9 ᠰᠠᠷ᠎ᠠ ᠶᠢᠨ 4 ᠤ ᠡᠳᠦᠷ᠂ ᠰᠢᠭᠤᠶᠢᠲᠤ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ 2020 ᠣᠨ ᠤ 13 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠢᠵᠦ᠂ ᠶᠡᠷᠦᠩᠬᠡᠢ | ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠳᠤᠯᠤᠨ | ᠶᠠᠷᠢᠯᠴᠠᠪᠠ᠃ | ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠸᠧᠨ ᠾᠧ ᠰᠤᠳᠤᠯᠤᠨ ᠶᠠᠷᠢᠯᠴᠠᠬᠤ ᠬᠤᠷᠠᠯ ᠢ | ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ | ᠤᠨ ᠳᠠᠷᠤᠭ᠎ᠠ ᠯᠢ ᠰᠢᠨ ᠴᠦᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠰᠢᠶᠠᠩ | ᠭᠦᠩ ᠵᠡᠷᠭᠡ ᠪᠦᠬᠦ ᠲᠤᠭᠤᠷᠢᠭ ᠤᠨ ᠰᠢᠶᠠᠨ ᠤ ᠲᠡᠰ ᠤᠨ ᠤᠳᠤᠷᠢᠳᠤᠯᠭ᠎ᠠ᠂ ᠰᠤᠮᠤ ᠪᠠᠯᠭᠠᠰᠤ᠂ ᠵᠡᠭᠡᠯᠢ | ᠭᠤᠳᠤᠮᠵᠢ ᠶᠢᠨ ᠨᠠᠮ ︵ᠠᠵᠤ ᠦᠢᠯᠡᠳᠪᠦᠷᠢ︶ ᠤᠨ ᠨᠠᠮ ᠤᠨ ᠬᠤᠷᠢᠶᠠᠨ ᠤ ᠱᠦᠵᠢ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠳᠤ | ᠣᠷᠣᠯᠴᠠᠪᠠ᠃ | | | | | ᠬᠤᠷᠠᠯ ᠤᠨ ᠡᠮᠦᠨ᠎ᠡ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠲᠥᠪ ᠤᠨ ᠭᠡᠰᠢᠭᠦᠨ | ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠨ | ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠬᠢᠨᠠᠮᠠᠭᠠᠶ | ᠰᠤᠷᠤᠯᠴᠠᠨ ᠪᠠᠰᠠ ᠣᠯᠤᠯᠲᠠ ᠲᠥᠷᠥᠭᠳᠡᠯ ᠢᠶᠠᠨ ᠪᠢᠴᠢᠨ᠎ᠡ᠃ ᠬᠤᠷᠠᠯ ᠳᠡᠭᠡᠷ᠎ᠡ᠂ ᠵᠠᠩ ᠬᠠᠶ᠂ ᠯᠢ ᠴᠢᠩ ᠵᠦᠩ᠂ | ᠵᠠᠩ ᠵᠠᠨ ᠯᠢᠶᠠᠩ᠂ ᠮᠠ ᠵᠠᠨ ᠱᠧᠩ᠂ ᠮᠠ ᠶᠠᠨ ᠯᠢ ᠵᠡᠷᠭᠡ ᠨᠥᠬᠦᠳ ᠲᠤᠰ ᠲᠤᠰ ᠠᠵᠢᠯ ᠤᠨ ᠪᠤᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠪᠠ᠃ ᠪᠤᠰᠤᠳ ᠨᠥᠬᠦᠳ ᠰᠠᠨᠠᠯ ᠢᠶᠠᠨ ᠰᠣᠯᠢᠯᠴᠠᠬᠤ | ᠪᠢᠴᠢᠭ ᠤᠨ ᠮᠠᠲ᠋ᠧᠷᠢᠶᠠᠯ ᠢᠶᠠᠨ ᠳᠡᠪᠰᠢᠭᠦᠯᠪᠡ᠃ | | | | | ᠭᠤᠤ ᠸᠧᠨ ᠾᠧ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠰᠤᠭᠤᠮ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ | ᠴᠢᠭᠯᠡᠯ ᠢ ᠲᠣᠳᠣᠷᠬᠠᠢ ᠵᠢᠭᠠᠵᠤ᠂ ᠪᠠᠰᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ | ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ | ᠠᠴᠢ ᠬᠤᠯᠪᠣᠭᠳᠠᠯ ᠢ ᠭᠦᠨᠵᠡᠭᠡᠶ ᠣᠶᠢᠯᠭᠠᠨ ᠣᠨᠣᠪᠴᠢᠲᠠᠶ ᠡᠵᠡᠮᠰᠢᠨ᠂ ᠨᠠᠮ ᠤᠨ ᠤᠳᠤᠷᠢᠳᠤᠯᠭ᠎ᠠ ᠶᠢ ᠡᠷᠡᠰ | ᠭᠤᠶᠢᠪᠢᠰᠢ ᠦᠭᠡᠶ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ | ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠶ᠃ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠰᠢᠶ᠋ᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠨᠠᠮ ᠢᠶᠠᠨ ᠲᠠᠰᠤᠷᠠᠯᠳᠠ ᠦᠭᠡᠢ ᠨᠡᠩ ᠪᠠᠲᠤ | ᠴᠢᠩᠭ᠎ᠠ ᠬᠦᠴᠦᠲᠠᠢ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠶ᠃ | | | | | ᠭᠤᠤ ᠸᠧᠨ ᠾᠧ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠬᠤ ᠤᠯᠤᠰ | ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ | ᠬᠡᠷᠡᠭᠲᠡᠶ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ | ᠨᠠᠮ ᠤᠨ ᠤᠯᠤᠰ ᠲᠥᠷᠥ ᠶᠢᠨ ᠤᠳᠤᠷᠢᠳᠤᠯᠭ᠎ᠠ ᠶᠢ ᠴᠢᠩᠬᠠᠳᠬᠠᠬᠤ ᠶᠢ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠶᠢ ᠴᠢᠩᠬᠠᠳᠬᠠᠬᠤ ᠪᠦᠬᠦ ᠶᠠᠪᠤᠴᠠ ᠳᠤ ᠢᠯᠡᠷᠡᠭᠦᠯᠵᠦ᠂ ᠤᠯᠤᠰ ᠲᠥᠷᠥ ᠶᠢᠨ ᠵᠦᠭᠯᠡᠭᠦᠷ ᠤᠨ | ᠦᠶ᠋ᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ᠃ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠤᠨᠤᠯ ᠢᠶᠠᠷ ᠵᠡᠪᠰᠡᠭᠯᠡᠬᠦ ᠶᠢ | ᠴᠢᠩᠭᠠᠳᠬᠠᠬᠤ ᠬᠡᠷᠡᠭᠲᠡᠶ᠃ ᠨᠠᠮ ᠤᠨ ᠭᠡᠰᠢᠭᠦᠨ ᠢ ᠡᠭᠡᠯᠵᠢᠯᠡᠨ ᠪᠣᠯᠪᠠᠰᠤᠷᠠᠭᠤᠯᠬᠤ᠂ ᠭᠤᠤᠯ ᠰᠡᠳᠦᠪᠲᠦ ᠨᠠᠮ ᠤᠨ | ᠬᠢᠴᠢᠶᠡᠯ᠂ ᠲᠤᠰᠬᠠᠶ ᠰᠡᠳᠦᠪ ᠢᠶᠠᠷ ᠶᠠᠷᠢᠯᠴᠠᠬᠤ᠂ ᠲᠤᠰᠬᠠᠶ ᠮᠡᠷᠭᠡᠵᠢᠯᠲᠡᠨ ᠢᠶᠠᠷ ᠬᠢᠴᠢᠶᠡᠯᠯᠡᠭᠦᠯᠬᠦ᠂ ᠲᠤᠰᠬᠠᠶ | ᠰᠡᠳᠦᠪ ᠢᠶᠠᠷ ᠬᠠᠪᠰᠤᠷᠤᠨ ᠵᠢᠯᠣᠭᠤᠳᠬᠤ ᠵᠡᠷᠭᠡ ᠣᠯᠠᠨ ᠵᠤᠶᠢᠯ ᠤᠨ ᠬᠡᠯᠪᠡᠷᠢ ᠪᠠᠷ ᠳᠠᠮᠵᠢᠭᠤᠯᠤᠨ᠂ ᠨᠠᠮ ᠤᠨ | ᠭᠡᠰᠢᠭᠦᠨ ᠤ ᠰᠤᠷᠤᠯᠴᠠᠯᠭ᠎ᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠺᠠᠳ᠋ᠷ ᠤᠨ ᠣᠨᠣᠯ | ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠡᠯ᠎ᠡ ᠱᠠᠲᠤᠨ ᠤ | ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠡᠭᠡᠷ᠎ᠡ ᠨᠢᠭᠡᠳᠬᠡᠵᠦ᠂ ᠳᠡᠭᠡᠳᠦ ᠳᠣᠤᠷᠠᠳᠤ | ᠱᠠᠲᠤᠨ ᠤ ᠬᠢᠨ ᠰᠡᠳᠬᠢᠯ ᠨᠢᠭᠡᠳᠦᠨ᠂ ᠠᠯᠬᠤᠮ ᠨᠢᠭᠡᠲᠡᠶ ᠪᠠᠶᠢᠬᠤ ᠶᠢ ᠪᠠᠲᠤᠯᠠᠨ᠎ᠠ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ︽ᠣᠷᠣᠨ ᠨᠤᠲᠤᠭ ᠤᠨ | ᠨᠠᠮ ᠤᠨ ᠬᠤᠷᠢᠶᠠᠨ ᠤ ᠠᠵᠢᠯ ᠤᠨ ᠳᠦᠷᠢᠮ︾ ᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠵᠦ᠂ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ | ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠦ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠩᠭᠦᠶ ᠬᠦᠴᠦᠨ᠂ ᠳᠠᠶᠢᠴᠢᠨ ᠬᠦᠴᠦᠨ᠂ | ᠲᠠᠲᠠᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ ᠪᠣᠯᠤᠨ ᠤᠷᠢᠶᠠᠯᠠᠬᠤ ᠬᠦᠴᠦᠨ ᠢ ᠲᠠᠰᠤᠷᠠᠯᠲᠠ ᠤᠢᠭᠡᠢ | ᠴᠢᠩᠭᠠᠷᠠᠭᠤᠯᠤᠨ᠎ᠠ᠃ ᠨᠠᠮ ᠤᠨ ᠳᠠᠭᠤᠨ᠂ ᠰᠢᠢᠳᠪᠦᠷᠢᠲᠦ ᠪᠤᠳᠤᠯᠭ᠎ᠠ᠂ ᠱᠠᠭᠠᠷᠳᠠᠯᠭ᠎ᠠ ᠶᠢ ᠨᠠᠮ ᠤᠨ ᠭᠡᠰᠢᠭᠦᠨ | ᠨᠢᠭᠡᠪᠦᠷᠢ ᠳᠤ ᠪᠦᠲᠦᠮᠵᠢᠲᠡ ᠳᠠᠮᠵᠢᠭᠤᠯᠬᠤ ᠶᠢ ᠦᠨᠡᠨᠬᠦ ᠪᠠᠲᠤᠯᠠᠨ᠎ᠠ᠃ ᠲᠦᠷᠦ ᠪᠠᠷᠢᠬᠤ ᠭᠤᠤᠯᠯᠠᠭᠴᠢ ᠬᠦᠴᠦᠨ ᠪᠠ | ᠺᠠᠳ᠋ᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠦ ᠬᠡᠷᠡᠭᠲᠡᠶ᠃ ︽ᠨᠠᠮ ᠵᠠᠰᠠᠭ ᠤᠨ | ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠦᠷᠢᠮ︾ ᠢ ᠰᠠᠶᠢᠲᠤᠷ | ᠨᠠᠢᠳᠠᠪᠤᠷᠢᠵᠢᠭᠤᠯᠬᠤ᠂ ᠦᠵᠡᠯ ᠰᠠᠨᠠᠭ᠎ᠠ ᠶᠢ ᠬᠠᠮᠢᠶᠠᠷᠬᠤ᠂ ᠠᠵᠢᠯ ᠢ ᠬᠠᠮᠢᠶᠠᠷᠬᠤ᠂ ᠰᠤᠷᠲᠠᠯ ᠢ ᠬᠠᠮᠢᠶᠠᠷᠬᠤ᠂ | ᠰᠠᠬᠢᠯᠭ᠎ᠠ ᠪᠠᠲᠤ ᠶᠢ ᠬᠠᠮᠢᠶᠠᠷᠬᠤ ᠴᠢᠩᠭ᠎ᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ | ᠬᠦᠮᠦᠵᠢᠭᠦᠯᠵᠦ ᠡᠷᠴᠢᠮ ᠢᠶᠠᠨ ᠴᠢᠩᠭᠠᠳᠬᠠᠨ᠎ᠠ᠃ ᠨᠡᠩ ᠢᠳᠡᠪᠬᠢᠲᠡᠶ᠂ ᠨᠡᠩ ᠨᠡᠭᠡᠭᠡᠯᠲᠡᠲᠡᠶ᠂ ᠨᠡᠩ ᠪᠦᠲᠦᠮᠵᠢᠲᠡᠶ | ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠬᠡᠷᠡᠩᠵᠢᠭᠦᠯᠵᠦ᠂ ᠡᠯ᠎ᠡ ᠵᠦᠶ᠋ᠯ ᠤᠨ ᠠᠵᠢᠯ ᠦᠶ᠋ᠯᠡᠰ ᠤᠨ ᠦᠷᠨᠢᠬᠦᠢ | ᠬᠥᠭᠵᠢᠬᠦ ᠳᠤ ᠬᠦᠴᠦᠲᠡᠶ ᠴᠢᠳᠠᠪᠤᠷᠢᠲᠠᠨ ᠤ ᠲᠦᠰᠢᠭ ᠲᠤᠯᠭᠠᠭᠤᠷᠢ ᠶᠢ ᠬᠠᠩᠭᠠᠨ᠎ᠠ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠡᠷᠡᠰ ᠰᠠᠶᠢᠳᠤᠷ ᠠᠳᠬᠤᠵᠤ᠂ ᠠᠵᠢᠯ ᠤᠨ | ᠪᠣᠳᠠᠲᠤ ᠪᠠᠢᠳᠠᠯ ᠲᠠᠢ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ᠂ ᠠᠮᠢᠳᠤᠷᠠᠯ᠂ | ᠠᠵᠢᠯᠯᠠᠭᠠᠨ᠂ ᠬᠠᠮᠢᠶᠠᠷᠤᠯᠲᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠳᠦᠷᠢᠮᠵᠢᠭᠦᠯᠬᠦ᠂ | ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠡᠭᠡᠭᠰᠢ ᠳᠣᠷᠣᠭᠰᠢ | ᠨᠡᠪᠲᠡᠷᠡᠯᠴᠡᠭᠰᠡᠨ᠂ ᠬᠦᠴᠦᠲᠡᠶ ᠬᠡᠷᠡᠭᠵᠢᠭᠦᠯᠦᠭᠰᠡᠨ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠤᠢ | ᠪᠣᠯᠭᠠᠨ᠎ᠠ᠃ | ᠭᠤᠤ ᠸᠧᠨ ᠾᠧ ᠱᠠᠭᠠᠷᠳᠠᠭᠰᠠᠨ ᠨᠢ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠤᠨ ᠪᠠᠶᠢᠭᠤᠯᠤᠯᠲᠠ ᠪᠠᠷ ᠡᠯ᠎ᠡ ᠵᠦᠢᠯ ᠤᠨ ᠭᠤᠣᠯᠳᠠᠯᠭ᠎ᠠ ᠲᠠᠢ | ᠠᠵᠢᠯ ᠤᠨ ᠥᠷᠨᠢᠯᠲᠡ ᠶᠢ ᠠᠬᠢᠭᠤᠯᠬᠤ ᠬᠡᠷᠡᠭᠲᠡᠢ᠃ ᠣᠳᠣᠬᠠᠨ ᠳᠤ ᠰᠢᠭᠤᠶᠢᠲᠤ ᠲᠤᠭᠤᠷᠢᠭ ᠤᠨ ᠶᠠᠭ ᠬᠡᠯᠪᠡᠷᠢ ᠪᠠᠨ | ᠬᠤᠪᠢᠷᠠᠭᠤᠯᠤᠨ ᠬᠥᠭᠵᠢᠬᠦ᠂ ᠳᠠᠪᠠᠭ᠎ᠠ ᠳᠠᠪᠠᠵᠤ ᠳᠠᠪᠠᠭ᠎ᠠ ᠳᠠᠪᠠᠭ᠋ᠤ ᠵᠠᠩᠭᠢᠯᠠᠭ᠎ᠠ ᠶᠢᠨ ᠴᠠᠭ ᠣᠶᠢᠶ᠎ᠠ ᠳᠤ ᠣᠷᠣᠰᠢᠵᠤ | ᠪᠠᠶᠢᠨ᠎ᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠠᠶ᠃ ᠦᠵᠡᠯ ᠰᠠᠨᠠᠭ᠎ᠠ ᠪᠠᠨ ᠨᠢᠭᠡᠳᠬᠡᠨ᠂ ᠬᠦᠴᠦᠨ ᠢᠶᠠᠨ ᠨᠢᠭᠲᠠᠷᠠᠭᠤᠯᠵᠤ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠵᠡᠷᠭᠡ ᠴᠢᠨᠠᠷ ᠰᠠᠶᠢᠲᠠᠶ | ᠬᠦᠭᠵᠢᠯᠳᠡ ᠶᠢᠨ ᠦᠢᠯᠡᠳᠦᠯᠭᠡ ᠶᠢ ᠢᠳᠡᠪᠬᠢᠲᠡᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ | ᠲᠡᠰᠢ ᠦᠷᠭᠦᠯᠵᠢᠯᠡᠨ ᠤᠷᠤᠭᠰᠢᠯᠠᠬᠤ ᠶᠢ ᠠᠬᠢᠭᠤᠯᠵᠤ᠂ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ᠂ ᠨᠠᠮ ᠤᠨ ᠨᠢᠭᠡᠳᠦᠭᠡᠷ ᠵᠠᠭᠤᠨ ᠵᠢᠯ ᠤᠨ ᠬᠠᠷᠠᠯᠳᠠ ᠶᠢ ᠪᠡᠶᠡᠯᠡᠭᠦᠯᠬᠦ ᠳᠤ ᠨᠡᠩ ᠤᠯᠠᠨ ᠬᠦᠴᠦᠨ | ᠴᠢᠳᠠᠯ ᠢᠶᠠᠨ ᠡᠷᠭᠦᠪᠡ᠃ | | |