ᠭᠠᠭᠴᠠᠭᠠᠷᠳᠠᠮᠠᠯ ᠭᠡᠮ ᠤᠨ ᠡᠪᠡᠳᠴᠢᠲᠡᠨ ᠢ ᠳᠠᠬᠢᠨ ᠵᠠᠭᠠᠭᠯᠠᠨ ᠲᠣᠭᠲᠠᠭᠠᠬᠤ ᠶᠢᠨ ᠲᠥᠯᠥᠭᠡ᠂ | ᠭᠠᠭᠴᠠᠭᠠᠷᠳᠠᠮᠠᠯ ᠡᠪᠡᠳᠴᠢᠨ ᠢ ᠣᠶᠤᠨ ᠮᠡᠳᠡᠷᠡᠯ ᠤᠨ ᠵᠡᠮᠳᠡᠭ ᠠᠴᠠ ᠰᠠᠯᠭᠠᠨ ᠭᠠᠷᠭᠠᠵᠤ᠂ ᠨᠢᠭᠡ ᠵᠦᠢᠯ ᠤᠨ | ᠲᠤᠰᠠᠭᠠᠷ ᠵᠡᠮᠳᠡᠭ ᠤᠨ ᠲᠥᠷᠥᠯ ᠵᠦᠢᠯ ᠪᠣᠯᠤᠭᠰᠠᠨ ᠤ ᠬᠤᠪᠢ ᠳᠤ᠂᠂ ᠡᠨᠡᠬᠦ ᠰᠠᠭᠤᠷᠢᠨ ᠳᠡᠭᠡᠷ᠎ᠡ ᠨᠡᠩ | ᠬᠠᠨᠳᠤᠯᠭᠠᠲᠤ ᠴᠢᠨᠠᠷᠲᠠᠶ ᠲᠦᠷᠦ ᠶᠢᠨ ᠪᠤᠳᠤᠯᠭ᠎ᠠ ᠶᠢ ᠲᠣᠭᠲᠠᠭᠠᠨ᠎ᠠ᠃ | | | ᠰᠢᠭᠤᠶᠢᠲᠤ ᠵᠡᠭᠡᠯᠢ ᠭᠤᠳᠤᠮᠵᠢ 8 ᠰᠠᠷ᠎ᠠ ᠶᠢᠨ 3 ᠤ ᠡᠳᠦᠷ ᠠᠵᠢᠯᠲᠠᠨ ᠵᠣᠬᠢᠶᠠᠨ ᠪᠠᠶᠢᠭᠤᠯᠵᠤ | ᠭᠠᠭᠴᠠᠭᠠᠷᠳᠠᠮᠠᠯ ᠡᠪᠡᠳᠴᠢᠲᠡᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠨᠠᠷᠢᠨ ᠬᠢᠨᠠᠮᠠᠭᠠᠶ ᠥᠷᠨᠢᠭᠦᠯᠵᠦ᠂ | ᠪᠠᠶᠢᠳᠠᠯ ᠢ ᠣᠶᠢᠯᠭᠠᠨ ᠪᠠᠶᠢᠴᠠᠭᠠᠬᠤ ᠪᠠᠷ ᠳᠠᠮᠵᠢᠨ ᠳᠠᠷᠠᠭ᠎ᠠ ᠠᠯᠬᠤᠮ ᠤᠨ ᠨᠠᠶᠢᠳᠠᠨ ᠬᠠᠮᠢᠶᠠᠷᠤᠭᠤᠯᠬᠤ ᠪᠠᠶᠢᠭ | ᠤᠯᠤᠮᠵᠢ ᠶᠢᠨ ᠲᠤᠭ᠎ᠠ ᠬᠡᠮᠵᠢᠶ᠎ᠡ ᠪᠠ ᠲᠠᠷᠬᠠᠯᠲᠠ ᠳᠤ ᠲᠤᠭ᠎ᠠ ᠪᠠᠷᠢᠮᠲᠠ ᠬᠠᠩᠭᠠᠵᠤ᠂ ᠡᠭᠦᠨ ᠤ ᠬᠠᠮᠲᠤ ᠲᠤᠭ᠎ᠠ | ᠪᠠᠷᠢᠮᠲᠠ ᠶᠢ ᠨᠢᠭᠡᠳᠦᠯᠲᠡᠶ ᠮᠡᠳᠡᠭᠡ ᠵᠠᠩᠭᠢ ᠶᠢᠨ ᠲᠠᠪᠴᠠᠩ ᠳᠤ ᠴᠤᠭᠯᠠᠭᠤᠯᠤᠨ᠂ ᠪᠠᠶᠢᠴᠠᠭᠠᠨ ᠯᠠᠪᠯᠠᠬᠤ ᠳᠤ ᠲᠥᠬᠦᠮ | ᠪᠣᠯᠭᠠᠵᠤ᠂ ᠭᠠᠭᠴᠠᠭᠠᠷᠳᠠᠮᠠᠯ ᠡᠪᠡᠳᠴᠢᠲᠡᠨ ᠤ ᠬᠡᠷ ᠪᠦᠯᠢ ᠵᠢᠴᠢ ᠦᠶ᠋ᠯᠡᠴᠢᠯᠡᠭᠡᠨ ᠤ ᠪᠠᠶᠢᠭᠤᠯᠤᠮᠵᠢ ᠳᠤ ᠪᠦᠲᠦᠮᠵᠢᠲᠡᠶ | ᠳᠡᠮᠵᠢᠯᠭᠡ ᠬᠠᠩᠭᠠᠨ᠎ᠠ᠃ |