ᠰᠢᠭᠤᠶᠢᠲᠤ ᠵᠡᠭᠡᠯᠢ ᠭᠤᠳᠤᠮᠵᠢ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2020/9/3
       ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ︽ᠰᠦᠯᠵᠢᠶᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ ᠠᠷᠭ᠎ᠠ︾ ᠶᠢ ᠲᠤᠰᠬᠠᠶ ᠰᠡᠳᠦᠪ ᠢᠶᠠᠷ ᠰᠤᠷᠤᠯᠴᠠᠪᠠ᠃ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠪᠦᠷᠢᠯᠳᠦᠬᠦᠨ ᠣᠷᠣᠯᠴᠠᠵᠠᠶ᠃        ᠬᠤᠷᠠᠯ ᠠᠴᠠ ᠵᠢᠭᠠᠵᠤ ᠭᠠᠷᠭᠠᠭᠰᠠᠨ ᠨᠢ᠂ ︽ᠰᠦᠯᠵᠢᠶᠡᠨ ᠤ ᠠᠮᠤᠷ ᠲᠦᠪᠰᠢᠨ ᠤ ᠬᠢᠨᠠᠨ ᠪᠠᠶᠢᠴᠠᠭᠠᠬᠤ ᠠᠷᠭ᠎ᠠ︾ ᠶᠢ ᠬᠢᠨᠠᠮᠠᠭᠠᠶ ᠰᠤᠷᠤᠯᠴᠠᠨ ᠡᠵᠡᠮᠰᠢᠵᠦ᠂ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠵᠤ᠂ ᠵᠢᠭᠰᠠᠭᠠᠨ ᠪᠠᠶᠢᠴᠠᠭᠠᠵᠤ ᠢᠯᠭᠠᠷᠠᠭᠤᠯᠬᠤ ᠠᠵᠢᠯ ᠢ ᠰᠠᠶᠢᠲᠤᠷ ᠬᠢᠵᠦ᠂ ᠰᠦᠯᠵᠢᠶᠡᠨ ᠤ ᠨᠢᠭᠤᠴᠠ ᠨᠣᠮᠧᠷ ᠢ ᠠᠯᠪᠠᠳᠠᠯᠭ᠎ᠠ ᠪᠠᠷ ᠵᠠᠰᠠᠵᠤ᠂ ᠮᠡᠷᠭᠡᠵᠢᠯ ᠤᠨ ᠰᠡᠷᠭᠡᠶᠢᠯᠡᠯᠲᠡ ᠪᠠ ᠠᠯᠳᠠᠰᠢ ᠶᠢ ᠰᠢᠷᠪᠢᠬᠦ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠪᠡᠯᠡᠳᠬᠡᠯ ᠲᠥᠰᠦᠯ ᠵᠢᠴᠢ ᠵᠡᠷᠭᠡ ᠳᠡᠰ ᠢᠶᠠᠷ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠲᠣᠤᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃

       ᠬᠤᠷᠠᠯ ᠠᠴᠠ ᠴᠢᠬᠤᠯᠠᠴᠢᠯᠠᠭᠰᠠᠨ ᠨᠢ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ

ᠠᠵᠢᠯ ᠨᠢ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠶᠠᠪᠤᠳᠠᠯ ᠳᠤ ᠬᠤᠯᠪᠣᠭᠳᠠᠵᠤ᠂ ᠤᠯᠤᠰ ᠣᠷᠣᠨ ᠤ

ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠤᠯᠪᠣᠭᠳᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ

ᠠᠷᠠᠳ ᠤᠯᠠᠨ ᠤ ᠠᠵᠠ ᠵᠢᠷᠭᠠᠯ ᠳᠤ ᠬᠤᠯᠪᠣᠭᠳᠠᠵᠤ ᠪᠠᠶᠢᠳᠠᠭ᠃ ᠶᠡᠷᠦᠩᠬᠡᠶ ᠱᠦᠵᠢ ᠰᠢ ᠶᠢᠨ ᠫᠢᠩ ᠤᠨ

ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ

ᠲᠤᠭᠤᠰᠢᠯᠠᠭᠤᠯᠵᠤ᠂ ︽ᠳᠥᠷᠪᠡᠨ ᠤᠬᠠᠮᠰᠠᠷ︾᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ

ᠬᠠᠮᠠᠭᠠᠯᠠᠬᠤ︾ ᠶᠢ ᠡᠷ ᠡᠰ ᠪᠡᠶᠡᠯᠡᠭᠦᠯᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠤᠳᠤᠷᠢᠳᠬᠤ

ᠡᠷᠬᠡ ᠶᠢ ᠪᠠᠲᠤ ᠡᠵᠡᠮᠰᠢᠬᠦ᠂ ᠬᠠᠮᠢᠶᠠᠷᠬᠤ ᠡᠷᠬᠡ ᠪᠠ ᠦᠭᠡ ᠬᠡᠯᠡᠬᠦ ᠡᠷᠬᠡ᠃ ᠪᠠᠶᠢᠳᠠᠯ ᠢ ᠰᠡᠷᠭᠡᠭ ᠢᠶᠠᠷ ᠲᠠᠨᠢᠵᠤ᠂

ᠣᠳᠣᠬᠠᠨ ᠤ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠶᠡᠭᠡ ᠲᠠᠯ᠎ᠠ ᠶᠢ ᠣᠨᠣᠪᠴᠢᠲᠠᠶ ᠡᠵᠡᠮᠰᠢᠵᠦ᠂ ᠲᠣᠤᠷ

ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ  ᠡᠷᠡᠰ

ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠰᠡᠷᠭᠡᠶᠢᠯᠡᠬᠦ ᠪᠠᠷ

ᠭᠤᠣᠯ ᠪᠣᠯᠭᠠᠵᠤ᠂  ᠳᠡᠭᠡᠲᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠰᠦᠯᠵᠢᠶᠡᠨ ᠤ ᠠᠮᠤᠷ ᠲᠦᠪᠰᠢᠨ ᠤ

ᠠᠵᠢᠯ ᠢ ᠥᠷᠨᠢᠭᠦᠯᠵᠦ᠂ ᠪᠣᠳᠠᠲᠠᠶ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠵᠤ᠂ ᠭᠡᠨᠡᠳᠲᠡ ᠶᠢᠨ ᠪᠠᠶᠢᠳᠠᠯ ᠢ  

ᠰᠢᠳᠪᠦᠷᠢᠯᠡᠬᠦ ᠠᠵᠢᠯᠯᠠᠭ᠎ᠠ ᠨᠢ ᠲᠦᠷᠭᠡᠨ᠂ ᠡᠷᠡᠰ ᠰᠢᠭᠤᠷᠬᠠᠶ᠂ ᠪᠣᠳᠠᠲᠠᠶᠢᠵᠢᠭᠤᠯᠬᠤ ᠬᠡᠷᠡᠭᠲᠡᠶ᠃

 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠦ ᠲᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号