ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ | ᠠᠵᠢᠯ ᠢ ᠦᠨᠡᠨᠬᠦ ᠰᠠᠶᠢᠲᠤᠷ ᠬᠢᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠬᠤ ᠶᠢᠨ | ᠲᠥᠯᠥᠭᠡ᠂ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠠᠵᠢᠯ ᠤᠨ ᠦᠷᠭᠦᠯᠵᠢᠯᠡᠨ | ᠲᠣᠭᠲᠠᠭᠤᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠤᠰ | ᠪᠡᠶ᠎ᠡ ᠶᠢᠨ ᠠᠰᠢᠭ ᠲᠤᠰᠠ ᠶᠢ ᠪᠠᠲᠤᠯᠠᠵᠠᠶ᠃ ᠰᠢᠭᠤᠶᠢᠲᠤ ᠵᠡᠭᠡᠯᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠣᠯᠠᠨ | ᠵᠦᠢᠯ ᠤᠨ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ | | | | | ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠨᠠᠶᠢᠵᠠ ᠶᠢᠨ ᠲᠣᠭᠤᠷᠢᠭ ᠢ ᠠᠰᠢᠭᠯᠠ᠂ | ᠤᠬᠠᠭᠤᠯᠬᠤ ᠬᠠᠭᠤᠳᠠᠰᠤ ᠲᠠᠷᠬᠠᠭᠠᠵᠤ᠂ ᠡᠷᠦᠬᠡ ᠳᠤ ᠣᠷᠣᠵᠤ ᠲᠠᠶᠢᠯᠪᠤᠷᠢᠯᠠᠬᠤ ᠵᠡᠷᠭᠡ ᠬᠡᠯᠪᠡᠷᠢ ᠪᠠᠷ᠂ ᠰᠠᠭᠤᠭᠠᠯᠢ | ᠠᠷᠠᠳ ᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠬᠠᠮᠢᠶ᠎ᠠ ᠪᠦᠬᠦᠢ ᠰᠠᠶᠢᠨ ᠲᠠᠯ᠎ᠠ ᠶᠢ | ᠲᠣᠳᠣᠷᠬᠠᠶ ᠶᠠᠷᠢᠵᠤ᠂ ᠰᠠᠭᠤᠭᠠᠯᠢ ᠠᠷᠠᠳ ᠢ ᠬᠠᠪᠰᠤᠷᠤᠨ ᠶᠡᠷᠦᠩᠬᠡᠶ ᠳᠠᠩᠰᠠ ᠶᠢ ᠨᠢ ᠪᠣᠳᠣᠵᠤ᠂ ᠨᠠᠷᠢᠨ | ᠳᠠᠩᠰᠠ ᠶᠢ ᠨᠢ ᠪᠣᠳᠣᠵᠤ ᠥᠭᠭᠦᠨ᠎ᠡ᠃ ᠰᠠᠭᠤᠭᠠᠯᠢ ᠠᠷᠠᠳ ᠲᠤ ᠡᠨᠡᠬᠦ ᠠᠵᠢᠯ ᠪᠣᠯ ᠠᠷᠠᠳ ᠲᠤ ᠠᠰᠢᠭ ᠬᠦᠷᠲᠡᠭᠡᠵᠦ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠮᠥᠨ ᠭᠡᠳᠡᠭ ᠢ ᠲᠠᠨᠢᠭᠤᠯᠵᠤ᠂ ᠰᠠᠭᠤᠭᠠᠯᠢ ᠠᠷᠠᠳ ᠣᠯᠠᠨ ᠤ | ᠳᠠᠭᠠᠳᠬᠠᠯ ᠳᠤ ᠣᠷᠣᠯᠴᠠᠬᠤ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ᠂ ᠤᠬᠠᠮᠰᠠᠷᠲᠤ ᠴᠢᠨᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | | | | | ᠲᠣᠣᠷᠴᠢᠯᠠᠭᠴᠢ᠂ ᠠᠰᠠᠷ ᠤᠨ ᠳᠠᠷᠤᠭ᠎ᠠ᠂ ᠹᠢᠯᠢᠮ ᠤᠨ ᠳᠠᠷᠤᠭ᠎ᠠ ᠶᠢᠨ ᠦᠢᠯᠡᠳᠦᠯ ᠢ ᠳᠠᠶᠢᠴᠢᠯᠠᠨ᠂ | ᠰᠠᠭᠤᠭᠠᠯᠢ ᠠᠷᠠᠳ ᠢ ᠳᠠᠶᠢᠴᠢᠯᠠᠨ ᠢᠳᠡᠪᠬᠢᠲᠡᠢ ᠳᠠᠭᠠᠳᠬᠠᠯ ᠳᠤ ᠣᠷᠣᠯᠴᠠᠭᠤᠯᠤᠨ᠎ᠠ᠃ ᠰᠠᠭᠤᠷᠢ ᠲᠤᠭ᠎ᠠ ᠨᠢ | ᠲᠣᠳᠣᠷᠬᠠᠶ ᠪᠠᠶᠢᠵᠤ᠂ ᠭᠠᠳᠠᠭᠰᠢ ᠭᠠᠷᠤᠭᠰᠠᠨ ᠬᠥᠮᠦᠰ ᠢ ᠴᠠᠭ ᠲᠤᠬᠠᠶ ᠳᠤᠨᠢ ᠤᠲᠠᠰᠤ ᠪᠠᠷ ᠬᠠᠷᠢᠯᠴᠠᠵᠦ᠂ ᠤᠲᠠᠰᠤ | ᠦᠭᠡᠢ ᠪᠣᠯ ᠰᠠᠳᠤᠨ ᠲᠥᠷᠥᠯ ᠪᠤᠶᠤ ᠬᠥᠷᠰᠢ ᠵᠡᠷᠭᠡᠯᠡᠳᠡᠭᠡ ᠲᠠᠢ ᠪᠠᠨ ᠬᠠᠷᠢᠯᠴᠠᠵᠤ᠂ ᠴᠠᠭ ᠲᠤᠬᠠᠶ ᠳᠤᠨᠢ ᠰᠦᠶ᠋ᠳᠬᠡᠯ | ᠲᠤᠰᠢᠶᠠᠬᠤ ᠶᠢ ᠲᠡᠳᠡᠨ ᠳᠤ ᠰᠠᠨᠠᠭᠤᠯᠤᠨ᠎ᠠ᠃ ᠨᠢᠭᠡ ᠬᠥᠮᠦᠨ ᠢ ᠣᠷᠬᠢᠭᠳᠠᠭᠤᠯᠬᠤ ᠦᠭᠡᠢ ᠶᠢ ᠪᠠᠲᠤᠯᠠᠬᠤ ᠬᠡᠷᠡᠭᠲᠡᠶ᠃ | ᠵᠡᠭᠡᠯᠢ ᠭᠤᠳᠤᠮᠵᠢ ᠨᠢ ᠵᠡᠭᠦᠨ ᠶᠡᠭᠡ ᠲᠢᠩᠬᠢᠮ ᠳᠤ ᠰᠦᠶ᠋ᠳᠬᠡᠯ ᠲᠤᠰᠢᠶᠠᠬᠤ ᠴᠣᠩᠬᠤ ᠭᠠᠷᠭᠠᠵᠤ᠂ ᠳᠠᠭᠠᠳᠬᠠᠯ ᠳᠤ | ᠤᠷᠤᠯᠴᠠᠬᠤ ᠪᠠᠷ ᠢᠷᠡᠭᠰᠡᠨ ᠰᠠᠭᠤᠭᠠᠯᠢ ᠠᠷᠠᠳ ᠲᠤ ᠳᠥᠭᠦᠮ ᠳᠥᠲᠡ᠂ ᠲᠦᠷᠭᠡᠨ᠂ ᠴᠢᠨᠠᠷ ᠰᠠᠶᠢᠲᠠᠶ ᠦᠶ᠋ᠯᠡᠴᠢᠯᠡᠭᠡ | ᠬᠠᠩᠭᠠᠨ᠎ᠠ᠃ | |