8 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠵᠢᠶᠦ᠋ᠨ | ᠨᠡᠷ ᠰᠢᠭᠤᠶᠢᠲᠤ ᠲᠣᠭᠤᠷᠢᠭ ᠲᠤ ᠬᠦᠷᠴᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠲᠤᠬᠠᠶ | ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | | | | | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠸᠧᠨ ᠾᠧ᠂ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠰᠢᠨ ᠴᠦᠨ᠂ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠸᠠᠩ ᠾᠦᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠵᠣᠣ ᠮᠠᠨ ᠢ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠬᠠᠮᠢᠶ᠎ᠠ ᠪᠥᠬᠦᠶ ᠬᠥᠮᠦᠰ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠵᠠᠶ᠃ | | | | | ᠸᠠᠩ ᠵᠢᠶᠦ᠋ᠨ ᠨᠡᠷ ᠤᠷᠢᠳ ᠬᠤᠵᠢᠳ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠦᠪᠯᠡᠯ ᠤᠨ ᠶᠡᠷᠦᠩᠬᠡᠶᠢᠯᠡᠭᠰᠡᠨ ᠬᠡᠷᠡᠭ ᠰᠢᠶ᠋ᠳᠪᠦᠷᠢᠯᠡᠬᠦ ᠲᠣᠭᠤᠷᠢᠭ᠂ ᠵᠠᠬᠢᠳᠠᠯ ᠰᠤᠷᠪᠤᠯᠵᠢᠯᠠᠭ᠎ᠠ ᠶᠢ | ᠬᠦᠯᠢᠶᠡᠨ ᠠᠪᠬᠤ ᠲᠥᠪ᠂ ᠶᠠᠷᠢᠯᠴᠠᠬᠤ ᠲᠠᠰᠤᠭ᠂ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ | ᠬᠠᠮᠢᠶᠠᠷᠤᠯᠲᠠ ᠶᠢᠨ ᠲᠠᠰᠤᠭ᠂ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠳᠠᠩᠰᠠ ᠡᠪᠬᠡᠮᠡᠯ ᠤᠨ | ᠲᠠᠰᠤᠭ ᠪᠠ ᠴᠠᠭᠳᠠᠨ ᠪᠠᠶᠢᠴᠠᠭᠠᠬᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠥᠪ ᠵᠡᠷᠭᠡ ᠲᠠᠯᠠᠪᠤᠷ ᠲᠤ ᠬᠦᠷᠴᠦ | ᠂ ᠰᠢᠭᠤᠶᠢᠲᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ | ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶᠢᠯᠠᠨ ᠵᠠᠰᠠᠬᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠪᠠ ᠲᠣᠮᠣ ᠳ᠋ᠠᠶᠢᠲ᠋ᠠ ᠶᠢᠨ | ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠵᠠᠳᠠᠯᠠᠬᠤ ᠲᠠᠪᠴᠠᠩ ᠤᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠢ | ᠲᠤᠬᠠᠶ ᠶᠢᠨ ᠭᠠᠵᠠᠷ ᠲᠤ ᠪᠠᠶᠢᠴᠠᠭᠠᠨ ᠦᠵᠡᠪᠡ᠃ | | | | | ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠰᠠᠭᠤᠳᠠᠯ ᠤᠨ ᠬᠤᠷᠠᠯ | ᠬᠤᠷᠠᠯᠳᠠᠵᠤ᠂ ᠭᠤᠤ ᠸᠧᠨ ᠾᠧ ᠬᠤᠷᠠᠯ ᠢ ᠡᠷᠬᠢᠯᠡᠵᠤ᠂ ᠰᠢᠭᠤᠶᠢᠲᠤ ᠲᠣᠭᠤᠷᠢᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠷᠦᠩᠬᠡᠶ ᠪᠠᠶᠢᠳᠠᠯ ᠢ ᠲᠠᠨᠢᠯᠴᠠᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ︔ ᠸᠠᠩ ᠾᠦᠢ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠤᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠬᠠᠷᠢᠭᠤ ᠮᠡᠳᠡᠭᠦᠯᠵᠡᠢ᠃ | | | | | ᠸᠠᠩ ᠵᠢᠶᠦ᠋ᠨ ᠵᠢᠭᠠᠵᠤ ᠭᠠᠷᠭᠠᠭᠰᠠᠨ ᠨᠢ᠂ ᠰᠢᠭᠤᠶᠢᠲᠤ ᠲᠣᠭᠤᠷᠢᠭ ᠤᠨ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠵᠤᠶᠢᠯ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠠᠶ᠃ ᠡᠯ᠎ᠡ ᠵᠦᠶ᠋ᠯ ᠤᠨ ᠭᠤᠤᠯᠳᠠᠯᠭ᠎ᠠ ᠲᠠᠢ ᠠᠵᠢᠯ ᠢ ᠥᠷᠨᠢᠭᠦᠯᠬᠦ ᠠᠵᠢᠯᠯᠠᠭ᠎ᠠ | ᠲᠦᠷᠭᠡᠨ᠂ ᠠᠷᠭ᠎ᠠ ᠬᠡᠮᠵᠢᠶ᠎ᠡ ᠨᠢ ᠬᠦᠴᠦᠨ ᠲᠡᠭᠦᠯᠳᠡᠷ᠂ ᠦᠷ᠎ᠡ ᠪᠦᠲᠦᠮᠵᠢ ᠢᠯᠡᠷᠬᠡᠶ ᠪᠠᠶᠢᠨ᠎ᠠ᠃ ᠲᠣᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠺᠠᠳ᠋ᠷ ᠤᠨ ᠡᠩᠨᠡᠭᠡᠨ ᠤ ᠣᠶᠤᠨ | ᠰᠠᠨᠠᠭᠠᠨ ᠤ ᠪᠠᠢᠳᠠᠯ ᠲᠡᠭᠦᠯᠳᠡᠷ᠂ ᠡᠯ᠎ᠡ ᠵᠦᠢᠯ ᠤᠨ ᠠᠵᠢᠯ ᠤᠨ ᠰᠡᠳᠬᠢᠴᠡ ᠲᠣᠳᠣᠷᠬᠠᠢ᠂ ᠬᠠᠷᠠᠯᠲᠠ ᠲᠣᠳᠣᠷᠬᠠᠢ᠂ | ᠪᠣᠳᠠᠲᠠᠢ ᠠᠳᠬᠤᠵᠤ ᠪᠣᠳᠠᠲᠠᠢ ᠶᠢ ᠡᠷᠬᠢᠮᠯᠡᠵᠦ᠂ ᠦᠷ᠎ᠡ ᠪᠦᠲᠦᠮᠵᠢ ᠢᠯᠡᠷᠬᠡᠢ ᠪᠠᠶᠢᠨ᠎ᠠ᠃ | | | | | ᠸᠠᠩ ᠵᠢᠶᠦ᠋ᠨ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠰᠢᠭᠤᠶᠢᠲᠤ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳᠦᠷᠪᠡᠨ ᠲᠠᠯ᠎ᠠ ᠪᠠᠷ ᠦᠨᠡᠨᠬᠦ | ᠰᠠᠶᠢᠲᠤᠷ ᠬᠢᠬᠦ ᠬᠡᠷᠡᠭᠲᠡᠢ᠃ ᠤᠯᠤᠰ ᠲᠥᠷᠥ ᠶᠢᠨ ᠬᠢᠨᠠᠯᠲᠠ ᠲᠠᠯᠪᠢᠬᠤ ᠲᠠᠯ᠎ᠠ ᠪᠠᠷ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠪᠣᠯᠤᠨ ︽ᠨᠠᠷᠢᠯᠢᠭ ᠣᠨᠣᠴᠠᠲᠠᠶ ᠪᠠᠷ ᠬᠢᠨᠠᠯᠲᠠ | ᠲᠠᠯᠪᠢᠬᠤ ᠤᠨ︾ ᠤ ᠡᠯ᠎ᠡ ᠵᠦᠢᠯ ᠤᠨ ᠱᠠᠭᠠᠷᠳᠠᠯᠭ᠎ᠠ ᠶᠣᠰᠣᠭᠠᠷ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ | ᠲᠡᠳᠡᠨ ᠣᠷᠣᠭᠤᠯᠬᠤ ᠪᠠ ᠴᠢᠩᠭᠠᠳᠬᠠᠵᠤ᠂ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠪᠣᠳᠠᠲᠠᠶ ᠬᠢᠵᠦ᠂ ᠨᠠᠷᠢᠨ ᠨᠢᠮᠪᠠᠶ ᠬᠢᠵᠦ᠂ ᠡᠭᠦᠨ ᠤ ᠬᠠᠮᠲᠤ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠵᠡᠷᠭᠡ ᠬᠤᠯᠪᠣᠭᠳᠠᠯ ᠪᠦᠬᠦᠢ ᠴᠢᠬᠤᠯᠠ ᠶᠡᠭᠡ ᠵᠦᠶ᠋ᠯᠡᠰ ᠪᠣᠯᠤᠨ ᠴᠢᠬᠤᠯᠠ ᠠᠵᠢᠯ ᠳᠤ ᠴᠠᠭ | ᠲᠤᠬᠠᠶ ᠳᠤᠨᠢ ᠬᠢᠨᠠᠯᠲᠠ ᠲᠠᠯᠪᠢᠬᠤ ᠬᠡᠷᠡᠭᠲᠡᠶ᠃ ᠲᠤᠰᠬᠠᠶᠢᠯᠠᠨ ᠵᠠᠰᠠᠬᠤ ᠲᠠᠯ᠎ᠠ ᠪᠠᠷ᠂ ᠴᠡᠭᠴᠡᠯᠡᠨ ᠰᠠᠶᠢᠵᠢᠷᠠᠭᠤᠯᠬᠤ᠂ | ᠰᠦᠪᠡᠭᠴᠢ ᠶᠢ ᠰᠢᠶ᠋ᠳᠪᠦᠷᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠲᠤᠰᠬᠠᠶ | ᠠᠵᠢᠯ ᠤᠨ ᠪᠣᠳᠠᠲᠠᠶ ᠱᠠᠭᠠᠷᠳᠠᠯᠭ᠎ᠠ ᠪᠣᠯᠤᠨ ᠴᠠᠭ ᠤᠨ ᠵᠠᠩᠭᠢᠶ᠎ᠠ ᠴᠡᠭ ᠢ ᠰᠠᠶᠢᠲᠤᠷ ᠡᠵᠡᠮᠰᠢᠵᠦ᠂ ︽ᠠᠷᠪᠠᠨ | ᠬᠤᠷᠤᠭᠤ ᠪᠠᠷ ᠢᠶᠠᠨ ᠲᠡᠭᠦᠯᠳᠡᠷ ᠬᠤᠭᠤᠷ ᠲᠠᠷᠤᠬᠤ︾ ᠶᠢ ᠰᠤᠷᠬᠤ ᠬᠡᠷᠡᠭᠲᠠᠢ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠡᠭᠦᠷᠡᠰᠦᠨ ᠤ ᠡᠬᠢ ᠪᠠᠶᠠᠯᠢᠭ ᠤᠨ | ᠬᠦᠷᠢᠶ᠎ᠡ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠵᠡᠷᠭᠡ ᠡᠯ᠎ᠡ ᠲᠤᠰᠬᠠᠢ | ᠵᠠᠰᠠᠯᠲᠠ ᠶᠢᠨ ᠠᠵᠢᠯ ᠢ ᠵᠣᠬᠢᠰᠲᠠᠢ ᠪᠠᠶᠢᠷᠢᠯᠠᠭᠤᠯᠵᠤ᠂ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠠᠬᠢᠯᠭ᠎ᠠ ᠪᠠᠲᠤ | ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠲᠠᠯ᠎ᠠ ᠪᠠᠷ᠂ ᠣᠳᠣᠬᠠᠨ ᠳᠤ ᠦᠨᠳᠦᠰᠦᠨ ᠱᠠᠲᠤᠨ ᠤ ︽ᠪᠢᠴᠢᠯ | ᠢᠯᠵᠠᠷᠠᠯ︾ ᠢ ᠶᠡᠭᠡ ᠪᠠᠷ ᠴᠡᠪᠡᠷᠯᠡᠨ ᠠᠷᠢᠯᠭᠠᠬᠤ ᠠᠵᠢᠯᠯᠠᠭ᠎ᠠ ᠠᠩᠬᠠᠨ ᠤ ᠡᠭᠡᠯᠵᠢ ᠶᠢᠨ ᠢᠯᠠᠯᠲᠠ ᠣᠯᠵᠤ᠂ | ᠬᠤᠶᠠᠳᠤᠭᠠᠷ ᠡᠭᠡᠯᠵᠢ ᠶᠢᠨ ᠴᠡᠪᠡᠷᠯᠡᠨ ᠠᠷᠢᠯᠭᠠᠬᠤ ᠠᠵᠢᠯᠯᠠᠭ᠎ᠠ ᠦᠷᠭᠦᠯᠵᠢᠯᠡᠨ ᠶᠠᠪᠤᠭᠳᠠᠵᠤ ᠪᠠᠶᠢᠨ᠎ᠠ᠃ ᠬᠡᠷᠡᠭ ᠢ | ᠪᠠᠶᠢᠴᠠᠭᠠᠨ ᠰᠢᠶ᠋ᠳᠪᠦᠷᠢᠯᠡᠬᠦ ᠠᠬᠢᠴᠠ ᠶᠢ ᠲᠦᠷᠭᠡᠳᠬᠡᠬᠦ ᠶᠢᠨ ᠬᠠᠮᠲᠤ ᠠᠮᠤᠷ ᠲᠦᠪᠰᠢᠨ ᠪᠣᠯᠪᠠᠰᠤᠨ ᠢᠶᠠᠷ ᠬᠡᠷᠡᠭ | ᠰᠢᠶ᠋ᠳᠪᠦᠷᠢᠯᠡᠬᠦ ᠶᠢ ᠴᠢᠬᠤᠯᠠᠴᠢᠯᠠᠵᠤ᠂ ᠤᠨᠢᠨ ᠳᠡᠭᠡᠷ᠎ᠡ ᠨᠢ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ | ᠬᠠᠷᠢᠭᠤᠴᠠᠯᠭ᠎ᠠ ᠨᠡᠬᠡᠮᠵᠢᠯᠡᠬᠦ ᠶᠢ ᠳᠡᠯᠭᠡᠷᠡᠭᠦᠯᠬᠦ᠂ ᠬᠡᠶᠢᠰᠪᠦᠷᠢ ᠪᠣᠯᠭᠠᠬᠤ ᠶᠢ ᠰᠡᠷᠭᠡᠶᠢᠯᠡᠨ᠎ᠡ᠃ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠲᠠᠯ᠎ᠠ ᠪᠠᠷ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠤᠬᠠᠮᠰᠠᠷ ᠢ | ᠴᠢᠩᠬᠠᠳᠬᠠᠵᠠᠶ᠃ ᠲᠤᠰ ᠪᠡᠶ᠎ᠡ ᠪᠠᠨ ᠠᠪᠤᠷᠠᠬᠤ᠂ ᠣᠯᠠᠨ ᠲᠣᠭᠠᠲᠠᠨ ᠢ ᠰᠤᠷᠭᠠᠨ ᠬᠥᠮᠦᠵᠢᠭᠦᠯᠬᠦ ᠵᠠᠷᠴᠢᠮ ᠶᠣᠰᠣᠭᠠᠷ᠂ | ᠬᠡᠷᠡᠭ ᠭᠠᠷᠤᠭᠰᠠᠨ ᠰᠢᠯᠲᠠᠭᠠᠨ ᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠬᠡᠷᠡᠭ ᠭᠠᠷᠤᠭᠰᠠᠨ ᠭᠠᠵᠠᠷ ᠣᠷᠣᠨ ᠤ | ᠰᠠᠯᠠᠭ᠎ᠠ ᠮᠥᠴᠢᠷ ᠲᠤ ᠣᠷᠣᠰᠢᠵᠤ ᠪᠠᠶ᠋ᠭ᠎ᠠ ᠠᠰᠠᠭᠤᠳᠠᠯ ᠪᠠ ᠳᠤᠲᠠᠭᠤᠳᠠᠯ ᠢ ᠢᠯᠡᠷᠡᠭᠦᠯᠵᠦ᠂ ᠳᠦᠷᠢᠮ ᠲᠣᠭᠲᠠᠭᠠᠯ | ᠲᠣᠭᠲᠠᠭᠠᠵᠤ᠂ ᠠᠯᠳᠠᠰᠢ ᠭᠠᠷᠬᠤ ᠶᠢ ᠬᠤᠷᠢᠭᠯᠠᠨ᠂ ᠬᠡᠷᠡᠭ ᠢ ᠪᠠᠶᠢᠴᠠᠭᠠᠨ ᠰᠢᠶ᠋ᠳᠪᠦᠷᠢᠯᠡᠬᠦ ︽ᠰᠡᠭᠦᠯ ᠤᠨ ᠬᠠᠭᠠᠰ | ᠵᠣᠬᠢᠶᠠᠯ︾ ᠢ ᠰᠠᠶᠢᠲᠤᠷ ᠬᠢᠵᠦ᠂ ︽ᠭᠤᠷᠪᠠᠨ ᠦᠭᠡᠢ︾ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠬᠢ | ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠦᠨᠳᠦᠰᠦᠨ ᠠᠴᠠ ᠨᠢ ᠪᠡᠶᠡᠯᠡᠭᠦᠯᠵᠦ᠂ | ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ | ᠪᠦᠲᠦᠮᠵᠢ ᠶᠢ ᠬᠠᠮᠤᠭ ᠤᠨ ᠶᠡᠭᠡ ᠪᠣᠯᠭᠠᠵᠤ᠂ ᠬᠠᠷᠢᠯᠴᠠᠨ ᠨᠢᠭᠡᠳᠬᠡᠬᠦ ᠶᠢ ᠪᠡᠶᠡᠯᠡᠭᠦᠯᠦᠨ᠎ᠡ᠃ | | | |