ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠠᠴᠠ ᠡᠮᠦᠨᠡᠬᠢ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/9/24
       ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠶᠢᠨ ᠪᠠᠶᠠᠷ ᠤᠨ ᠬᠤᠭᠤᠴᠠᠭᠠᠨ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠠᠵᠢᠯᠯᠠᠭᠠᠨ ᠢ ᠦᠨᠡᠨᠬᠦ ᠪᠠᠲᠤᠯᠠᠬᠤ ᠶᠢᠨ ᠲᠥᠯᠥᠭᠡ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠡ᠊ᠨᠳᠡᠯ ᠭᠠᠷᠬᠤ ᠶᠢ ᠤᠯᠠᠮ ᠨᠢᠭᠡ ᠠᠯᠬᠤᠮ ᠬᠤᠷᠢᠭᠯᠠᠵᠤ᠂ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨᠡᠬᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠪᠠᠶᠢᠴᠠᠭᠠᠯᠲᠠ ᠶᠢ ᠢᠳᠡᠪᠬᠢᠲᠡᠶ ᠥᠷᠨᠢᠭᠦᠯᠪᠡ᠃

       ᠲᠣᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠬᠠᠷᠢᠶ᠎ᠠ ᠣᠷᠣᠨ ᠤ ᠬᠦᠷᠢᠶᠡᠯᠡᠩ ᠲᠣᠭᠤᠷᠢᠭ ᠤᠨ

ᠳᠠᠷᠤᠯᠲᠠᠲᠤ ᠭᠦᠤᠤᠯᠤ᠂ ᠳᠠᠷᠤᠯᠲᠠᠲᠤ ᠰᠠᠪᠠ ᠵᠡᠷᠭᠡ ᠬᠡᠷᠡᠭᠯᠡᠵᠦ ᠪᠠᠶᠢᠭ᠎ᠠ ᠣᠨᠴᠠ ᠲᠥᠷᠥᠯ ᠤᠨ ᠲᠣᠨᠤᠭ

ᠲᠥᠬᠦᠭᠡᠷᠦᠮᠵᠢ ᠳᠤ ᠲᠤᠰᠬᠠᠶ ᠪᠠᠶᠢᠴᠠᠭᠠᠯᠲᠠ ᠬᠢᠨ᠎ᠠ᠃ ᠬᠡᠷᠡᠭᠯᠡᠬᠦ ᠨᠢᠭᠡᠴᠡ ᠶᠢᠨ ᠪᠦᠬᠦ ᠲᠠᠯ᠎ᠠ ᠪᠠᠷ ᠥᠪᠡᠷ ᠢᠶᠠᠨ

ᠪᠠᠶᠢᠴᠠᠭᠠᠭᠰᠠᠨ ᠰᠠᠭᠤᠷᠢᠨ ᠳᠡᠭᠡᠷ᠎ᠡ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ

ᠨᠠᠶᠢᠳᠠᠪᠤᠷᠢᠵᠢᠭᠤᠯᠤᠭᠰᠠᠨ ᠪᠠᠶᠢᠳᠠᠯ᠂ ᠣᠨᠴᠠ ᠲᠥᠷᠥᠯ ᠤᠨ ᠲᠥᠬᠦᠭᠡᠷᠦᠮᠵᠢ ᠬᠡᠷᠡᠭᠯᠡᠬᠦ ᠨᠢᠭᠡᠴᠡ ᠶᠢᠨ ᠠᠶᠤᠯ

ᠦᠭᠡᠶ ᠶᠢᠨ ᠬᠠᠮᠢᠶᠠᠷᠤᠯᠲᠠ ᠶᠢᠨ ᠠᠵᠢᠯᠲᠠᠨ ᠢ ᠨᠡᠶᠢᠲᠡᠪᠦᠷᠢᠵᠢᠭᠦᠯᠦᠡᠰᠡᠨ ᠪᠠᠶᠢᠳᠠᠯ᠂ ᠡᠯ᠎ᠡ ᠵᠦᠢᠯ ᠤᠨ ᠠᠶᠤᠯ

ᠦᠭᠡᠶ ᠶᠢᠨ ᠳᠦᠷᠢᠮ ᠪᠠᠶᠢᠭᠤᠯᠤᠭᠰᠠᠨ ᠪᠠᠶᠢᠳᠠᠯ᠂ ᠬᠡᠷᠭᠡᠯᠡᠬᠦ ᠣᠨᠴᠠ ᠲᠥᠷᠥᠯ ᠤᠨ ᠲᠥᠬᠦᠭᠡᠷᠦᠮᠵᠢ ᠶᠢ ᠰᠢᠯᠭᠠᠨ

ᠲᠣᠭᠲᠠᠭᠠᠭᠰᠠᠨ ᠪᠠᠶᠢᠳᠠᠯ᠂ ᠠᠵᠢᠯᠯᠠᠭᠰᠠᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠪᠠᠶᠢᠳᠠᠯ

ᠵᠢᠴᠢ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠲᠣᠭᠲᠠᠭᠠᠭᠰᠠᠨ ᠪᠠ

ᠰᠣᠷᠢᠯᠲᠠ ᠬᠢᠭᠰᠡᠨ ᠪᠠᠶᠢᠳᠠᠯ ᠵᠡᠷᠭᠡ ᠲᠠᠯ᠎ᠠ ᠳᠤ ᠴᠢᠭᠯᠡᠭᠦᠯᠦᠨ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠬᠡᠷᠡᠭᠲᠡᠶ᠃

ᠪᠠᠶᠢᠴᠠᠭᠠᠬᠤ ᠶᠠᠪᠤᠴᠠ ᠳᠤ ᠪᠠᠰᠠ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠳ ᠠᠮᠤᠷ ᠲᠦᠪᠰᠢᠨ ᠤ ᠡᠨᠡ ᠬᠦ

ᠬᠥᠪᠴᠢ ᠪᠠᠨ ᠴᠠᠭ ᠢᠮᠠᠭᠲᠠ ᠴᠢᠩᠭᠠᠯᠠᠵᠤ᠂ ᠪᠠᠶᠠᠷ ᠤᠨ ᠡᠳᠦᠷ ᠤᠨ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ

ᠪᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ ᠠᠵᠢᠯ ᠢ ᠢᠳᠡᠪᠬᠢᠲᠡᠶ ᠰᠠᠶᠢᠲᠤᠷ ᠬᠢᠬᠦ

ᠬᠡᠷᠡᠭᠲᠡᠶ᠃

       ᠣᠳᠣ ᠪᠣᠯᠲᠠᠯ᠎ᠠ ᠨᠡᠶᠢᠲᠡ 15 ᠢᠵᠢ ᠣᠨᠴᠠ ᠲᠥᠷᠥᠯ ᠤᠨ ᠲᠥᠬᠦᠭᠡᠷᠦᠮᠵᠢ ᠶᠢ ᠪᠠᠶᠢᠴᠠᠭᠠᠵᠤ ᠪᠠᠶᠢᠨ᠎ᠠ᠃

12 ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠨ᠂ 4 ᠠᠮᠤᠷ ᠲᠦᠪᠰᠢᠨ ᠤ ᠳᠠᠯᠳᠠ ᠭᠡᠮ ᠲᠠᠢ ᠪᠠᠶᠢᠵᠤ᠂

ᠪᠠᠶᠢᠴᠠᠭᠠᠵᠤ ᠭᠠᠷᠭᠠᠭᠰᠠᠨ ᠳᠠᠯᠳᠠ ᠭᠡᠮ ᠪᠣᠯᠤᠨ ᠠᠰᠠᠭᠤᠳᠠᠯ ᠳᠤ ᠬᠤᠭᠤᠴᠠᠭ᠎ᠠ ᠲᠣᠭᠲᠠᠭᠠᠨ ᠴᠡᠭᠴᠡᠯᠡᠨ

ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠪᠠᠶᠠᠷ ᠤᠨ ᠡᠳᠦᠷ ᠤᠨ ᠬᠤᠭᠤᠴᠠᠭᠠᠨ ᠳᠤ ᠣᠨᠴᠠ ᠲᠥᠷᠥᠯ ᠤᠨ

ᠲᠣᠨᠤᠭ  ᠲᠦᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠪᠠ᠃

 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号