ᠰᠢᠢᠭᠤᠶᠢᠲᠦ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ  ᠤᠬᠠᠭᠤᠯᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2020/9/22
       ᠣᠶᠢᠷ᠎ᠠ ᠳᠤ᠂ ᠰᠢᠢᠭᠤᠶᠢᠲᠦ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠡᠩ ᠣᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠢᠨᠲ᠋ᠧᠷᠨᠧᠲ ᠤᠨ ᠠᠮᠤᠷ ᠲᠦᠪᠰᠢᠨ ᠤ ᠴᠢᠬᠤᠯᠠ ᠴᠢᠨᠠᠷ ᠢ ᠲᠠᠨᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠲᠡᠳᠡᠨ ᠳᠤ ᠦᠷᠭᠦᠯᠵᠢ ᠬᠠᠷᠠᠭᠳᠠᠳᠠᠭ ᠰᠦᠯᠵᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠥᠪ ᠡᠵᠡᠮᠰᠢᠭᠦᠯᠦᠨ ᠠᠷᠭᠠᠴᠠᠵᠤ᠂ ᠰᠦᠯᠵᠢᠶᠡᠨ ᠤ ᠮᠡᠬᠡᠯᠡᠯ ᠠᠴᠠ ᠪᠣᠯᠤᠭᠰᠠᠨ ᠠᠵᠤ ᠠᠬᠤᠶ ᠶᠢᠨ ᠬᠤᠬᠢᠷᠠᠯ ᠢ ᠰᠡᠷᠭᠡᠶᠢᠯᠡᠬᠦ ᠪᠠ ᠪᠠᠭᠠᠰᠬᠠᠵᠤ᠂ ᠰᠦᠯᠵᠢᠶᠡᠨ ᠤ ᠠᠮᠤᠷ ᠲᠦᠪᠰᠢᠨ ᠤ ᠲᠤᠬᠠᠶ ᠳᠡᠭᠡᠳᠦ ᠱᠠᠲᠤᠨ ᠤ ᠤᠷᠢᠶᠠᠯᠠᠭ᠎ᠠ ᠶᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠤᠨ ᠲᠣᠤᠷ ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠨᠡᠮᠡᠭᠳᠡᠭᠦᠯᠵᠡᠶ᠃ ᠠᠮᠤᠷ ᠲᠦᠪᠰᠢᠨ ᠡᠷᠡᠭᠦᠯ ᠴᠢᠭᠢᠷᠠᠭ ᠪᠣᠯᠪᠠᠰᠤᠨ ᠰᠦᠯᠵᠢᠶᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃

       ᠲᠣᠰ ᠤᠳᠠᠭᠠᠨ ᠤ ᠠᠵᠢᠯᠯᠠᠭ᠎ᠠ ᠨᠢ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠳᠡᠪᠲᠡᠷ

ᠲᠠᠷᠬᠠᠭᠠᠬᠤ᠂ ᠰᠦᠯᠵᠢᠶᠡᠨ ᠤ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠸᠢᠳᠢᠣ᠋ ᠰᠡᠭᠦᠳᠡᠷᠯᠡᠬᠦ᠂

ᠸᠢᠴᠠᠲ ᠤᠨ ᠤᠯᠠᠨ ᠨᠡᠶᠢᠲᠡ ᠶᠢᠨ ᠳ᠋ᠤᠭᠠᠷ᠂ LED ᠡᠯᠧᠺᠲᠷᠣᠨ ᠳᠡᠯᠭᠡᠴᠡ ᠵᠡᠷᠭᠡ ᠣᠯᠠᠨ ᠬᠡᠯᠪᠡᠷᠢ ᠶᠢᠨ

ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠣᠬᠢᠷᠲᠤᠯ ᠦᠭᠡᠢ ᠪᠠᠷ

ᠰᠦᠯᠵᠢᠶᠡᠨ ᠳᠤ ᠭᠠᠷᠬᠤ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠠᠮᠤᠷ ᠲᠦᠪᠰᠢᠨ ᠢᠶᠠᠷ ᠰᠦᠯᠵᠢᠶᠡᠨ ᠳᠤ

ᠭᠠᠷᠬᠤ ᠶᠢ ᠢᠳᠡᠪᠬᠢᠲᠡᠢ ᠰᠠᠨᠠᠭᠠᠴᠢᠯᠠᠵᠤ᠂ ᠰᠦᠯᠵᠢᠶᠡᠨ ᠤ ᠬᠡᠷᠡᠭ ᠢ ᠰᠡᠷᠭᠡᠶᠢᠯᠡᠬᠦ ᠦᠨᠳᠦᠰᠦᠨ ᠮᠡᠳᠡᠯᠭᠡ ᠶᠢ ᠶᠡᠭᠡ ᠪᠠᠷ

ᠤᠬᠠᠭᠤᠯᠵᠤ᠂  ᠥᠷᠭᠡᠨ ᠣᠯᠠᠨ ᠰᠠᠭᠤᠭᠠᠯᠢ ᠠᠷᠠᠳ ᠢ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ᠂

ᠰᠠᠨᠠᠭᠠᠴᠢᠯᠠᠭ᠎ᠠ ᠠᠴᠠ ᠪᠠᠨ ᠰᠤᠷᠭᠠᠨ ᠬᠥᠮᠦᠵᠢᠭᠦᠯᠵᠦ ᠤᠬᠠᠭᠤᠯᠤᠨ᠂ ᠮᠠᠭᠤ ᠮᠠᠭᠤ ᠳᠠᠳᠬᠠᠯ ᠢ ᠡᠷᠡᠰ ᠡᠰᠡᠷᠭᠦᠴᠡᠨ

ᠬᠤᠷᠢᠭᠯᠠᠪᠠ᠃ ᠤᠬᠠᠭᠤᠯᠭ᠎ᠠ ᠶᠢᠨ ᠳᠤᠮᠳᠠ᠂ ᠠᠵᠢᠯᠲᠠᠳ ᠲᠣᠤᠷ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠪᠠᠷ

ᠳᠠᠮᠵᠢᠨ ᠮᠡᠳᠡᠭᠡ ᠵᠠᠩᠭᠢ ᠶᠢ ᠨᠡᠩ ᠣᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠠᠴᠤᠷᠠᠭᠤᠯᠵᠤ᠂

ᠰᠠᠭᠤᠭᠠᠯᠢ ᠠᠷᠠᠳ ᠤᠨ ᠲᠣᠤᠷ ᠰᠦᠯᠵᠢᠶᠡᠨ ᠤ ᠠᠮᠤᠷ ᠲᠦᠪᠰᠢᠨ ᠤ ᠲᠤᠬᠠᠶ ᠲᠠᠨᠢᠯᠲᠠ ᠪᠣᠯᠤᠨ ᠬᠠᠮᠠᠭᠠᠯᠠᠯᠲᠠ ᠶᠢᠨ

ᠤᠬᠠᠮᠰᠠᠷ ᠢ ᠴᠢᠩᠭᠠᠳᠬᠠᠵᠤ᠃ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂

ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ  ᠲᠦᠰᠢᠭᠯᠡᠬᠦ︾ ᠣᠶᠢᠯᠠᠭᠠᠭᠳᠠᠬᠤᠨ ᠢ ᠬᠥᠮᠦᠰ ᠤᠨ

ᠰᠡᠳᠬᠢᠯ ᠳᠤ ᠬᠠᠳᠠᠩᠰᠢᠭᠤᠯᠵᠤ᠂ ᠪᠦᠬᠦ ᠠᠷᠠᠳ ᠢᠶᠠᠷ ᠢᠶᠠᠨ ᠤᠬᠠᠭᠤᠯᠵᠤ᠂ ᠪᠦᠬᠦ ᠠᠷᠠᠳ ᠢᠶᠠᠷ ᠢᠶᠠᠨ ᠳᠠᠶᠢᠴᠢᠯᠠᠵᠤ᠂

ᠨᠡᠶᠢᠭᠡᠮ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ

ᠬᠡᠷᠡᠭᠲᠡᠶ᠃

       ᠬᠤᠶᠢᠰᠢᠳᠠ᠂ ᠨᠡᠶᠢᠭᠡᠮ ᠲᠣᠭᠤᠷᠢᠭ ᠤᠨ ᠬᠢᠨ ᠣᠯᠠᠨ ᠡᠰᠢᠵᠢᠭᠰᠡᠨ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ

ᠳᠠᠮᠵᠢᠨ ᠰᠠᠭᠤᠭᠠᠯᠢ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠲᠤᠬᠠᠶ ᠲᠠᠨᠢᠯᠲᠠ ᠶᠢ ᠳᠡᠭᠡᠭᠰᠢᠯᠡᠭᠦᠯᠬᠦ ᠶᠢ

ᠬᠦᠰᠡᠵᠦ ᠪᠠᠶᠢᠨ᠎ᠠ᠃ ᠰᠦᠯᠵᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠠᠷᠢᠯᠭᠠᠨ᠎ᠠ᠃

 
ᠢᠷᠡᠯᠲᠡ᠄ ᠰᠢᠢᠭᠤᠶᠢᠲᠦ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号