ᠰᠢᠭᠤᠶᠢᠲᠤ ᠲᠣᠭᠤᠷᠢᠭ ᠯᠢ ᠵᠦᠩ ᠫᠷᠤᠹᠧᠰᠰᠤᠷ ᠢ ᠬᠤᠲᠠ ᠶᠢᠨ ᠵᠥᠪᠯᠡᠭᠴᠢ ᠪᠠᠷ ᠤᠷᠢᠪᠠ
ᠨᠡᠶᠢᠲᠡᠯᠡᠭᠰᠡᠨ ᠴᠠᠭ᠄
2020/8/3
       7 ᠰᠠᠷ᠎ᠠ ᠶᠢᠨ 30᠎ ᠤ ᠡᠳᠦᠷ᠂ ᠰᠢᠭᠤᠶᠢᠲᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠤᠨ ᠤ 11 ᠤᠳᠠᠭᠠᠨ ︵ᠥᠷᠭᠡᠳᠬᠡᠬᠦ︶᠎ ᠤ ᠰᠤᠷᠤᠯᠴᠠᠯᠭ᠎ᠠ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠣᠷᠣᠨ ᠤ ᠨᠠᠮ ᠤᠨ ᠬᠤᠷᠢᠶᠠᠨ ᠤ ᠱᠦᠵᠢ ᠭᠤᠤ ᠸᠧᠨ ᠾᠧ ᠳᠤᠮᠳᠠᠳᠤ ᠤᠯᠤᠰ ᠤᠨ ᠪᠠᠷᠢᠯᠭ᠎ᠠ ᠶᠢᠨ ᠨᠡᠶᠢᠭᠡᠮᠯᠢᠭ ᠤᠨ ᠪᠠᠷᠢᠯᠭ᠎ᠠ ᠶᠢᠨ ᠲᠥᠰᠦᠪᠯᠡᠯ ᠪᠣᠯᠤᠨ ᠰᠡᠭᠦᠯᠡᠷ ᠦᠨᠡᠯᠡᠨ ᠵᠢᠱᠢᠬᠦ ᠲᠤᠰᠬᠠᠶ ᠮᠡᠷᠭᠡᠵᠢᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠯᠢ ᠵᠦᠩ ᠳᠤ ᠤᠷᠢᠯᠭ᠎ᠠ ᠶᠢᠨ ᠪᠢᠴᠢᠭ ᠭᠠᠷᠳᠠᠭᠤᠯᠵᠠᠶ᠃ ᠯᠢ ᠵᠦᠩ ᠢ ᠰᠢᠭᠤᠶᠢᠲᠤ ᠲᠣᠭᠤᠷᠢᠭ ᠤᠨ ᠬᠤᠲᠠ ᠶᠢᠨ ᠵᠥᠪᠯᠡᠭᠴᠢ ᠪᠠᠷ ᠵᠢᠩᠬᠢᠨᠢ ᠪᠠᠷ ᠤᠷᠢᠨ ᠲᠣᠮᠢᠯᠠᠪᠠ᠃
               ᠲᠠᠨᠢᠯᠴᠠᠭᠤᠯᠤᠭᠰᠠᠨ ᠢᠶᠠᠷ᠂ ᠯᠢ ᠵᠥᠩ ᠪᠣᠯ ᠳᠤᠮᠳᠠᠳᠤ ᠤᠯᠤᠰ ᠤᠨ ᠪᠠᠷᠢᠯᠭ᠎ᠠ ᠶᠢᠨ ᠨᠡᠶᠢᠭᠡᠮᠯᠢᠭ ᠤᠨ ᠪᠠᠷᠢᠯᠭ᠎ᠠ ᠶᠢᠨ ᠲᠥᠰᠦᠪᠯᠡᠯ ᠪᠠ ᠬᠤᠵᠢᠮ ᠤᠨ ᠦᠨᠡᠯᠡᠨ ᠵᠢᠱᠢᠬᠦ ᠲᠤᠰᠬᠠᠶ ᠺᠣᠮᠢᠰ ᠤᠨ ᠳᠡᠳ᠋ ᠡᠷᠬᠢᠯᠡᠭᠴᠢ ᠭᠡᠰᠢᠭᠦᠨ᠂ ᠳᠤᠮᠳᠠᠳᠤ ᠤᠯᠤᠰ ᠤᠨ ᠬᠤᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠨᠡᠶᠢᠭᠡᠮᠯᠢᠭ ᠤᠨ ᠬᠤᠲᠠ ᠶᠢᠨ ᠵᠠᠰᠠᠯᠲᠠ ᠶᠢᠨ ᠲᠤᠰᠬᠠᠶ ᠮᠡᠷᠭᠡᠵᠢᠯ ᠤᠨ ᠺᠣᠮᠢᠰ ᠤᠨ ᠳᠡᠳ᠋ ᠡᠷᠬᠢᠯᠡᠭᠴᠢ ᠭᠡᠰᠢᠭᠦᠨ᠂ ᠳᠤᠮᠳᠠᠳᠤ ᠤᠯᠤᠰ ᠤᠨ ᠬᠤᠲᠠ ᠶᠢᠨ ᠲᠥᠯᠥᠪᠵᠢᠭᠦᠯ ᠭᠡ ᠶᠢᠨ ᠨᠡᠶᠢᠭᠡᠮᠯᠢᠭ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠡᠷᠳᠡᠮ ᠰᠢᠨᠵᠢᠯᠡᠭᠡᠨ ᠤ ᠵᠥᠪᠯᠡᠯ ᠤᠨ ᠭᠡᠰᠢᠭᠦᠨ᠂ ᠳᠤᠮᠳᠠᠳᠤ ᠤᠯᠤᠰ ᠤᠨ ᠮᠣᠳᠣ ᠰᠢᠷᠣᠶ ᠶᠢᠨ ᠢᠨᠵᠧᠨᠧᠷᠢᠩ ᠤᠨ ᠨᠡᠶᠢᠭᠡᠮᠯᠢᠭ ᠤᠨ ᠣᠷᠣᠨ ᠰᠠᠭᠤᠴᠠ ᠶᠢᠨ ᠢᠨᠵᠧᠨᠧᠷᠢᠩ ᠤᠨ ᠵᠢᠯᠣᠭᠤᠳᠬᠤ ᠠᠵᠢᠯ ᠤᠨ ᠵᠥᠪᠯᠡᠯ ᠤᠨ ᠭᠡᠰᠢᠭᠦᠨ᠂   ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠷ᠎ᠡ ᠦᠭᠡ ᠶᠢ ᠬᠢᠨᠠᠨ ᠲᠣᠭᠲᠠᠭᠠᠬᠤ ᠺᠣᠮᠢᠰ ᠳᠤᠮᠳᠠᠳᠤ ᠤᠯᠤᠰ ᠤᠨ ᠪᠠᠷᠢᠯᠭ᠎ᠠ ᠶᠢᠨ ᠨᠡᠶᠢᠭᠡᠮᠯᠢᠭ ᠤᠨ ᠪᠠᠷᠢᠯᠭ᠎ᠠ ᠶᠢᠨ ᠤᠬᠠᠭᠠᠨ ᠤ ᠨᠡᠷ᠎ᠡ ᠦᠭᠡ ᠶᠢ ᠬᠢᠨᠠᠨ ᠲᠣᠭᠲᠠᠭᠠᠬᠤ ᠺᠣᠮᠢᠰ ᠤᠨ ᠭᠡᠰᠢᠭᠦᠨ᠂ ᠪᠡᠭᠡᠵᠢᠩ ᠬᠤᠲᠠ ᠶᠢᠨ ᠪᠠᠷᠢᠯᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠭᠡᠰᠢᠭᠦᠨ᠂ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠵᠧᠵᠢᠶᠠᠩ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ᠂ ᠦᠬᠠᠨ ᠶᠡᠭᠡ ᠰᠤᠷᠭᠠᠭᠤᠯᠢ᠂ ᠴᠦᠩᠴᠢᠩ ᠶᠡᠭᠡ ᠰᠤᠷᠭᠠᠭᠤᠯᠢ ᠵᠡᠷᠭᠡ 26 ᠳᠡᠭᠡᠳᠦ ᠰᠤᠷᠭᠠᠭᠤᠯᠢ ᠶᠢᠨ ᠬᠤᠲᠠ ᠶᠢᠨ ᠬᠥᠭᠵᠢᠯᠲᠡ ᠶᠢᠨ ᠬᠢᠴᠢᠶᠡᠯ ᠤᠨ ᠬᠤᠲᠠ ᠶᠢᠨ ᠬᠤᠲᠠ ᠶᠢᠨ ᠬᠥᠭᠵᠢᠯᠲᠡ ᠶᠢᠨ ᠬᠢᠴᠢᠶᠡᠯ ᠤᠨ ᠵᠣᠴᠢᠨ ᠫᠷᠤᠹᠤᠰᠰᠤᠷ  ᠃ 2003᠎ ᠤᠨ ᠠᠴᠠ ᠣᠳᠣ ᠪᠣᠯᠲᠠᠯ᠎ᠠ ᠪᠦᠯᠬᠦᠮ ᠢᠶᠠᠨ ᠳᠠᠭᠠᠭᠤᠯᠤᠨ ᠪᠦᠬᠦ ᠤᠯᠤᠰ ᠤᠨ ᠡᠯ᠎ᠡ ᠭᠠᠵᠠᠷ ᠤᠨ ᠠᠵᠤ ᠠᠬᠤᠶ ᠢᠯᠠᠯ ᠪᠣᠯᠤᠨ ᠵᠠᠰᠠᠭ ᠤᠨ ᠣᠷᠳᠣᠨ ᠤ 500 ᠭᠠᠷᠤᠶ ᠲᠥᠷᠥᠯ ᠵᠦᠶ᠋ᠯ ᠳᠤ ᠵᠥᠪᠯᠡᠯᠭᠡ ᠥᠭᠬᠦ ᠦᠶ᠋ᠯᠡᠴᠢᠯᠡᠭᠡ ᠬᠠᠩᠭ ᠠᠵᠠᠶ᠃        ᠡᠮᠦᠨᠡᠬᠢ ᠬᠤᠭᠤᠴᠠᠭᠠᠨ ᠳᠤ᠂ ᠰᠢᠭᠤᠶᠢᠲᠤ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠷᠢᠳ ᠬᠤᠵᠢᠳ ᠯᠢ ᠵᠥᠩ ᠫᠷᠣᠫᠧᠰᠰᠤᠷ ᠲᠠᠢ ᠣᠯᠠᠨ ᠤᠳᠠᠭ᠎ᠠ ᠶᠠᠷᠢᠯᠴᠠᠵᠤ᠂ ᠭᠠᠵᠠᠷ ᠣᠷᠣᠨ ᠤ ᠰᠣᠶᠣᠯ ᠢᠷᠭᠡᠨᠰᠢᠯ ᠤᠨ ᠲᠡᠤᠬᠡ᠂ ᠡᠬᠢ ᠪᠠᠶᠠᠯᠢᠭ ᠤᠨ ᠳᠠᠪᠠᠭᠤᠯᠢᠭ ᠪᠣᠯᠤᠨ ᠬᠥᠭᠵᠢᠯᠲᠡ ᠶᠢᠨ ᠢᠷᠡᠭᠡᠳᠦᠶ ᠶᠢ ᠲᠠᠨᠢᠯᠴᠠᠭᠤᠯᠵᠠᠶ᠃ ᠬᠠᠮᠤᠭ ᠡᠴᠦᠰ ᠲᠤ ᠲᠡᠭᠦᠨ ᠢ ᠭᠠᠵᠠᠷ ᠣᠷᠣᠨ ᠳᠤ ᠣᠷᠣᠭᠤᠯᠤᠭᠰᠠᠨ ᠬᠤᠳᠠ ᠶᠢᠨ ᠵᠢᠷᠤᠭ ᠲᠥᠯᠥᠪᠯᠡᠭᠡᠨ ᠤ ᠪᠦᠯᠬᠦᠮ ᠨᠢ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠪᠠ᠃ ᠲᠤᠰᠬᠠᠶ ᠮᠡᠷᠭᠡᠵᠢᠯᠲᠡᠨ ᠤ ᠣᠷᠣᠯᠴᠠᠭᠰᠠᠨ᠂ ᠰᠢᠭᠤᠶᠢᠲᠤ ᠣᠷᠣᠨ ᠤ ᠲᠡᠤᠬᠡ ᠰᠣᠶᠣᠯ ᠢ ᠠᠭᠤᠳᠠᠯᠵᠤ ᠣᠷᠣᠨ ᠨᠤᠲᠤᠭ ᠤᠨ ᠵᠢᠭᠤᠯᠴᠢᠯᠠᠯ ᠤᠨ ᠠᠵᠤ ᠠᠬᠤᠶ ᠶᠢ  ᠬᠥᠭᠵᠢᠭᠦᠯᠬᠦ ᠤ ᠬᠤᠲᠠ ᠶᠢᠨ ᠵᠢᠷᠤᠭ ᠲᠥᠯᠥᠪᠯᠡᠭᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠷᠢ ᠬᠡᠮᠵᠢᠶ᠎ᠡ ᠶᠢ ᠪᠦᠲᠦᠭᠡᠨ ᠪᠠᠶᠢᠭᠤᠯᠬᠤ ᠳᠤ ︽ᠣᠶᠤᠨ ᠤᠬᠠᠭᠠᠨ ᠬᠦᠴᠦᠨ︾ ᠣᠷᠣᠭᠤᠯᠬᠤ ᠨᠢ ᠭᠠᠵᠠᠷ ᠣᠷᠣᠨ ᠤ ᠬᠤᠲᠠ ᠶᠢᠨ ᠲᠥᠯᠥᠪᠵᠢᠭᠦᠯᠭᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ  ᠤᠨᠴᠠᠯᠢᠭ ᠢ ᠨᠠᠩ ᠰᠠᠶᠢᠨ ᠪᠤᠢ ᠪᠣᠯᠭᠠᠬᠤ᠂ ᠬᠤᠲᠠ ᠶᠢᠨ ᠳᠦᠷᠢ ᠲᠥᠷᠬᠦ ᠶᠢ ᠨᠠᠩ ᠰᠠᠶᠢᠨ ᠢᠯᠡᠷᠡᠭᠦᠯᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠵᠢᠭᠤᠯᠴᠢᠯᠠᠯ ᠤᠨ ᠵᠣᠷᠢᠭᠰᠠᠨ ᠭᠠᠵᠠᠷ ᠢ ᠪᠤᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号