠭᠡ

ᠵᠠᠩᠭᠢ ᠶᠢᠨ ᠦᠶ᠋ᠯᠡᠴᠢᠯᠡᠭᠡ ᠬᠠᠩᠭᠠᠵᠤ᠂ ᠲᠡᠳᠡᠨ ᠢ ᠨᠢᠭᠡᠨ ᠰᠠᠶᠢᠨ ᠰᠠᠶᠢᠬᠠᠨ ᠢᠷᠡᠭᠡᠳᠦᠶ ᠲᠠᠢ ᠪᠣᠯᠭᠠᠬᠤ ᠬᠡᠷᠡᠭᠲᠡᠶ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号