ᠠᠯᠳᠠᠷᠳᠤ ᠴᠤᠤᠲᠤ ᠵᠦᠩᠭᠡᠨ ᠬᠠᠲᠤᠨ — ᠲᠦᠮᠡᠳ ᠲᠦᠮᠡᠨ ᠶᠠᠭᠠᠬᠢᠵᠤ ᠮᠠᠨᠳᠤᠭᠰᠠᠨ ᠪᠤᠢ
ᠨᠡᠶᠢᠲᠡᠯᠡᠭᠰᠡᠨ ᠴᠠᠭ᠄
2020/8/28
       ᠲᠡᠭᠡᠪᠡᠯ ᠵᠢᠷᠭᠤᠭᠠᠨ ᠲᠦᠮᠡᠨ ᠤ ᠳᠣᠲᠣᠷ᠎ᠠ ᠠᠴᠠ ᠲᠦᠮᠡᠳ ᠲᠦᠮᠡᠨ ᠶᠠᠭᠠᠬᠢᠵᠤ ᠦᠷᠨᠢᠨ ᠮᠠᠨᠳᠤᠭᠰᠠᠨ ᠪᠤᠢ         ᠳᠠᠶᠠᠨ ᠬᠠᠭᠠᠨ 1510 ᠣᠨ ᠳᠤ ᠵᠢᠷᠭᠤᠭᠠᠨ ᠲᠦᠮᠡᠨ ᠢ ᠨᠢᠭᠡᠳᠭᠡᠬᠦ ᠬᠠᠮᠤᠭ ᠤᠨ ᠡᠴᠦᠰ ᠲᠠᠶᠢᠨ ᠢᠶᠠᠷ ᠪᠠᠷᠠᠭᠤᠨ ᠭᠤᠷᠪᠠᠨ ᠲᠦᠮᠡᠨ ᠢ ᠨᠢᠭᠡᠳᠭᠡᠵᠦ ᠠᠪᠴᠠᠢ᠃ ᠨᠢᠭᠡᠳᠭᠡᠵᠦ ᠠᠪᠤᠭᠰᠠᠨ ᠤ ᠳᠠᠷᠠᠭ᠎ᠠ ᠪᠠᠷᠠᠭᠤᠨ ᠭᠤᠷᠪᠠᠨ ᠲᠦᠮᠡᠨ ᠢ ᠪᠠᠷᠤᠭ ᠪᠦᠬᠦᠯᠢ ᠪᠠᠷ ᠨᠢ ᠭᠤᠷᠪᠠᠳᠣᠭᠠᠷ ᠬᠦᠦ ᠪᠠᠷᠰᠪᠣᠯᠣᠳ ᠲᠠᠭᠠᠨ ᠦᠭᠴᠡᠢ᠃        ᠪᠠᠷᠰᠪᠣᠯᠣᠳ ᠤᠨ ᠵᠠᠬᠢᠷᠤᠭᠰᠠᠨ ᠪᠠᠷᠠᠭᠤᠨ ᠲᠦᠮᠡᠨ ᠬᠦᠴᠦᠷᠬᠡᠭ ᠪᠠᠶᠢᠭᠰᠠᠨ ᠪᠣᠯᠬᠤᠷ ᠳᠠᠶᠠᠨ ᠬᠠᠭᠠᠨ ᠨᠠᠰᠤ ᠪᠠᠷᠠᠭᠰᠠᠨ ᠤ ᠰᠡᠭᠦᠯᠡᠷ ᠪᠠᠷᠰᠪᠣᠯᠣᠳ ᠨᠢᠭᠡᠨ ᠦᠶ᠎ᠡ ᠮᠤᠩᠭᠤᠯ ᠤᠨ ᠶᠡᠭᠡ ᠬᠠᠭᠠᠨ ᠣᠷᠣᠨ ᠳᠤ ᠰᠠᠭᠤᠭᠰᠠᠨ ᠪᠠᠶᠢᠨ᠎ᠠ᠃ ᠪᠠᠷᠰᠪᠣᠯᠣᠳ ᠨᠠᠰᠤ ᠪᠠᠷᠠᠭᠰᠠᠨ ᠤ ᠳᠠᠷᠠᠭ᠎ᠠ ᠲᠡᠭᠦᠨ ᠤ ᠬᠦᠦ ᠬᠦᠨᠪᠢᠯᠢᠭ ᠮᠡᠷᠭᠡᠨ ᠵᠢᠨᠦᠩ ᠬᠡᠳᠦᠨ ᠵᠢᠯ ᠵᠢᠨᠦᠩ ᠰᠠᠭᠤᠵᠤ ᠪᠠᠰᠠ ᠶᠡᠭᠡ ᠬᠦᠴᠦᠷᠭᠡᠭᠵᠢᠵᠦ ᠪᠠᠶᠢᠭᠰᠠᠨ᠃ ᠬᠦᠨᠪᠢᠯᠢᠭ ᠮᠡᠷᠭᠡᠨ ᠵᠢᠨᠦᠩ ᠨᠠᠰᠤ ᠪᠠᠷᠠᠭᠰᠠᠨ ᠤ ᠳᠠᠷᠠᠭ᠎ᠠ ᠲᠡᠭᠦᠨ ᠤ ᠳᠡᠭᠦᠦ ᠠᠯᠲᠠᠨ ᠬᠦᠴᠦᠷᠭᠡᠭᠵᠢᠭᠰᠡᠨ ᠪᠠᠶᠢᠨ᠎ᠠ᠃        ᠠᠯᠲᠠᠨ ᠬᠠᠨ ᠪᠣᠯ ᠪᠠᠷᠰᠪᠣᠯᠣᠳ ᠵᠢᠨᠦᠩ ᠤᠨ ᠬᠤᠶᠠᠳᠤᠭᠠᠷ ᠬᠦᠦ᠃ ᠪᠠᠷᠰᠪᠣᠯᠣᠳ ᠶᠡᠭᠡ ᠬᠦᠦ ᠬᠦᠨᠪᠢᠯᠢᠭ ᠲᠡᠭᠡᠨ ᠣᠷᠳᠣᠰ ᠢ ᠦᠭᠴᠦ᠂ ᠬᠤᠶᠠᠳᠣᠭᠠᠷ ᠬᠦᠦ ᠠᠯᠲᠠᠨ ᠳᠠᠭᠠᠨ ᠲᠦᠮᠡᠳ ᠢ ᠦᠭᠬᠦᠨ᠂ ᠲᠦᠷᠪᠡᠳᠦᠭᠡᠷ ᠬᠦᠦ ᠳᠡᠭᠡᠨ ᠶᠦᠩᠰᠢᠶᠠᠪᠤ ᠲᠦᠮᠡᠨ ᠢ ᠦᠭᠬᠦᠬᠡᠳ᠂ ᠦᠭᠡᠷ᠎ᠡ ᠬᠡᠤᠬᠡᠳ ᠲᠡᠭᠡᠨ ᠡᠳᠡᠨᠦᠰ ᠤᠨ ᠲᠣᠣᠷᠠᠬᠢ ᠵᠢᠵᠢᠭ ᠠᠶᠢᠮᠠᠭ ᠤᠳ ᠢ ᠵᠠᠬᠢᠷᠠᠭᠤᠯᠤᠭᠰᠠᠨ ᠪᠠᠶᠢᠨ᠎ᠠ᠃        ᠬᠦᠨᠪᠢᠯᠢᠭ ᠮᠡᠷᠭᠡᠨ ᠵᠢᠨᠦᠩ ᠦᠩᠭᠡᠷᠡᠭᠰᠡᠨ ᠤ ᠳᠠᠷᠠᠭ᠎ᠠ ᠲᠦᠮᠡᠳ ᠲᠦᠮᠡᠨ ᠢ ᠵᠠᠬᠢᠷᠴᠤ ᠪᠠᠶᠢᠭᠰᠠᠨ᠂ ᠲᠤᠷᠰᠢᠯᠭ᠎ᠠ ᠶᠡᠭᠡ ᠲᠠᠢ᠂ ᠭᠠᠷᠮᠠᠭᠠᠢ ᠤᠯᠤᠰ ᠲᠦᠷᠦᠴᠢ ᠠᠯᠲᠠᠨ ᠬᠠᠨ ᠮᠢᠩᠭ᠎ᠠ ᠲᠠᠪᠤᠨ ᠵᠠᠭᠤ ᠬᠤᠷᠢ ᠭᠤᠴᠢᠭᠠᠳ ᠣᠨ ᠤ ᠦᠶ᠎ᠡ ᠠᠴᠠ ᠪᠠᠷᠠᠭᠤᠨ ᠭᠤᠷᠪᠠᠨ ᠲᠦᠮᠡᠨ ᠮᠠᠨᠳᠤᠬᠤ ᠳᠤ ᠴᠢᠬᠤᠯᠠ ᠨᠦᠭᠦᠴᠡᠯ ᠪᠣᠯᠣᠭᠰᠠᠨ ᠪᠠᠶᠢᠨ᠎ᠠ᠃ ᠢᠩᠭᠢᠭᠡᠳ ᠠᠯᠲᠠᠨ ᠬᠠᠨ ᠬᠡᠳᠦᠨ ᠠᠷᠪᠠᠨ ᠵᠢᠯ ᠤᠨ ᠴᠢᠷᠮᠠᠶᠢᠯᠭ᠎ᠠ ᠪᠠᠷ ᠢᠶᠠᠨ ᠲᠦᠮᠡᠳ ᠲᠦᠮᠡᠨ ᠢ ᠲᠦᠢᠯ ᠤᠨ ᠶᠡᠭᠡ ᠪᠠᠷ ᠬᠦᠴᠦᠷᠭᠡᠭᠵᠢᠬᠦᠯᠵᠡᠢ᠃ ᠡᠶᠢᠮᠦ ᠠᠴᠠ ᠲᠦᠮᠡᠳ ᠲᠦᠮᠡᠨ ᠤ ᠮᠠᠨᠳᠤᠵᠤ ᠡᠬᠢᠯᠡᠭᠰᠡᠨ ᠨᠢ ᠠᠯᠲᠠᠨ ᠬᠠᠨ ᠤ ᠦᠢᠯᠡ ᠠᠵᠢᠯᠯᠠᠭ᠎ᠠ ᠲᠠᠢ ᠰᠠᠯᠤᠰᠢ ᠦᠭᠡᠢ ᠨᠢᠭᠲᠠ ᠬᠠᠷᠢᠴᠠᠭ᠎ᠠ ᠲᠠᠢ᠃        ᠡᠳᠡᠭᠡᠷ ᠦᠢᠯᠡ ᠠᠵᠢᠯᠯᠠᠭ᠎ᠠ ᠳᠤ ᠳᠤᠷᠠᠳᠬᠤ ᠴᠢᠬᠤᠯᠠᠲᠠᠢ ᠬᠡᠳᠦᠨ ᠶᠡᠭᠡ ᠦᠢᠯᠡ ᠬᠡᠷᠡᠭ ᠭᠡᠪᠡᠯ᠄        ᠨᠢᠭᠡ ᠳᠤ᠂ ᠤᠷᠢᠶᠠᠩᠬᠠᠢ ᠲᠦᠮᠡᠨ ᠢ ᠤᠰᠠᠳᠬᠠᠵᠤ᠂ ᠡᠯ᠎ᠡ ᠲᠦᠮᠡᠨ ᠬᠤᠪᠢᠶᠠᠯᠴᠠᠵᠤ ᠠᠪᠤᠭᠰᠠᠨ᠂ ᠡᠨᠡ ᠳᠠᠶᠢᠨ ᠳᠤ ᠠᠯᠲᠠᠨ ᠬᠠᠨ ᠭᠠᠪᠢᠶ᠎ᠠ ᠪᠠᠶᠢᠭᠤᠯᠤᠭᠰᠠᠨ ᠢᠶᠠᠷ ᠰᠤᠤᠲᠤ ᠬᠠᠨ ᠭᠡᠰᠡᠨ ᠴᠤᠯᠠ ᠪᠠᠷ ᠰᠣᠶᠣᠷᠬᠠᠭᠤᠯᠵᠤ ᠪᠠᠶᠢᠭᠰᠠᠨ᠃        ᠬᠤᠶᠠᠷ ᠲᠤ᠂ ᠦᠯᠭᠡ ᠲᠦᠮᠡᠨ ᠢ ᠡᠵᠡᠯᠡᠵᠦ᠂ ᠬᠠᠯᠬ᠎ᠠ ᠲᠦᠮᠡᠨ ᠲᠠᠢ ᠨᠠᠶᠢᠷᠰᠠᠭ ᠬᠠᠷᠢᠴᠠᠭ᠎ᠠ ᠪᠠᠶᠢᠭᠤᠯᠤᠨ᠂ ᠬᠦᠬᠡᠨᠠᠭᠤᠷ ᠲᠤ ᠴᠡᠷᠢᠭᠯᠡᠭᠰᠡᠨ᠃ ᠲᠡᠭᠡᠭᠡᠳ ᠲᠡᠷᠡ ᠦᠶ᠎ᠡ ᠶᠢᠨ ᠤᠮᠠᠷᠠᠲᠤ ᠶᠤᠸᠠᠨ ᠤᠯᠤᠰ ᠤᠨ ᠬᠠᠭᠠᠨ ᠪᠤᠳᠢ ᠠᠯᠠᠭ ᠠᠴᠠ ᠲᠦᠰᠢᠶᠡᠲᠦ ᠰᠡᠴᠡᠨ ᠬᠠᠨ ᠭᠡᠰᠡᠨ ᠴᠤᠯᠠ ᠣᠯᠣᠭᠰᠠᠨ ᠪᠠᠶᠢᠵᠠᠢ᠃        ᠭᠤᠷᠪᠠ ᠳᠤ᠂ ᠣᠶᠢᠷᠠᠳ ᠲᠤ ᠠᠶᠠᠯᠠᠵᠤ᠂ ᠴᠢᠩᠭᠢᠰ ᠬᠠᠭᠠᠨ ᠤ ᠶᠣᠰᠣ ᠪᠠᠷ ᠤᠷᠤᠭ ᠪᠣᠯᠣᠯᠴᠠᠭᠰᠠᠨ᠃        ᠳᠦᠷᠪᠡ ᠳᠤ᠂ ᠬᠢᠲᠠᠳ ᠲᠠᠢ ᠨᠠᠶᠢᠷᠰᠠᠭ ᠬᠠᠷᠢᠯᠴᠠᠭ᠎ᠠ ᠪᠠᠶᠢᠭᠤᠯᠵᠤ᠂ ᠸᠠᠩ ᠴᠤᠯᠠ ᠠᠪᠤᠭᠰᠠᠨ᠃        ᠲᠠᠪᠤ ᠳᠤ᠂ ᠳᠠᠯᠠᠢ ᠯᠠᠮᠠ ᠲᠠᠢ ᠬᠠᠷᠢᠯᠴᠠᠵᠤ᠂ ᠪᠤᠷᠬᠠᠨ ᠤ ᠱᠠᠰᠢᠨ ᠢ ᠮᠤᠩᠭᠤᠯ ᠣᠷᠣᠨ ᠳᠤ ᠳᠡᠯᠭᠡᠷᠡᠭᠦᠯᠦᠭᠰᠡᠨ ᠪᠦᠭᠡᠳ ᠳᠠᠯᠠᠢ ᠯᠠᠮᠠ ᠠᠴᠠ ᠬᠠᠭᠠᠨ ᠴᠤᠯᠠ ᠠᠪᠤᠭᠰᠠᠰᠨ᠃        ᠡᠨᠡ ᠮᠡᠲᠦ ᠪᠠᠷ ᠬᠡᠳᠦᠨ ᠠᠷᠪᠠᠨ ᠵᠢᠯ ᠤᠨ ᠴᠡᠷᠢᠭ ᠲᠠᠶᠢᠨ ᠤ ᠠᠵᠢᠯᠯᠠᠭ᠎ᠠ ᠪᠠᠷ ᠳᠠᠮᠵᠢᠨ ᠠᠯᠲᠠᠨ ᠬᠠᠨ ᠲᠦᠢᠯ ᠤᠨ ᠨᠡᠷ᠎ᠡ ᠨᠦᠯᠦᠭᠡ ᠲᠠᠢ ᠤᠯᠤᠰ ᠲᠦᠷᠦ ᠶᠢᠨ ᠲᠣᠮᠣ ᠬᠦᠮᠦᠨ ᠪᠣᠯᠣᠭᠰᠠᠨ᠃ ᠲᠡᠭᠦᠨ ᠤ ᠵᠠᠬᠢᠷᠴᠤ ᠪᠠᠶᠢᠭᠰᠠᠨ ᠲᠦᠮᠡᠳ ᠲᠦᠮᠡᠨ ᠴᠦ ᠲᠦᠢᠯ ᠤᠨ ᠶᠡᠬᠡᠪᠡᠷ ᠬᠦᠴᠦᠷᠭᠡᠭᠵᠢᠭᠰᠡᠨ ᠪᠠᠶᠢᠯ᠎ᠠ᠃
 
ᠢᠷᠡᠯᠲᠡ᠄ ᠪᠤᠭᠤᠲᠤ ᠶᠢᠨ ᠲᠡᠤᠬᠡᠨ ᠳᠠᠬᠢ ᠨᠡᠷᠡᠲᠦ ᠬᠦᠮᠦᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号