ᠦᠨ᠎ᠡ ᠲᠥᠯᠥᠪᠦᠷᠢ ᠦᠭᠡᠢ ᠪᠠᠷ ᠲᠠᠮᠠᠭ᠎ᠠ ᠭᠠᠶᠢᠯᠢ ᠶᠢᠨ ᠡᠵᠡᠮᠳᠡᠯ ᠠᠵᠤ ᠠᠬᠤᠢᠯᠠᠯ ᠤᠨ 《 ᠲᠣᠮᠣ ᠪᠡᠯᠡᠭ 》 ᠵᠡᠷᠭᠡ ᠶᠢ ᠴᠢᠮ᠎ᠠ ᠳᠤ ᠬᠦᠷᠭᠡᠶ᠎ᠡ
ᠨᠡᠶᠢᠲᠡᠯᠡᠭᠰᠡᠨ ᠴᠠᠭ᠄
2021/1/22
       《 ᠲᠠᠯᠪᠢᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠨᠢ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠᠶᠢᠷᠢᠯᠠᠭᠤᠯᠤᠯᠲᠠ ᠪᠠ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠣᠯᠠᠨ ᠲᠦᠮᠡᠨ ᠳᠤ ᠦᠶᠯᠡᠴᠢᠯᠡᠬᠦ᠂ ᠠᠷᠠᠳ ᠲᠤ ᠠᠰᠢᠭᠲᠠᠶ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠬᠤᠳᠠᠯᠳᠤᠭ᠎ᠠ ᠡᠵᠡᠩᠨᠡᠬᠦ ᠲᠡᠷᠢᠭᠦᠨ ᠵᠡᠷᠭᠡ ᠶᠢᠨ ᠣᠷᠴᠢᠨ ᠨᠥᠬᠦᠴᠡᠯ ᠤᠨ ᠪᠠᠷᠢᠮᠵᠢᠶ᠎ᠠ ᠪᠠᠷ ᠪᠠᠷᠢᠮᠵᠢᠶᠠᠯᠠᠨ᠂ ᠠᠷᠠᠳ  ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠠᠰᠢᠭ ᠬᠦᠷᠲᠡᠭᠡᠬᠦ ᠵᠠᠰᠠᠭ ᠤᠨ ᠣᠷᠳᠣᠨ ᠤ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ 《 ᠥᠪᠡᠷ ᠤᠨ ᠥᠷᠲᠡᠭ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠦᠶᠯᠡᠴᠢᠯᠡᠭᠡ ᠶᠢ ᠰᠢᠯᠢᠳᠡᠭᠵᠢᠭᠦᠯᠬᠦ 》 ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠲᠣᠭᠤᠷᠢᠭ ᠤᠨ ᠠᠵᠤ ᠠᠬᠤᠶᠢᠯᠠᠯ ᠡᠷᠭᠢᠯᠡᠨ ᠪᠠᠶᠢᠭᠤᠯᠬᠤ ᠳᠤ ᠲᠥᠬᠦᠮ ᠦᠵᠡᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶ ᠠᠬᠢᠭᠤᠯᠵᠤ᠂ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠳᠤ ᠰᠦᠶᠳᠬᠡᠯ ᠬᠤᠷᠢᠶᠠᠬᠤ ᠥᠬᠡᠶ ᠪᠠᠷ ᠠᠯᠪᠠᠨ ᠲᠠᠮᠠᠭ᠎ᠠ  ᠰᠡᠶᠢᠯᠦᠵᠦ ᠦᠭᠭᠦᠨ᠎ᠡ᠃

       ᠰᠢᠨ᠎ᠡ ᠵᠢᠯ ᠰᠠᠶ᠋ᠢᠬᠠᠨ ᠥᠩᠭᠡᠷᠡᠮᠡᠭᠴᠡ᠂ ᠥᠪᠥᠷ ᠮᠣᠩᠭᠤᠯ ᠤᠨ ᠾᠧᠩᠤᠤᠢ ᠮᠠᠰᠢᠨ ᠴᠠᠬᠢᠯᠭᠠᠨ ᠤ

ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠭᠡ

ᠲᠢᠩᠬᠢᠮ ᠳᠤ 《 ᠰᠢᠭᠤᠶᠢᠲᠤ ᠲᠣᠭᠤᠷᠢᠭ ᠤᠨ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠤᠨ ᠲᠣᠮᠣ ᠪᠡᠯᠡᠭ 》  

 ᠢ ᠦᠨ᠎ᠡ ᠲᠥᠯᠥᠪᠦᠷᠢ ᠥᠬᠡᠶ ᠪᠠᠷ ᠭᠥᠯᠢᠶᠡᠨ ᠠᠪᠴᠠᠶ᠂ ᠪᠡᠯᠡᠭ ᠲᠤ ᠠᠵᠤ ᠠᠬᠤᠶᠢᠯᠠᠯ ᠡᠷᠭᠢᠯᠡᠬᠦ ᠢᠵᠢ ᠪᠦᠷᠢᠨ

ᠠᠯᠪᠠᠨ ᠲᠠᠮᠠᠭ᠎ᠠ ᠪᠠ ᠭᠠᠶᠢᠯᠢ ᠡᠵᠡᠮᠳᠡᠬᠦ ᠲᠠᠪᠠᠭ ᠪᠠᠭᠲᠠᠨ᠎ᠠ᠃

       ᠡᠨᠡ ᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ

ᠰᠢᠨ᠎ᠡ ᠵᠢᠯ ᠤᠨ ᠠᠩᠬᠠᠳᠠᠭᠴᠢ ᠺᠣᠮᠫᠠᠨᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠾᠧᠩ ᡂᠢ ᠮᠠᠰᠢᠨ

ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠣᠮᠣ ᠪᠡᠯᠡᠭ ᠲᠣᠰᠴᠤ ᠠᠪᠤᠭᠠᠳ ᠰᠡᠳᠬᠢᠯ

ᠳᠣᠭᠳᠣᠯᠤᠨ᠄ 《 ᠪᠢ ᠤᠤᠯ ᠨᠢ ᠪᠠᠰᠠ ᠠᠳᠠᠯᠢ ᠲᠤᠬᠠᠶᠢᠯᠠᠭᠰᠠᠨ ᠠᠵᠢᠯ ᠢ ᠭᠦᠶᠴᠡᠳᠬᠡᠵᠦ ᠥᠩᠭᠡᠷᠡᠭᠰᠡᠨ ᠶᠤᠮ᠂

ᠪᠦᠬᠦᠨ ᠢ ᠭᠦᠶᠴᠡᠳᠬᠡᠵᠦ ᠳᠠᠭᠤᠰᠬᠠᠬᠤ ᠳᠤ ᠭᠤᠷᠪᠠ ᠳᠥᠷᠪᠡᠨ ᠡᠳᠦᠷ ᠤᠨ ᠴᠠᠭ ᠬᠡᠷᠡᠭᠰᠡᠨ᠎ᠡ᠂ ᠣᠲᠣ ᠨᠢᠭᠡ

ᠦᠳᠡ ᠶᠢᠨ ᠡᠮᠦᠨ᠎ᠡ ᠪᠦᠬᠦᠨ ᠢ ᠬᠢᠵᠦ ᠳᠠᠭᠤᠰᠬᠠᠵᠠᠶ᠂ ᠪᠠᠰᠠ ᠰᠦᠶᠳᠬᠡᠯ ᠢ ᠬᠠᠰᠤᠵᠤ ᠬᠡᠯᠲᠦᠷᠢᠭᠦᠯᠵᠡᠶ᠃ ᠠᠯᠪᠠᠨ

ᠲᠠᠮᠠᠭ᠎ᠠ ᠪᠣᠯᠤᠨ ᠭᠠᠶᠢᠯᠢ ᠡᠵᠡᠮᠳᠡᠬᠦ ᠫᠠᠨᠰᠠ ᠵᠡᠷᠭᠡ ᠵᠠᠷᠤᠳᠠᠯ ᠢ ᠨᠡᠮᠡᠪᠡᠯ ᠪᠠᠭ᠎ᠠ ᠪᠤᠰᠤ ᠵᠣᠭᠤᠰ ᠬᠡᠷᠡᠭᠰᠡᠨ᠎ᠡ᠂ ᠤᠳᠤ

ᠵᠠᠰᠠᠭ ᠣᠨ ᠣᠷᠳᠣᠨ ᠠᠴᠠ ᠡᠨᠡ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠨᠡ ᠬᠡᠰᠡᠭ ᠵᠠᠷᠤᠳᠠᠯ ᠢ ᠬᠠᠰᠤᠵᠤ

ᠬᠡᠯᠲᠦᠷᠢᠭᠦᠯᠵᠡᠢ᠂ ᠦᠢᠯᠡᠴᠢᠯᠡᠭᠡ ᠦᠨᠡᠨ ᠭᠡᠷ ᠲᠡᠭᠡᠨ ᠬᠦᠷᠴᠡᠢ᠃ 》᠃

       ᠠᠵᠤ ᠠᠬᠤᠶᠢᠯᠠᠯ ᠳᠤ ᠪᠡᠯᠡᠭ ᠬᠦᠷᠭᠡᠬᠦ ᠲᠣᠮᠣ ᠪᠡᠯᠡᠭ ᠬᠦᠷᠭᠡᠬᠦ ᠨᠢ ᠵᠥᠪᠬᠡᠨ ᠰᠢᠭᠤᠶᠢᠲᠤ ᠲᠣᠭᠤᠷᠢᠭ ᠤᠨ

ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠶᠠᠪᠤᠳᠠᠯ ᠪᠣᠯᠤᠨ᠎ᠠ᠂ ᠬᠤᠳᠠᠯᠳᠤᠭ᠎ᠠ

ᠡᠵᠡᠩᠨᠡᠬᠦ ᠲᠡᠷᠢᠭᠦᠨ ᠵᠡᠷᠭᠡ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠡᠯ᠎ᠡ ᠵᠦᠶᠯ ᠤᠨ

ᠲᠥᠷᠥ ᠶᠢᠨ ᠪᠣᠳᠣᠯᠭ᠎ᠠ ᠶᠢᠨ ᠳᠣᠲᠣᠷᠠᠬᠢ ᠨᠢᠭᠡ ᠨᠢ ᠪᠣᠯᠤᠨ᠎ᠠ᠂ ᠠᠵᠤ ᠠᠬᠤᠶᠢᠯᠠᠯ ᠣᠯᠠᠨ ᠲᠦᠮᠡᠨ ᠳᠤ ᠨᠠᠩ

ᠰᠠᠶᠢᠨ ᠦᠶᠯᠡᠴᠢᠯᠡᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ

ᠲᠣᠪᠴᠢᠶ᠎ᠠ ᠪᠠᠰᠠ ᠣᠷᠣᠯᠠᠨ ᠭᠦᠶᠴᠡᠳᠬᠡᠬᠦ ᠪᠠ ᠬᠠᠪᠰᠤᠷᠤᠨ ᠭᠦᠶᠴᠡᠳᠬᠡᠬᠦ ᠲᠤᠰᠬᠠᠶ ᠪᠦᠯᠬᠦᠮ ᠪᠠᠶᠢᠭᠤᠯᠵᠤ᠂

ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠲᠢᠩᠬᠢᠮ ᠳᠤ ᠢᠷᠡᠵᠦ ᠡᠯ᠎ᠡ ᠵᠦᠶᠯ ᠤᠨ ᠲᠤᠬᠠᠶᠢᠯᠠᠭᠰᠠᠨ

ᠠᠵᠢᠯ ᠢ ᠣᠷᠣᠯᠠᠨ ᠭᠦᠶᠴᠡᠳᠬᠡᠬᠦ ᠪᠠ ᠬᠠᠪᠰᠤᠷᠤᠨ ᠭᠦᠶᠴᠡᠳᠬᠡᠬᠦ ᠠᠵᠢᠯᠲᠠᠨ ᠰᠦᠶᠳᠬᠡᠯ ᠬᠤᠷᠢᠶᠠᠬᠤ ᠥᠬᠡᠶ ᠪᠠᠷ

ᠪᠥᠬᠦ ᠶᠠᠪᠤᠴᠠ ᠳᠤ ᠬᠠᠪᠰᠤᠷᠤᠨ ᠭᠦᠶᠴᠡᠳᠬᠡᠵᠦ ᠪᠣᠯᠤᠨ᠎ᠠ᠃ ᠬᠡᠷᠡᠭ ᠡᠷᠬᠢᠯᠡᠭᠴᠢᠳ ᠪᠠᠰᠠ ᠴᠠᠭ ᠤᠷᠲᠤᠳᠬᠠᠨ

ᠭᠦᠶᠴᠡᠳᠬᠡᠬᠦ᠂ ᠠᠩᠬ᠎ᠠ ᠠᠰᠠᠭᠤᠵᠤ ᠬᠠᠷᠢᠭᠤᠴᠠᠬᠤ᠂ ᠨᠢᠭᠡ ᠯᠡ ᠤᠳᠠᠭ᠎ᠠ ᠳᠤ ᠭᠦᠶᠴᠡᠳᠬᠡᠵᠦ ᠳᠠᠭᠤᠰᠬᠠᠬᠤ ᠵᠡᠷᠭᠡ

ᠳᠣᠲᠣᠨᠣ᠂ ᠥᠨᠳᠥᠷ ᠪᠦᠲᠦᠮᠵᠢᠲᠡᠶ ᠦᠶᠯᠡᠴᠢᠯᠡᠭᠡ ᠶᠢ ᠭᠥᠷᠳᠡᠨ᠎ᠡ᠃

       ᠢᠷᠡᠭᠡᠳᠦᠶ ᠳᠤ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ

 ᠨᠢ ᠢᠮᠠᠭᠲᠠ ᠴᠢᠨᠠᠷ ᠰᠠᠶᠢᠲᠠᠶ ᠦᠶᠯᠡᠴᠢᠯᠡᠭᠡ ᠬᠠᠩᠭᠠᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠠᠨ

ᠬᠤᠪᠢᠷᠠᠭᠤᠯᠬᠤ ᠪᠥᠬᠦ ᠶᠠᠪᠤᠴᠠ ᠳᠤ ᠲᠤᠭᠤᠰᠢᠯᠠᠭᠤᠯᠵᠤ᠂ ᠶᠡᠭᠡ ᠲᠠᠯ᠎ᠠ ᠳᠤ ᠦᠶᠯᠡᠴᠢᠯᠡᠬᠦ᠂ ᠭᠠᠶᠢᠯᠢ ᠲᠤᠰᠢᠶᠠᠭᠴᠢ

 ᠳᠤ ᠦᠶᠯᠡᠴᠢᠯᠡᠬᠦ᠂ ᠦᠨᠳᠦᠰᠦᠨ ᠱᠠᠲᠤᠨ ᠳᠤ ᠦᠶᠯᠡᠴᠢᠯᠡᠬᠦ ᠴᠢᠳᠠᠪᠤᠷᠢ ᠪᠣᠯᠤᠨ ᠬᠢᠷᠢ ᠲᠦᠪᠰᠢᠨ ᠢᠶᠠᠨ ᠬᠦᠴᠦᠯᠡᠨ

ᠳᠡᠭᠡᠭᠰᠢᠯᠡᠭᠦᠯᠵᠦ᠂ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂

ᠰᠢᠭᠤᠶᠢᠲᠤ ᠣᠷᠣᠨ ᠳᠤ 《 ᠬᠢᠨᠠᠨ ᠵᠥᠪᠰᠢᠶᠡᠷᠡᠬᠦ ᠪᠠᠷ ᠬᠠᠮᠤᠭ ᠤᠨ ᠴᠥᠭᠡᠨ᠂ ᠦᠶᠯᠡᠴᠢᠯᠡᠭᠡ ᠪᠠᠷ ᠬᠠᠮᠤᠭ ᠤᠨ

ᠰᠠᠶᠢᠨ᠂ ᠬᠤᠷᠳᠤᠴᠠ ᠪᠠᠷ ᠬᠠᠮᠤᠭ ᠤᠨ ᠲᠦᠷᠭᠡᠨ 》 ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ

ᠨᠥᠬᠦᠴᠡᠯ ᠢ ᠪᠣᠶ ᠪᠣᠯᠭᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号