ᠠᠷᠠᠳ ᠲᠦᠮᠡᠨ ᠳᠤ ᠦᠢᠯᠡᠴᠢᠯᠡᠵᠦ᠂ ᠠᠷᠠᠳ ᠤᠨ ᠰᠡᠳᠬᠢᠯ ᠢ ᠣᠯᠬᠤ
ᠨᠡᠶᠢᠲᠡᠯᠡᠭᠰᠡᠨ ᠴᠠᠭ᠄
2020/9/29
       ︽ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠠᠨ ᠳᠤ ᠣᠯᠠᠨ ᠵᠢᠯ ᠭᠠᠴᠢᠭᠳᠠᠭᠰᠠᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠳᠤ ᠲᠠᠯᠠᠷᠬᠠᠵᠤ ᠪᠠᠶᠢᠨ᠎ᠠ︾ ᠭᠡᠵᠦ ᠱᠤᠤ ᠹᠦ᠋ ᠷᠧᠨ ᠨᠠᠰᠤᠲᠠᠨ ᠳᠣᠭᠳᠣᠯᠤᠨ ᠬᠡᠯᠡᠨ᠎ᠡ᠃ 9 ᠰᠠᠷ᠎ᠠ ᠶᠢᠨ 27 ᠤ ᠥᠷᠯᠥᠭᠡ ᠡᠷᠲᠡ᠂ ᠪᠠᠳᠺᠡᠷ ᠵᠤᠤ ᠪᠠᠯᠭᠠᠰᠤᠨ ᠤ ᠭᠠᠩ ᠹᠠᠩ ᠳ᠋ᠢ ᠲᠣᠰᠬᠤᠨ ᠤ ᠳᠠᠯᠠ ᠭᠠᠷᠤᠭᠰᠠᠨ ᠱᠤᠤ ᠹᠦ᠋ ᠷᠧᠨ ᠨᠠᠰᠤᠲᠠᠨ ᠬᠢᠵᠠᠭᠠᠯᠠᠰᠢ ᠦᠭᠡᠢ ᠲᠠᠯᠠᠷᠬᠠᠭᠰᠠᠨ ᠰᠡᠳᠬᠢᠯᠭᠡ ᠪᠠᠷ ᠪᠠᠳᠺᠡᠷ ᠵᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠬᠦᠷᠴᠦ ᠬᠡᠮᠡᠷᠯᠢᠭ ᠲᠤᠭ ᠪᠡᠯᠡᠭᠯᠡᠵᠦ᠂ ᠪᠠᠳᠺᠡᠷ ᠵᠤᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠴᠢᠩ  ᠰᠡᠳᠭᠢᠯ ᠤᠨ ᠲᠠᠯᠠᠷᠬᠠᠯ ᠢᠶᠠᠨ ᠢᠯᠡᠳᠬᠡᠵᠡᠶ᠃

       ᠱᠤᠤ ᠹᠦ᠋ ᠷᠧᠨ ᠨᠠᠰᠤᠲᠠᠨ ᠣᠷᠣᠨ ᠰᠠᠭᠤᠴᠠ ᠶᠢᠨ ᠠᠰᠠᠭᠤᠳᠠᠯ ᠠᠴᠠ ᠪᠣᠯᠵᠤ 8 ᠰᠠᠷ᠎ᠠ ᠶᠢᠨ

ᠰᠡᠭᠦᠯᠴᠢ ᠪᠠᠷ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠲᠤᠰᠬᠠᠵᠤ᠂ ᠰᠤᠷᠪᠤᠯᠵᠢᠯᠠᠭ᠎ᠠ ᠶᠢ

ᠬᠦᠯᠢᠶᠡᠨ ᠠᠪᠤᠭᠰᠠᠨ ᠲᠤᠰ ᠡᠳᠦᠷ ᠪᠠᠯᠭᠠᠰᠤᠨ ᠤ ᠨᠠᠮ ᠤᠨ ᠬᠤᠷᠢᠶᠠᠨ ᠤ ᠭᠤᠤ ᠾᠦᠢ ᠱᠦᠵᠢ ᠪᠠᠯᠭᠠᠰᠤᠨ ᠤ

ᠤᠳᠤᠷᠢᠳᠤᠯᠭ᠎ᠠ ᠶᠢ ᠳᠠᠭᠠᠭᠤᠯᠤᠨ ᠲᠣᠰᠬᠤᠨ ᠳᠤ ᠬᠦᠷᠴᠦ ᠪᠠᠶᠢᠳᠠᠯ ᠢ ᠤᠶᠢᠯᠠᠭᠠᠵᠠᠢ᠃ ᠡᠨᠡ ᠠᠰᠠᠭᠤᠳᠠᠯ

ᠨᠠᠰᠤᠲᠠᠨ ᠢ ᠭᠤᠷᠪᠠᠨ ᠵᠢᠯ ᠢᠯᠡᠭᠦᠤ ᠵᠣᠪᠠᠭᠠᠵᠠᠶ᠃ ᠣᠯᠠᠨ ᠤᠳᠠᠭ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠡᠷᠢᠵᠦ

ᠲᠤᠰᠬᠠᠵᠠᠶ᠃ ᠨᠠᠰᠤᠲᠠᠨ ᠤ ᠲᠤᠰᠬᠠᠭᠰᠠᠨ ᠠᠰᠠᠭᠤᠳᠠᠯ ᠤᠨ ᠴᠠᠭ ᠤᠨ ᠠᠯᠭᠠᠰᠠᠯ ᠨᠡᠯᠢᠶᠡᠳ ᠤᠷᠲᠤ ᠪᠠᠶᠢᠬᠤ ᠳᠤ

ᠴᠢᠭᠯᠡᠭᠦᠯᠦᠨ᠂ ᠨᠠᠰᠤᠲᠠᠨ ᠳᠤ ︽ᠰᠢᠨ᠎ᠡ ᠨᠣᠶᠠᠨ ᠴᠤ ᠬᠠᠭᠤᠴᠢᠨ ᠲᠠᠩᠰᠠ ᠪᠠᠨ ᠰᠢᠢᠳᠪᠦᠷᠢᠯᠡᠳᠡᠭ︾ ᠭᠡᠵᠦ

ᠲᠣᠳᠣᠷᠬᠠᠶ ᠬᠡᠯᠡᠵᠦ  ᠦᠭᠭᠦᠪᠡ᠂ ᠨᠠᠰᠤᠲᠠᠨ ᠢ ᠳᠠᠭᠢᠵᠤ ᠡᠯ᠎ᠡ ᠰᠠᠯᠠᠭ᠎ᠠ ᠮᠥᠴᠢᠷ ᠲᠤ ᠭᠦᠶᠦᠯᠭᠡᠬᠦ ᠬᠡᠷᠡᠭ ᠥᠬᠡᠶ

ᠪᠣᠯᠵᠠᠶ᠃ ᠪᠠᠯᠭᠠᠰᠤᠨ ᠤ ᠨᠠᠮ ᠤᠨ ᠬᠤᠷᠢᠶᠠᠨ ᠤ ᠬᠢᠨ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂

ᠲᠡᠭᠦᠨ ᠢ ᠰᠡᠳᠬᠢᠯ ᠠᠮᠤᠷ ᠭᠡᠷ ᠲᠡᠭᠡᠨ ᠴᠢᠮᠡᠭᠡ  ᠬᠦᠯᠢᠶᠡᠪᠡᠯ ᠪᠣᠯᠴᠢᠬᠠᠨ᠎ᠠ  ᠭᠡᠵᠡᠢ᠃

       ᠬᠠᠮᠤᠭ ᠡᠴᠦᠰ ᠲᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ

ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠳᠡᠮᠵᠢᠯᠭᠡ ᠪᠠᠷ ᠳᠠᠮᠵᠢᠨ᠂ ᠪᠠᠯᠭᠠᠰᠤᠨ ᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠣᠯᠠᠨ ᠲᠠᠯ᠎ᠠ ᠪᠠᠷ ᠵᠣᠬᠢᠴᠠᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ

ᠱᠤᠤ ᠹᠦ᠋ ᠷᠧᠨ ᠨᠠᠰᠤᠲᠠᠨ ᠤ ᠭᠡᠷ ᠪᠦᠯᠢ ᠶᠢᠨ ᠬᠢᠨ ᠤ ᠣᠷᠣᠨ ᠰᠠᠭᠤᠴᠠ ᠶᠢᠨ ᠠᠰᠠᠭᠤᠳᠠᠯ ᠢ ᠰᠢᠶ᠋ᠳᠪᠦᠷᠢᠯᠡᠵᠦ  

ᠦᠭᠭᠦᠵᠡᠢ᠃

       ᠡᠨᠡ ᠤᠳᠠᠭᠠᠨ ᠤ ᠠᠰᠠᠭᠤᠳᠠᠯ ᠢ ᠰᠢᠢᠳᠪᠦᠷᠢᠯᠡᠬᠦ ᠪᠣᠯ ᠪᠠᠳᠺᠡᠷ ᠵᠣᠤ ᠪᠠᠯᠭᠠᠰᠤᠨ ᠤ ᠨᠠᠮ ᠤᠨ ᠬᠤᠷᠢᠶ᠎ᠠ

ᠵᠠᠰᠠᠭ ᠤᠨ ᠣᠷᠳᠣᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾

ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠪᠣᠳᠠᠲᠠᠶ ᠢᠯᠡᠷᠡᠯ᠂ ᠮᠥᠨ ᠴᠦ ᠪᠠᠳᠺᠡᠷ ᠵᠤᠤ ᠪᠠᠯᠭᠠᠰᠤᠨ ᠤ

ᠠᠷᠠᠳ ᠲᠤ ᠦᠢᠯᠡᠴᠢᠯᠡᠬᠦ ᠶᠢ ᠠᠬᠢᠭᠤᠯᠵᠤ᠂ ᠠᠵᠢᠯ ᠤᠨ ᠰᠤᠷᠲᠠᠯ ᠢᠶᠠᠨ ᠦᠨᠡᠨᠬᠦ  ᠰᠠᠶᠢᠵᠢᠷᠠᠭᠤᠯᠬᠤ ᠶᠢᠨ ᠪᠣᠳᠠᠲᠠᠢ

ᠢᠯᠡᠷᠡᠯ ᠪᠣᠯᠤᠨ᠎ᠠ᠃ ᠬᠤᠶᠢᠰᠢᠳᠠ ᠮᠠᠨ ᠤ ᠪᠠᠯᠭᠠᠰᠤ ᠦᠷᠭᠦᠯᠵᠢᠯᠡᠨ ᠨᠢᠭᠡ ᠰᠡᠳᠬᠢᠯ ᠢᠶᠠᠷ ᠠᠷᠠᠳ ᠤᠨ ᠲᠥᠯᠥᠭᠡ

ᠵᠢᠳᠬᠦᠵᠦ᠂ ᠠᠷᠠᠳ ᠲᠦᠮᠡᠨ ᠳᠤ ᠦᠶ᠋ᠯᠡᠴᠢᠯᠡᠬᠦ ᠠᠯᠢᠪᠠ ᠤᠭ ᠰᠠᠨᠠᠭ᠎ᠠ᠂ ᠣᠯᠠᠨ ᠲᠦᠮᠡᠨ ᠳᠤ ᠪᠣᠳᠠᠲᠤ ᠶᠠᠪᠤᠳᠠᠯ

ᠰᠠᠶᠢᠨ ᠶᠠᠪᠤᠳᠠᠯ ᠬᠢᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠪᠣᠯᠤᠨ

ᠬᠠᠯᠠᠮᠵᠢᠯᠠᠯ ᠢ ᠳᠣᠷᠣᠭᠰᠢ ᠪᠠᠭᠤᠯᠭᠠᠵᠤ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ

︔ ᠣᠯᠠᠨ ᠲᠦᠮᠡᠨ ᠤ ᠰᠡᠳᠬᠢᠯ ᠤᠨ ᠦᠭᠡ ᠪᠠ  ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠠᠪᠴᠢᠷᠠᠵᠤ

ᠠᠷᠠᠳ ᠤᠨ ᠵᠣᠪᠠᠨᠢᠯ ᠢ ᠠᠷᠢᠯᠭᠠᠨ᠎ᠠ᠃

 
ᠢᠷᠡᠯᠲᠡ᠄ ᠪᠠᠳᠺᠡᠷ ᠵᠤᠤ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号