2020 ᠣᠨ ᠳᠤ ᠪᠤᠭᠤᠲᠤ ᠬᠤᠲᠠ ᠶᠢᠨ ᠥᠨᠳᠥᠷ ᠳᠤᠮᠳᠠᠳᠤ ᠶᠢᠨ ᠰᠢᠯᠭᠠᠯᠲᠠ ᠶᠢᠨ ᠬᠤᠪᠢ ᠶᠢᠨ ᠱᠤᠭᠤᠮ ᠢ ᠨᠡᠶᠢᠲᠡᠯᠡᠪᠡ︕
ᠨᠡᠶᠢᠲᠡᠯᠡᠭᠰᠡᠨ ᠴᠠᠭ᠄
2020-08-06
   ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽︿ᠪᠤᠭᠤᠲᠤ ᠬᠤᠲᠠ ᠶᠢᠨ 2020 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠰᠤᠷᠤᠯᠭ᠎ᠠ ᠶᠢᠨ ᠰᠢᠯᠭᠠᠯᠲᠠ ᠵᠢᠴᠢ ᠨᠠᠶ᠋ᠮᠠᠳᠤᠭᠠᠷ ᠣᠨ ᠤ ᠠᠮᠢᠲᠦ ᠪᠣᠳᠠᠰ᠂ ᠭᠠᠵᠠᠷ ᠵᠦᠶ ᠶᠢᠨ ᠰᠤᠷᠤᠯᠭ᠎ᠠ ᠲᠡᠭᠦᠰᠬᠦ ᠰᠢᠯᠭᠠᠯᠲᠠ ᠬᠢᠭᠡᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ᠂ 2020 ᠤᠨ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠲᠠᠢ ᠤᠶᠠᠯᠳᠤᠭᠤᠯᠤᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠤᠭ ᠳᠣᠤᠷ᠎ᠠ ᠬᠤᠪᠢ ᠶᠢᠨ ᠬᠢᠵᠠᠭᠠᠷ ᠱᠤᠭᠤᠮ ᠢ ᠲᠣᠭᠲᠠᠭᠠᠵᠤ᠂ ᠬᠤᠲᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠤᠨ ᠤᠳ ᠤᠷᠢᠳᠬᠤ ᠳᠤᠭᠤᠶᠢᠯᠠᠩ ᠠᠴᠠ ᠰᠤᠳᠤᠯᠤᠨ ᠪᠠᠲᠤᠯᠠᠵᠠᠶ᠃ ᠡᠳᠦᠭᠡ ᠳᠣᠣᠷᠠᠬᠢ ᠮᠡᠲᠦ ᠵᠠᠷᠯᠠᠶ᠎ᠠ᠄    ᠨᠢᠭᠡ᠂ ᠪᠤᠭᠤᠲᠤ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠠᠪᠤᠳᠤᠭᠠᠷ ᠲᠣᠭᠤᠷᠢᠭ ︵ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠳ᠋ᠦᠩ ᠾᠧ ᠲᠣᠭᠤᠷᠢᠭ᠂ ᠵᠢᠦ ᠶᠤᠸᠠᠨ ᠲᠣᠭᠤᠷᠢᠭ ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ︶ ᠤᠨ ᠬᠠᠮᠤᠭ ᠤᠨ ᠳᠣᠤᠷ᠎ᠠ ᠬᠤᠪᠢ ᠶᠢᠨ ᠡᠵᠡᠮᠳᠡᠯ ᠤᠨ ᠱᠤᠭᠤᠮ 330 ᠬᠤᠪᠢ︔    ᠬᠤᠶᠠᠷ᠂ ᠪᠤᠭᠤᠲᠤ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠠᠳᠠᠷ ᠲᠠᠪᠤᠨ ᠲᠣᠭᠤᠷᠢᠭ ︵ᠰᠢᠭᠤᠶᠢᠲᠤ ᠲᠣᠭᠤᠷᠢᠭ᠂ ᠪᠠᠶ ᠶᠦᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠭᠦᠶᠡᠩ ᠰᠢᠶᠠᠨ ᠂ ᠳᠠᠷᠬᠠᠨ ᠮᠤᠤᠮᠢᠩᠭᠠᠨ ᠬᠤᠰᠢᠭᠤ︶ ᠤᠨ ᠬᠠᠮᠤᠭ ᠤᠨ ᠳᠣᠤᠷ᠎ᠠ ᠬᠤᠪᠢ ᠶᠢᠨ ᠡᠵᠡᠮᠳᠡᠯ ᠤᠨ ᠱᠤᠭᠤᠮ 300 ᠬᠤᠪᠢ︔    ᠭᠤᠷᠪᠠ᠂ ᠪᠤᠭᠤᠲᠤ ᠬᠤᠲᠠ ᠶᠢᠨ ᠨᠢᠭᠡᠳᠦᠭᠡᠷ ᠪᠦᠯᠦᠭ ᠤᠳᠠᠭ᠎ᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠷᠣᠨ ᠤ ᠭᠠᠳᠠᠨ᠎ᠠ ᠨᠢᠭᠡᠳᠦᠯᠲᠡᠶ ᠡᠯᠰᠡᠬᠦ ᠬᠠᠮᠤᠭ ᠤᠨ ᠳᠣᠤᠷ᠎ᠠ ᠬᠤᠪᠢ ᠶᠢᠨ ᠡᠵᠡᠮᠳᠡᠯ ᠤᠨ ᠱᠤᠭᠤᠮ 450 ᠬᠤᠪᠢ︔    ᠳᠥᠷᠪᠡ᠂ ᠪᠤᠭᠤᠲᠤ ᠬᠤᠲᠠ ᠶᠢᠨ ᠨᠢᠭᠡᠳᠦᠭᠡᠷ ᠪᠦᠯᠦᠭ ᠤᠳᠠᠭ᠎ᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠷᠣᠨ ᠤ ᠳᠣᠲᠣᠷ᠎ᠠ ᠨᠢᠭᠡᠳᠦᠯᠲᠡᠶ ᠡᠯᠰᠡᠬᠦ ᠬᠠᠮᠤᠭ ᠤᠨ ᠳᠣᠤᠷ᠎ᠠ ᠬᠤᠪᠢ ᠶᠢᠨ ᠡᠵᠡᠮᠳᠡᠯ ᠤᠨ ᠱᠤᠭᠤᠮ 390 ᠬᠤᠪᠢ︔    ᠲᠠᠪᠤ᠂ ᠪᠤᠭᠤᠲᠤ ᠬᠤᠲᠠ ᠶᠢᠨ ᠨᠢᠭᠡᠳᠦᠭᠡᠷ ᠪᠦᠯᠦᠭ ᠤᠳᠠᠭ᠎ᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠭᠤᠷᠢᠭ᠂ ᠣᠷᠣᠨ ᠤ ᠭᠠᠳᠠᠨ᠎ᠠ ᠬᠤᠪᠢᠶᠠᠨ ᠡᠯᠰᠡᠬᠦ ᠬᠠᠮᠤᠭ ᠳᠣᠤᠷ᠎ᠠ ᠬᠤᠪᠢ ᠶᠢᠨ ᠡᠵᠡᠮᠳᠡᠯ ᠤᠨ ᠱᠤᠭᠤᠮ 380 ᠬᠤᠪᠢ᠃ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ 2020 ᠣᠨ ᠤ 8 ᠳ᠋ᠤᠭᠠᠷ ᠰᠠᠷ᠎ᠠ ᠶᠢᠨ 4 ᠤ ᠡᠳᠦᠷ    2020 ᠣᠨ ᠤ ᠪᠤᠭᠤᠲᠤ ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠣᠲᠣ ᠨᠢᠭᠡᠨᠲᠡ ᠨᠡᠶᠢᠲᠡᠯᠡᠪᠡ    ᠰᠢᠯᠭᠠᠭᠤᠯᠤᠭᠴᠢ ᠳᠣᠤᠷᠠᠬᠢ ᠬᠤᠶᠠᠷ ᠬᠡᠮᠵᠢᠯᠳᠦ ᠺᠣᠳ᠋ ᠢ ᠰᠢᠷᠪᠢᠵᠦ ᠯᠠᠪᠯᠠᠵᠤ ᠪᠣᠯᠤᠨ᠎ᠠ

 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号