ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠡᠨᠡ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠢᠩᠭᠢᠵᠦ ᠬᠡᠯᠡᠪᠡ
ᠨᠡᠶᠢᠲᠡᠯᠡᠭᠰᠡᠨ ᠴᠠᠭ᠄
2020/9/14
       ᠲᠦᠷᠦᠭᠦᠬᠡᠨ᠂ ᠰᠢᠭᠤᠶᠢᠲᠤ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠭᠤᠶᠢᠲᠤ ᠲᠤᠭᠤᠷᠢᠭ ᠤᠨ ᠰᠣᠨᠢᠨ ᠮᠡᠳᠡᠭᠡ ᠨᠡᠶᠢᠲᠡᠯᠡᠬᠦ ᠲᠥᠪ ᠲᠤ ᠶᠠᠪᠤᠭᠳᠠᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ ᠠᠴᠠ ᠪᠥᠬᠦ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠣᠯᠤᠨ ᠤᠰᠤᠨ ᠠᠰᠢᠭᠯᠠᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠲᠠᠷᠠᠭᠠᠴᠢ ᠎ ᠶᠢᠨ ᠠᠯᠬᠤᠮ ᠤᠨ ᠠᠵᠢᠯ ᠤᠨ ᠭᠤᠤᠯᠳᠠᠯᠭ᠎ᠠ᠂ ᠶᠡᠭᠡ ᠰᠦᠮ᠎ᠡ ᠶᠢᠨ ᠰᠦᠶᠳᠬᠡᠯ ᠬᠤᠷᠢᠶᠠᠬᠤ ᠥᠷᠲᠡᠭᠡ ᠶᠢᠨ ᠰᠦᠶᠳᠬᠡᠯ ᠬᠤᠷᠢᠶᠠᠬᠤ ᠬᠤᠭᠤᠴᠠᠭ᠎ᠠ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠶᠠᠳᠠᠭᠤ ᠬᠦᠴᠢᠷᠳᠡᠯᠲᠡᠶ ᠡᠷᠦᠬᠡ ᠎ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ᠂ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
       ᠪᠤᠭᠤᠲᠤ ᠶᠢᠨ ᠡᠳᠦᠷ ᠤᠨ ᠰᠣᠨᠢᠨ᠂ ᠪᠤᠭᠤᠲᠤ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠤᠭᠤᠲᠤ ᠎ ᠶᠢᠨ ᠣᠷᠣᠶ ᠶᠢᠨ ᠰᠣᠨᠢᠨ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ᠂ ᠰᠢᠭᠤᠶᠢᠲᠤ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠦᠵᠡᠰᠭᠦᠯᠡᠩᠲᠦ ᠰᠠᠶᠢᠬᠠᠨ ᠰᠢᠭᠤᠶᠢᠲᠤ ᠲᠤᠭᠤᠷᠢᠭ᠂ ᠡᠭᠦᠯᠡᠨ ᠳᠡᠭᠡᠷᠡᠬᠢ ᠰᠢᠭᠤᠶᠢᠲᠤ᠂ ᠰᠢᠭᠤᠶᠢᠲᠤ ᠶᠢᠨ ᠰᠣᠨᠢᠨ ᠮᠡᠳᠡᠭᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠎ ᠳᠤ ᠣᠷᠣᠯᠴᠠᠪᠠ᠃2020 ᠣᠨ ᠠᠴᠠ ᠨᠠᠭᠠᠰᠢ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ 《 ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ 》᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠡᠭᠦᠷᠭᠡ ᠪᠣᠯᠤᠨ 《 ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ 》  ᠎ ᠤ ᠠᠵᠢᠯ ᠢ ᠰᠠᠶᠢᠲᠤᠷ ᠬᠢᠬᠦ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠤᠭᠤᠷᠢᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠬᠥᠭᠵᠢᠯᠲᠡ᠂ ᠪᠣᠬᠢᠷᠲᠤᠯ ᠥᠬᠡᠶ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃
       ᠰᠢᠭᠤᠶᠢᠲᠤ ᠲᠤᠭᠤᠷᠢᠭ ᠳᠤ ᠨᠢᠭᠡ ᠰᠤᠮᠤ᠂ ᠨᠢᠭᠡ ᠪᠠᠯᠭᠠᠰᠤ᠂ ᠲᠠᠪᠤᠨ ᠵᠡᠭᠡᠯᠢ ᠪᠠᠶᠢᠨ᠎ᠠ᠂ ᠡᠭᠦᠨ ᠳᠤ ᠲᠠᠷᠢᠶᠠᠯᠠᠩ ᠳᠤ ᠬᠤᠯᠪᠣᠭᠳᠠᠬᠤ ᠬᠤᠶᠠᠷ ᠵᠡᠭᠡᠯᠢ ᠭᠤᠳᠤᠮᠵᠢ ᠶᠢᠨ 7000 ᠲᠠᠷᠢᠶᠠᠴᠢᠨ ᠮᠠᠯᠴᠢᠨ ᠪᠠᠶᠢᠨ᠎ᠠ᠃ ᠶᠡᠷᠦᠩᠬᠡᠶ ᠲᠠᠷᠢᠶᠠᠨ ᠭᠠᠵᠠᠷ ᠤᠨ ᠲᠠᠯᠠᠪᠠᠶ 6 . 23 ᠲᠦᠮᠡᠨ ᠮᠦ᠂ ᠪᠠᠶᠢᠭᠠᠯᠢ ᠶᠢᠨ ᠪᠡᠯᠴᠢᠭᠡᠷ 38 ᠲᠦᠮᠡᠨ ᠮᠦ᠂ ᠲᠠᠷᠢᠮᠠᠯ ᠪᠡᠯᠴᠢᠭᠡᠷ 1 . 7 ᠲᠦᠮᠡᠨ ᠮᠦ ᠪᠤᠶ᠃ ᠲᠠᠷᠢᠮᠠᠯ ᠨᠢ ᠡᠷᠳᠡᠨᠢ ᠰᠢᠰᠢ᠂ ᠲᠥᠮᠥᠰᠥ᠂ ᠡᠯᠳᠡᠪ ᠠᠮᠤ ᠪᠠᠷ ᠭᠤᠣᠯ ᠪᠣᠯᠭᠠᠵᠤ᠂ ᠲᠡᠵᠢᠭᠡᠨ ᠦᠷᠡᠵᠢᠭᠦᠯᠬᠦ ᠦᠢᠯᠡᠰ ᠨᠢ ᠬᠤᠨᠢ᠂ ᠭᠠᠭ᠋ᠠᠶ᠂ ᠦᠬᠡᠷ ᠲᠡᠵᠢᠭᠡᠬᠦ ᠪᠠᠷ ᠭᠤᠣᠯ ᠪᠣᠯᠭᠠᠨ᠎ᠠ᠃ 2020 ᠣᠨ ᠳᠤ ᠲᠠᠷᠢᠮᠠᠯ ᠤᠨ ᠶᠡᠷᠦᠩᠬᠡᠶ ᠲᠠᠯᠠᠪᠠᠶ ᠨᠢ 2 . 03 ᠲᠦᠮᠡᠨ ᠮᠥ ᠪᠣᠯᠤᠨ᠎ᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠤ ᠲᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号