ᠰᠢᠭᠤᠶᠢᠲᠤ ᠲᠣᠭᠤᠷᠢᠭ 37 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020/9/16
       ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ᠂ ᠪᠦᠬᠦ ᠣᠷᠣᠨ ᠤ 37 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠯ᠎ᠡ ᠵᠦᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 9 ᠰᠠᠷ᠎ᠠ ᠶᠢᠨ 14 ᠤ ᠦᠳᠡ ᠡᠮᠦᠨ᠎ᠡ᠂ ᠰᠢᠭᠤᠶᠢᠲᠤ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠠ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠰᠢᠭᠤᠶᠢᠲᠤ ᠨᠡᠶᠢᠭᠡᠮ ᠲᠣᠭᠤᠷᠢᠭ ᠲᠤ ᠪᠦᠬᠦ ᠲᠣᠭᠤᠷᠢᠭ ᠤᠨ 37 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠡᠷᠬᠢᠯᠡᠪᠡ᠃

       ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ

ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ

ᠥᠪᠡᠷᠲᠡᠭᠡᠨ ᠵᠠᠰᠠᠬᠤ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠬᠤᠲᠠ ᠶᠢᠨ ᠦᠨᠳᠦᠰᠦᠲᠡᠨ ᠤ

ᠠᠵᠢᠯ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ

ᠥᠰᠥᠭ ᠪᠢᠴᠢᠭ ᠤᠨ ᠠᠵᠢᠯ ᠤᠨ ᠲᠦᠷᠢᠮ︾᠂ ︽ᠪᠤᠭᠤᠲᠤ ᠬᠤᠲᠠ ᠶᠢᠨ ᠯᠠᠯᠤ ᠶᠢᠨ ᠢᠳᠡᠭᠡᠨ ᠤ

ᠬᠠᠮᠢᠶᠠᠷᠤᠯᠲᠠ ᠶᠢᠨ ᠲᠦᠷᠢᠮ︾᠂ ︽ᠪᠤᠭᠤᠲᠤ ᠬᠤᠲᠠ ᠶᠢᠨ ᠨᠡᠶᠢᠭ ᠡᠮ ᠤᠨ ᠥᠩᠭᠡᠨ ᠲᠠᠯ᠎ᠠ ᠶᠢᠨ ᠮᠣᠩᠭᠤᠯ

ᠬᠢᠲᠠᠳ ᠬᠤᠶᠠᠷ ᠵᠦᠶ᠋ᠯ ᠤᠨ ᠥᠰᠥᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠲᠦᠷᠢᠮ︾ ᠵᠡᠷᠭᠡ

ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ

ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠪᠡᠯ ᠵᠣᠬᠢᠬᠤ ᠮᠡᠳᠡᠯᠭᠡ ᠶᠢᠨ ᠤᠬᠠᠭᠤᠯᠭ᠎ᠠ ᠶᠢᠨ

ᠬᠠᠭᠤᠳᠠᠰᠤ 1000 ᠭᠠᠷᠤᠶ ᠬᠤᠪᠢ᠂ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠤᠨ

ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠤᠷᠢᠶ᠎ᠠ ᠯᠣᠽᠦ᠋ᠩ ᠳᠠᠷᠤᠮᠠᠯᠯᠠᠭᠰᠠᠨ 300

ᠭᠠᠷᠤᠢ ᠵᠤᠷᠪᠤᠰ ᠬᠤᠷᠮᠣᠢ ᠶᠢᠨ ᠬᠠᠮᠲᠤ ᠮᠣᠩᠭᠤᠯ ᠬᠢᠲᠠᠳ ᠬᠤᠶᠠᠷ ᠵᠦᠢᠯ ᠤᠨ ᠦᠭᠡ ᠬᠡᠯᠡᠨ ᠤ ᠠᠪᠢᠶᠠᠨ ᠤ

ᠳᠠᠪᠲᠠᠮᠵᠢ ᠵᠡᠷᠭᠡ ᠤᠯᠠᠨ ᠵᠦᠢᠯ ᠤᠨ ᠬᠡᠯᠪᠡᠷᠢ ᠪᠠᠷ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ

ᠥᠷᠨᠢᠭᠦᠯᠵᠡᠢ᠃

       ᠲᠤᠰ ᠤᠳᠠᠭᠠᠨ ᠤ ᠠᠵᠢᠯᠯᠠᠭ᠎ᠠ ᠨᠢ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ

ᠲᠦᠮᠡᠨ ᠤ ᠦᠨᠳᠦᠰᠦᠲᠡᠨ ᠤ ᠬᠠᠤᠯᠢ ᠪᠠᠷ ᠵᠠᠰᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠦᠨᠳᠦᠰᠦᠲᠡᠨ ᠤ

ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠤᠯᠠᠮ ᠰᠢᠯᠢᠳᠡᠭᠵᠢᠭᠦᠯᠵᠦ᠂ ᠦᠨᠳᠦᠰᠦᠲᠡᠨ ᠨᠦᠭᠦᠳ ᠤᠨ ᠠᠷᠠᠳ

ᠲᠦᠮᠡᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠰᠠᠭᠤᠷᠢ ᠶᠢ ᠪᠠᠬᠢᠵᠢᠷᠡᠭᠦᠯᠵᠦ᠂ ︽

ᠲᠠᠪᠤᠨ ᠬᠠᠮᠲᠤ ᠶᠢᠨ ᠲᠠᠨᠢᠯᠲᠠ︾ ᠪᠠ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠦᠵᠡᠯᠲᠡ

ᠬᠦᠴᠦᠲᠡᠶ ᠴᠢᠩᠭᠠᠷᠠᠵᠤ᠂ ᠡᠯ᠎ᠡ ᠦᠨᠳᠦᠰᠦᠲᠡᠨ ᠤ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ

ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ

ᠪᠡᠶᠡᠯᠡᠭᠦᠯᠬᠦ ᠶᠢᠨ ᠲᠥᠯᠥᠭᠡ ᠨᠡᠩ ᠡᠷᠡᠰ ᠪᠠᠲᠤ ᠤᠬᠠᠮᠰᠠᠷ ᠲᠠᠢ ᠪᠠᠷ ᠪᠦᠯᠬᠦᠮᠳᠡᠨ ᠲᠡᠮᠡᠴᠡᠵᠦ᠂ ᠴᠥᠬᠦᠷᠡᠰᠢ ᠦᠭᠡᠢ

ᠬᠥᠭᠡᠭᠡᠴᠡᠯᠳᠦᠨ᠂ ᠳᠠᠬᠢᠨᠲᠠ ᠰᠢᠭᠤᠶᠢᠲᠤ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ

ᠬᠠᠭᠤᠳᠠᠰᠤ ᠶᠢ ᠪᠢᠴᠢᠭᠯᠡᠪᠡ᠃

 
ᠢᠷᠡᠯᠲᠡ᠄ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号