ᠴᠠᠭᠠᠨ ᠰᠠᠷ᠎ᠠ ᠣᠶᠢᠷᠠᠲᠤᠬᠤᠶᠠ᠂ ᠨᠤᠲᠤᠭ ᠲᠠᠭᠠᠨ ᠪᠤᠴᠠᠬᠤ ᠬᠥᠮᠦᠰ ᠣᠯᠠᠰᠢᠷᠠᠵᠤ᠂ ᠬᠥᠮᠦᠰ ᠤᠨ | ᠰᠢᠯᠵᠢᠯᠲᠡ ᠶᠡᠬᠡᠰᠴᠦ᠂ ᠬᠢᠵᠢᠭ ᠢ ᠰᠡᠷᠭᠡᠶᠢᠯᠡᠬᠦ ᠳᠠᠷᠤᠯᠲᠠ ᠨᠡᠮᠡᠭᠳᠡᠵᠦ ᠪᠠᠶᠢᠨ᠎ᠠ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠬᠠᠷᠢᠶ᠎ᠠ | ᠣᠷᠣᠨ ᠤ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠠᠯᠮᠠᠶᠢᠷᠠᠨ ᠲᠠᠶᠢᠪᠤᠰᠢᠷᠠᠬᠤ ᠪᠠ ᠰᠤᠯᠠᠷᠠᠬᠤ ᠦᠵᠡᠯ ᠰᠠᠨᠠᠭ᠎ᠠ ᠶᠢ ᠲᠡᠪᠴᠢᠭᠦᠯᠵᠦ᠂ ᠬᠤᠪᠢ | ᠬᠥᠮᠦᠨ ᠤ ᠰᠡᠷᠭᠡᠶᠢᠯᠡᠨ ᠬᠠᠮᠠᠭᠠᠯᠠᠬᠤ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ᠂ ᠰᠠᠭᠤᠭᠠᠯᠢ ᠠᠷᠠᠳ ᠤᠨ | ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠃ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ | ᠶᠢᠨ ᠰᠢᠨ ᠸᠠᠩ ᠨᠡᠶᠢᠭᠡᠮ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ | ᠢᠳᠡᠪᠬᠢᠲᠡᠶ ᠥᠷᠨᠢᠭᠦᠯᠪᠡ᠃ | | | | | 《 ᠠᠮᠠᠪᠴᠢ ᠵᠡᠭᠦᠬᠦ᠂ ᠨᠢᠭᠡ ᠮᠧᠲᠷ ᠤᠨ ᠱᠤᠭᠤᠮ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ | ᠦᠷᠭᠦᠯᠵᠢ ᠰᠠᠯᠬᠢ ᠨᠡᠪᠲᠡᠷᠡᠭᠦᠯᠬᠦ᠂ ᠦᠷᠭᠦᠯᠵᠢ ᠠᠷᠢᠭᠤᠳᠬᠠᠬᠤ 》 ᠨᠡᠶᠢᠭᠡᠮ ᠲᠣᠭᠤᠷᠢᠭ ᠤᠨ ᠠᠵᠢᠯᠲᠠᠳ ᠬᠥᠮᠦᠨ | ᠬᠠᠷ᠎ᠠ ᠣᠯᠠᠨ ᠴᠤᠭᠯᠠᠷᠠᠬᠤ ᠲᠠᠯᠠᠪᠤᠷ ᠲᠤ ᠬᠦᠷᠴᠦ᠂ ᠬᠤᠳᠠᠯᠳᠤᠭᠠᠴᠢᠨ ᠡᠷᠦᠬᠡ᠂ ᠳᠡᠯᠭᠡᠭᠦᠷᠴᠢᠨ᠂ ᠬᠠᠷᠢᠶ᠎ᠠ ᠣᠷᠣᠨ | ᠤ ᠰᠠᠭᠤᠭᠠᠯᠢ ᠠᠷᠠᠳ ᠲᠤ 《 ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠲᠤ ᠥᠭᠭᠦᠭᠰᠡᠨ ᠨᠢᠭᠡ ᠬᠤᠪᠢ | ᠵᠠᠬᠢᠳᠠᠯ 》᠂ ᠬᠢᠵᠢᠭ ᠤᠨ ᠪᠠᠶᠢᠳᠠᠯ ᠤᠨ ᠤᠬᠠᠭᠤᠯᠭ᠎ᠠ ᠶᠢᠨ ᠳᠡᠪᠲᠡᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ | ᠲᠠᠷᠬᠠᠭᠠᠵᠤ᠂ ᠬᠤᠳᠠᠯᠳᠤᠭᠠᠴᠢᠨ ᠡᠷᠦᠬᠡ ᠶᠢ ᠵᠢᠯᠣᠭᠤᠳᠤᠨ ᠵᠣᠴᠢᠳ ᠤᠨ ᠳᠡᠯᠭᠡᠭᠦᠷ ᠲᠤ ᠣᠷᠣᠵᠤ ᠺᠣᠳ᠋ ᠢᠶᠠᠨ | ᠦᠵᠡᠭᠦᠯᠬᠦ᠂ ᠪᠡᠶ᠎ᠡ ᠶᠢᠨ ᠬᠠᠯᠠᠭᠤᠨ ᠢᠶᠠᠨ ᠬᠡᠮᠵᠢᠬᠦ ᠠᠵᠢᠯ ᠢ ᠰᠠᠶᠢᠲᠤᠷ ᠬᠢᠵᠦ᠂ ᠡᠷᠦᠬᠡ ᠪᠣᠯᠭᠠᠨ ᠢ ᠣᠶᠢᠯᠠᠭᠠᠬᠤ᠂ | ᠬᠥᠮᠦᠨ ᠪᠣᠯᠭᠠᠨ ᠴᠢᠬᠤᠯᠠᠴᠢᠯᠠᠬᠤ ᠶᠢ ᠪᠡᠶᠡᠯᠡᠭᠦᠯᠵᠦ᠂ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ | ᠳᠤ ᠪᠤᠴᠠᠵᠤ ᠢᠷᠡᠭᠰᠡᠨ ᠬᠥᠮᠦᠰ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠭᠠᠳᠠᠨ᠎ᠠ ᠠᠴᠠ ᠢᠷᠡᠭᠰᠡᠨ ᠬᠥᠮᠦᠰ | ᠢ ᠴᠠᠭ ᠲᠤᠬᠠᠶ ᠳᠤᠨᠢ ᠳᠡᠩᠰᠡᠯᠡᠨ ᠲᠡᠮᠳᠡᠭᠯᠡᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ | ᠬᠢᠵᠢᠭ ᠢ ᠰᠡᠷᠭᠡᠶᠢᠯᠡᠨ ᠡᠵᠡᠮᠳᠡᠬᠦ ᠪᠠᠶᠢᠩᠭᠤᠵᠢ᠃ | | | | | ᠨᠡᠶᠢᠭᠡᠮ ᠲᠣᠭᠤᠷᠢᠭ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ | ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠡᠷᠡᠰ ᠪᠠᠬᠢᠵᠢᠭᠦᠯᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠣᠣᠷ ᠢ ᠪᠠᠲᠤ ᠰᠦᠯᠵᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ | ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ ᠪᠣᠯᠤᠨ᠎ᠠ᠃ | |