ᠠᠵᠤ ᠦᠢᠯᠡᠰ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠮᠢᠳᠤᠯᠢᠭ ᠲᠣᠭᠲᠠᠴᠠ ᠁ ᠡᠨᠡ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ 2020 ᠣᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠴᠢᠨᠠᠷ ᠰᠠᠶᠢ ᠲᠠᠢ ᠬᠥᠭᠵᠢᠯᠲᠡ ᠶᠢ ᠲᠤᠰᠬᠠᠵᠠᠢ
ᠨᠡᠶᠢᠲᠡᠯᠡᠭᠰᠡᠨ ᠴᠠᠭ᠄
2020-08-05
    7 ᠰᠠᠷ᠎ᠠ ᠶᠢᠨ 17 ᠤ ᠡᠳᠦᠷ᠂ ᠪᠤᠭᠤᠲᠤ ᠬᠤᠲᠠ ᠶᠢᠨ ᠬᠤᠲᠠ ᠶᠢᠨ ᠬᠢᠨ ᠪᠠᠷᠠᠭᠠᠨ ᠤ ᠭᠦᠶ᠋ᠯᠭᠡᠭᠡᠨ ᠤ ᠬᠦᠷᠢᠶᠡᠯᠡᠩ ᠲᠣᠭᠤᠷᠢᠭ ᠤᠨ ︽ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠬᠦᠴᠦᠯᠡᠵᠦ ᠂ ᠲᠠᠰ ᠳᠡᠪᠰᠢᠭᠦᠯᠬᠦ ᠳᠤᠮᠳᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠭᠤᠶᠢᠲᠤ ᠲᠣᠭᠤᠷᠢᠭ ᠤ ᠰᠣᠨᠢᠨ ᠮᠡᠳᠡᠭᠡ ᠨᠡᠶᠢᠲᠡᠯᠡᠬᠦ ᠲᠥᠪ ᠲᠤ ᠶᠠᠪᠤᠭᠳᠠᠪᠠ᠃
   ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠪᠤᠭᠤᠲᠤ ᠬᠤᠳᠠ ᠶᠢᠨ ᠬᠠᠮᠲᠤᠪᠠᠷ ᠲᠤᠬᠢᠷᠠᠭᠤᠯᠤᠨ ᠬᠦᠷᠭᠡᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤ ᠰᠣᠨᠢᠨ ᠮᠡᠳᠡᠭᠡᠨ ᠤ ᠥᠭᠦᠯᠡᠭᠴᠢ 2020 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠰᠣᠨᠢᠨ  ᠮᠡᠳᠡᠭᠡ ᠨᠡᠶᠢᠲᠡᠯᠡᠬᠦ ᠶᠢᠨ ᠬᠠᠮᠲᠤ ᠠᠵᠤ ᠦᠢᠯᠡᠰ ᠢᠶᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠥᠨ ᠳᠠᠭᠠᠭᠤᠯᠬᠤ᠂ ︽ᠬᠡᠦᠬᠡᠳ ᠠᠰᠠᠷᠠᠬᠤ ᠬᠡᠯᠪᠡᠷᠢ︾ ᠶᠢᠨ ᠦᠢᠯᠡᠴᠢᠯᠡᠭᠡ ᠶᠢ ᠦᠢᠯᠡᠳᠦᠯᠭᠡᠵᠢᠭᠦᠯᠬᠦ᠂ ᠨᠠᠮ ᠤᠨ ᠪᠠᠶᠢᠭᠤᠯᠤᠯᠲᠠ ᠶᠢ ᠠ ᠲᠬᠤᠵᠤ ᠬᠥᠭᠵᠢᠯᠲᠡ ᠶᠢ ᠠᠬᠢᠭᠤᠯᠬᠤ ᠵᠡᠷᠭᠡ ᠠᠵᠢᠯ ᠤᠨ ᠪᠠᠶᠢᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃     ᠪᠤᠭᠤᠲᠤ ᠶᠢᠨ ᠡᠳᠦᠷ ᠤᠨ ᠰᠣᠨᠢᠨ᠂ ᠪᠤᠭᠤᠲᠤ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠤᠭᠤᠲᠤ ᠶᠢᠨ ᠤᠷᠦᠢ ᠶᠢᠨ ᠰᠣᠨᠢᠨ᠂ ᠰᠢᠭᠤᠶᠢᠲᠤ ᠣᠷᠣᠨ ᠤ ᠬᠠᠮ ᠵᠠᠭᠤᠴᠢᠯᠠᠭᠤᠷ ᠤᠨ ᠲᠥᠪ᠂ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ᠂ ᠶᠦᠨ ᠱᠠᠩ ᠱᠢ ᠭᠤᠸᠠᠶ᠂ ᠰᠢᠭᠤᠶᠢᠲᠤ ᠣᠷᠣᠨ ᠤ ᠰᠣᠨᠢᠨ ᠮᠡᠳᠡᠭᠡ ᠵᠡᠷᠭᠡ ᠰᠣᠨᠢᠨ ᠮᠡᠳᠡᠭᠡ ᠨᠡᠶᠢᠲᠡᠯᠡᠬᠦ ᠬᠤᠷᠠᠯ ᠳᠤ  ᠤᠷᠥᠯᠴᠠᠪᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号