ᠨᠢᠭᠡ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠬᠡᠷ ᠪᠠᠶᠢᠰᠢᠩ ᠪᠠᠷᠢᠬᠤ ᠠᠰᠠᠭᠤᠳᠠᠯ ᠢ ᠴᠡᠭᠴᠡᠯᠡᠨ ᠵᠠᠰᠠᠬᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠪᠦᠷᠢᠨ ᠪᠢᠴᠢᠭ
ᠨᠡᠶᠢᠲᠡᠯᠡᠭᠰᠡᠨ ᠴᠠᠭ᠄
2021/10/18
1 . ᠶᠠᠭᠤ ᠶᠢ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠷᠢᠬᠤ ᠭᠡᠬᠦ ᠪᠣᠢ      ᠬᠥᠳᠡᠭᠡ ᠲᠣᠰᠬᠣ᠋‍ᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠭᠡᠳᠡᠭ ᠨᠢ ᠬᠠᠤᠯᠢ ᠲᠣᠭᠲᠠᠭᠠᠯ ᠶᠣᠰᠣᠭᠠᠷ ᠭᠠᠵᠠᠷ ᠬᠡᠷᠡᠭᠯᠡᠬᠦ ᠭᠠᠷ ᠭᠦᠢᠴᠡᠳᠬᠡᠯ ᠪᠤᠶᠤ ᠭᠠᠵᠠᠷ ᠬᠡᠷᠡᠭᠯᠡᠬᠦ ᠭᠠᠷ ᠭᠦᠢᠴᠡᠳᠬᠡᠯ ᠨᠢ ᠪᠦᠷᠢᠨ ᠪᠤᠰᠤ᠂ ᠡᠯ᠎ᠡ ᠲᠦᠷᠦᠯ ᠤᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠬᠤ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ  ᠃ 2 . ᠶᠠᠭᠤᠨ ᠳᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ  ᠶᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠢ ᠪᠤᠢ     2020 ᠣᠨ ᠤ 7 ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠴᠡᠭᠴᠡᠯᠡᠨ ᠵᠠᠰᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ  ᠃ ᠬᠤᠷᠠᠯ ᠠᠴᠠ᠂ ᠲᠠᠷᠢᠶᠠᠨ ᠭᠠᠵᠠᠷ ᠢ ᠳᠤᠷ᠎ᠠ ᠪᠠᠷ  ᠢᠶᠠᠨ ᠡᠵᠡᠯᠡᠨ ᠭᠡᠷ ᠪᠠᠶᠢᠰᠢᠩ ᠪᠠᠷᠢᠭᠰᠠᠨ ᠠᠵᠢᠯᠯᠠᠭ᠎ᠠ ᠨᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠲᠠᠢ ᠬᠠᠯᠳᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠰᠦᠷᠳᠡᠭᠦᠯᠪᠡ  ᠃ ᠣᠳᠣᠬᠠᠨ ᠤ ᠪᠠᠴᠢᠮ ᠡᠭᠦᠷᠭᠡ ᠪᠣᠯ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠨᠡᠮᠡᠭᠳᠡᠯ ᠢ ᠡᠷᠡᠰ ᠬᠤᠷᠢᠭᠯᠠᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠠᠯᠠᠪᠠᠢ ᠶᠢ ᠲᠠᠬᠢᠨ ᠨᠡᠮᠡᠭᠳᠡᠭᠦᠯᠬᠦ ᠶᠢ ᠰᠡᠷᠭᠡᠶᠢᠯᠡᠵᠦ᠂ ᠲᠠᠷᠢᠶᠠᠨ ᠭᠠᠵᠠᠷ ᠢ ᠲᠠᠬᠢᠨ ᠬᠠᠤᠯᠢ ᠪᠤᠰᠤ ᠪᠠᠷ ᠡᠵᠡᠯᠡᠨ ᠠᠪᠬᠤ ᠶᠠᠪᠤᠳᠠᠯ ᠪᠣᠯᠤᠨ᠎ᠠ  ᠃ ᠲᠡᠦᠬᠡ ᠶᠢᠨ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠬᠤ ᠳᠤ ᠬᠠᠤᠯᠢ ᠲᠣᠭᠲᠠᠭᠠᠯ ᠶᠣᠰᠣᠭᠠᠷ᠂ ᠠᠵᠢᠯ ᠤᠨ ᠠᠷᠭ᠎ᠠ ᠶᠢ ᠡᠷᠬᠢᠮᠯᠡᠵᠦ᠂ ᠠᠵᠢᠯ ᠤᠨ ᠭᠤᠤᠯᠳᠠᠯᠭ᠎ᠠ ᠪᠠ ᠠᠶᠢᠵᠠᠮ ᠢ ᠰᠠᠶᠢᠲᠤᠷ ᠡᠵᠡᠮᠳᠡᠵᠦ᠂ ᠠᠯᠬᠤᠮ ᠬᠤᠪᠢᠶᠠᠨ ᠴᠡᠭᠴᠡᠯᠡᠨ ᠵᠠᠰᠠᠵᠤ᠂ ᠲᠥᠷᠥᠯ ᠬᠤᠪᠢᠶᠠᠨ ᠰᠢᠶᠳᠪᠦᠷᠢᠯᠡᠵᠦ ᠂ ᠢᠳᠡᠪᠬᠢᠲᠡᠶ ᠯᠠᠪᠳᠠᠭᠤᠨ ᠬᠦᠴᠦᠲᠡᠶ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠬᠤ ᠬᠡᠷᠡᠭᠲᠡᠶ  ᠃ ᠲᠠᠷᠢᠶᠠᠴᠢᠳ  ᠤᠨ ᠵᠦᠢ ᠵᠣᠬᠢᠰᠲᠠᠶ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠪᠠᠲᠤᠯᠠᠬᠤ ᠶᠢᠨ ᠬᠠᠮᠲᠤ᠂ ᠬᠦᠴᠦᠷᠬᠡᠭᠯᠡᠨ ᠡᠵᠡᠯᠡᠵᠦ ᠢᠯᠡᠭᠦᠦ ᠡᠵᠡᠯᠡᠬᠦ᠂ ᠬᠠᠤᠯᠢ ᠪᠤᠰᠤ ᠪᠠᠷ ᠬᠤᠳᠠᠯᠳᠤᠬᠤ ᠵᠡᠷᠭᠡ ᠮᠠᠭᠤ ᠰᠠᠨᠠᠭ᠎ᠠ ᠲᠠᠢ ᠪᠠᠷ ᠭᠠᠵᠠᠷ ᠡᠵᠡᠯᠡᠵᠦ ᠭᠡᠷ ᠪᠠᠶᠢᠰᠢᠩ ᠪᠠᠷᠢᠬᠤ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠬᠡᠷᠡᠭᠲᠡᠶ  ᠃     2020 ᠣᠨ ᠤ 7 ᠰᠠᠷ᠎ᠠ ᠶᠢᠨ 31 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠬᠠᠮᠲᠤᠷᠠᠨ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ  ᠢᠶᠠᠨ ᠡᠵᠡᠯᠡᠨ ᠬᠡᠷ ᠪᠠᠶᠢᠰᠢᠩ ᠪᠠᠷᠢᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠬᠤᠯᠪᠣᠭᠳᠠᠯ ᠪᠥᠬᠦᠶ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠰᠬᠠᠶ ᠲᠤᠰᠢᠶᠠᠯᠲᠤ ᠳᠡᠳ᠋ ᠶᠡᠷᠦᠩᠬᠡᠶ ᠰᠢᠮᠳᠠᠭᠤᠯᠤᠨ ᠪᠠᠶᠢᠴᠠᠭᠠᠭᠴᠢ ᠴᠧᠨ ᠴᠧᠨ ᠵᠣᠣ ᠬᠤᠷᠠᠯ ᠳᠡᠭᠡᠷ᠎ᠡ᠂ ᠲᠠᠷᠢᠶᠠᠨ ᠭᠠᠵᠠᠷ  ᠢ ᠬᠠᠮᠠᠭᠠᠯᠠᠬᠤ ᠪᠣᠯ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠮᠥᠨ᠂ 14 ᠳ᠋ᠦᠩᠰᠢᠭᠤᠷ ᠬᠥᠮᠦᠨ ᠤ ᠣᠷᠣᠰᠢᠨ ᠲᠣᠭᠲᠠᠨᠢᠬᠤ ᠠᠰᠠᠭᠤᠳᠠᠯ ᠳᠤ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠦᠷ᠎ᠡ ᠬᠤᠶᠢᠴᠢᠰ ᠤᠨ ᠥᠨᠢᠳᠡ ᠶᠢᠨ ᠬᠥᠭᠵᠢᠯᠲᠡ ᠳᠤ ᠬᠤᠯᠪᠣᠭᠳᠠᠬᠤ ᠪᠣᠯᠬᠤᠷ ᠶᠠᠮᠠᠷ ᠴᠤ ᠠᠯᠳᠠᠰᠢ ᠭᠠᠷᠭᠠᠵᠤ ᠪᠣᠯᠬᠤ ᠥᠬᠡᠶ ᠭᠡᠵᠦ ᠵᠢᠭᠠᠵᠤ ᠭᠠᠷᠭᠠᠪᠠ  ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠡᠷᠭᠡᠶᠢᠯᠡᠨ ᠪᠠᠲᠤ ᠰᠠᠬᠢᠬᠤ ᠬᠡᠷᠡᠭᠲᠡᠢ ᠭᠡᠵᠦ ᠶᠡᠷᠦᠩᠬᠡᠢ ᠱᠦᠵᠢ ᠰᠢ ᠶᠢᠨ ᠫᠢᠩ ᠣᠯᠠᠨᠲᠠ ᠴᠢᠬᠤᠯᠠᠴᠢᠯᠠᠭᠰᠠᠨ ᠶᠤᠮ  ᠃ ᠮᠠᠯᠤᠷ ᠦᠲᠡᠭᠡ ᠰᠢᠭ ᠲᠠᠷᠢᠶᠠᠨ ᠭᠠᠵᠠᠷ ᠢᠶᠠᠨ ᠬᠠᠮᠠᠭᠠᠯᠠᠬᠤ ᠬᠡᠷᠡᠭᠲᠡᠶ  ᠃ ᠤᠢᠢᠷ᠎ᠠ ᠶᠢᠨ ᠵᠢᠯ ᠳᠤ᠂ ᠶᠡᠷᠦᠩᠬᠡᠢ ᠱᠦᠵᠢ 《 ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ 》 ᠶᠢᠨ ᠠᠰᠠᠭᠤᠳᠠᠯ᠂ 《 ᠲᠦᠷᠢᠮ ᠢ ᠵᠥᠷᠢᠴᠡᠨ ᠬᠡᠭᠡᠨᠴᠢᠷ ᠣᠷᠣᠨ ᠰᠠᠭᠤᠴᠠ ᠪᠠᠶᠢᠭᠤᠯᠤᠭᠰᠠᠨ 》 ᠠᠰᠠᠭᠤᠳᠠᠯ ᠤᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠡᠨᠡ ᠤᠳᠠᠭ᠎ᠠ ᠪᠠᠰᠠ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ  ᠢᠶᠠᠨ ᠡᠵᠡᠯᠡᠵᠦ ᠭᠡᠷ ᠪᠠᠶᠢᠰᠢᠩ ᠪᠠᠷᠢᠭᠰᠠᠨ ᠠᠰᠠᠭᠤᠳᠠᠯ ᠤᠨ ᠲᠤᠬᠠᠢ ᠴᠢᠬᠤᠯᠠ ᠴᠣᠬᠤᠯᠠᠪᠤᠷᠢ ᠥᠭᠴᠦ᠂ ᠲᠠᠷᠢᠶᠠᠴᠢᠳ ᠤᠨ ᠵᠦᠢ ᠵᠣᠬᠢᠰᠲᠠᠢ ᠭᠡᠷ ᠪᠠᠶᠢᠰᠢᠩ ᠪᠠᠷᠢᠬᠤ ᠬᠡᠷᠡᠭᠴᠡᠭᠡ ᠶᠢ ᠰᠠᠶᠢᠲᠤᠷ ᠪᠠᠲᠤᠯᠠᠬᠤ ᠪᠠᠷ ᠪᠠᠷᠠᠬᠤ ᠦᠭᠡᠢ ᠪᠠᠰᠠ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠨᠡ ᠬᠦ ᠡᠮᠬᠢ ᠵᠠᠮᠪᠠᠷᠠᠭ᠎ᠠ ᠦᠭᠡᠢ ᠪᠠᠶᠢᠳᠠᠯ ᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ  ᠃ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠨᠡᠯᠢᠶᠡᠳ ᠤᠷᠲᠤ ᠬᠤᠭᠤᠴᠠᠭ᠎ᠠ ᠣᠷᠣᠰᠢᠵᠤ᠂ ᠬᠡᠪᠴᠢᠶ᠎ᠡ ᠨᠢ ᠥᠷᠭᠡᠨ ᠬᠡᠮᠵᠢᠶ᠎ᠡ ᠨᠢ ᠣᠯᠠᠨ᠂ ᠠᠰᠠᠭᠤᠳᠠᠯ ᠨᠢ ᠲᠣᠪᠣᠶᠢᠮ᠎ᠠ ᠪᠠᠶᠢᠨ᠎ᠠ  ᠃ ᠣᠷᠣᠨ ᠰᠠᠭᠤᠴᠠ ᠶᠢᠨ ᠲᠦᠷᠦᠯ ᠤᠨ ᠭᠡᠷ ᠪᠠᠶᠢᠰᠢᠩ ᠢ ᠪᠠᠭᠲᠠᠭᠠᠬᠤ ᠮᠥᠷᠲᠡᠭᠡᠨ ᠪᠠᠰᠠ ᠤᠯᠠᠨ ᠨᠡᠶᠢᠲᠡ ᠶᠢᠨ ᠬᠠᠮᠢᠶᠠᠷᠤᠯᠲᠠ  ᠶᠢᠨ ᠦᠢᠯᠡᠴᠢᠯᠡᠭᠡ ᠵᠢᠴᠢ ᠦᠢᠯᠡᠳᠪᠦᠷᠢ ᠠᠭᠤᠷᠬᠠᠢ᠂ ᠬᠥᠮᠥᠷᠭᠡᠯᠡᠯᠲᠡ᠂ ᠬᠤᠳᠠᠯᠳᠤᠭᠠᠨ ᠤ ᠬᠤᠪᠴᠠᠰᠤ ᠵᠡᠷᠭᠡ ᠠᠵᠤ ᠦᠢᠯᠡᠰ ᠤᠨ ᠲᠦᠷᠦᠯ ᠤᠨ ᠭᠡᠷ ᠪᠠᠶᠢᠰᠢᠩ ᠢ ᠪᠠᠭᠲᠠᠭᠠᠨ᠎ᠠ  ᠃ ᠬᠠᠤᠯᠢ ᠶᠢ ᠵᠥᠷᠢᠴᠡᠭᠰᠡᠨ ᠲᠦᠷᠦᠯ ᠬᠡᠯᠪᠡᠷᠢ ᠳᠤ ᠭᠤᠣᠯᠳᠠᠭᠤ ᠬᠠᠤᠯᠢ ᠪᠤᠰᠤ ᠪᠠᠷ ᠭᠠᠵᠠᠷ ᠡᠵᠡᠯᠡᠭᠰᠡᠨ᠂ ᠬᠠᠤᠯᠢ ᠪᠤᠰᠤ ᠪᠠᠷ ᠭᠠᠵᠠᠷ ᠵᠥᠪᠰᠢᠶᠡᠷᠡᠭᠰᠡᠨ᠂ ᠬᠠᠤᠯᠢ ᠪᠤᠰᠤ  ᠪᠠᠷ ᠰᠢᠯᠵᠢᠭᠦᠯᠦᠨ ᠥᠭᠭᠦᠭᠰᠡᠨ᠂ ᠪᠠᠰᠠ ᠬᠠᠤᠯᠢ ᠪᠤᠰᠤ ᠪᠠᠷ ᠬᠤᠳᠠᠯᠳᠤᠭᠰᠠᠨ ᠭᠡᠷ ᠪᠠᠶᠢᠰᠢᠩ ᠪᠠᠶᠢᠳᠠᠭ  ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ 《 ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ 》᠂ 《 ᠲᠦᠷᠢᠮ ᠢ ᠵᠥᠷᠢᠴᠡᠨ ᠵᠤᠰᠠᠯᠠᠩ ᠪᠠᠶᠢᠭᠤᠯᠤᠭᠰᠠᠨ 》 ᠵᠡᠷᠭᠡ ᠲᠤᠰᠬᠠᠢ ᠴᠡᠭᠴᠡᠯᠡᠨ ᠵᠠᠰᠠᠯᠲᠠ ᠶᠢ ᠬᠠᠮᠲᠤ ᠪᠠᠷ ᠥᠷᠨᠢᠭᠦᠯᠵᠦ᠂ ᠵᠣᠬᠢᠬᠤ ᠬᠡᠮᠵᠢᠶᠡᠨ ᠤ ᠰᠦᠷᠳᠡᠭᠦᠯᠬᠦ ᠦᠢᠯᠡᠳᠦᠯ ᠦᠵᠡᠭᠦᠯᠪᠡ  ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠪᠠᠰᠠ ᠲᠥᠷᠥ  ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠠᠤᠯᠢ ᠬᠡᠷᠡᠭᠵᠢᠭᠦᠯᠦᠯᠲᠡ  ᠶᠢ ᠬᠢᠨᠠᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠠᠪᠴᠠᠶ᠂ ᠵᠢᠱᠢᠶᠡᠯᠡᠪᠡᠯ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠠᠬᠢᠭᠤᠯᠬᠤ᠂ ᠬᠢᠨᠠᠨ ᠵᠥᠪᠰᠢᠶᠡᠷᠡᠬᠦ ᠡᠷᠬᠡ ᠶᠢ ᠳᠣᠷᠣᠭᠰᠢ ᠪᠠᠭᠤᠯᠭᠠᠬᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠶ ᠶᠢ ᠴᠡᠪᠡᠷᠯᠡᠬᠦ᠂ ᠰᠤᠯᠠ ᠲᠠᠯᠪᠢᠵᠤ ᠪᠠᠶᠢᠭ᠎ᠠ ᠭᠠᠵᠠᠷ ᠢ ᠴᠡᠪᠡᠷᠯᠡᠬᠦ᠂ ᠬᠠᠤᠯᠢ ᠬᠡᠷᠡᠭᠵᠢᠭᠦᠯᠦᠯᠲᠡ ᠶᠢ ᠴᠢᠩᠭ᠎ᠠ ᠬᠢᠨᠠᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠠᠪᠴᠠᠶ᠂ ᠡᠲᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠰᠠᠶᠢᠲᠤᠷ ᠬᠠᠮᠠᠭᠠᠯᠠᠨ᠎ᠠ  ᠃ ᠭᠡᠪᠡᠴᠦ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠬᠤ ᠦᠵᠡᠭᠳᠡᠯ ᠢ ᠪᠦᠷᠢᠮᠦᠰᠦᠨ ᠵᠣᠭᠰᠣᠭᠠᠵᠤ ᠳᠡᠶᠢᠯᠦᠭᠰᠡᠨ ᠦᠭᠡᠢ᠂ ᠪᠠᠰᠠ ᠡᠷᠡᠰ ᠬᠤᠷᠢᠭᠯᠠᠬᠤ ᠦᠭᠡᠢ ᠪᠣᠯ ᠶᠠᠭᠠᠬᠢᠬᠤ ᠶᠢᠨ ᠠᠷᠭ᠎ᠠ ᠦᠭᠡᠢ ᠪᠠᠶᠢᠳᠠᠯ ᠭᠠᠷᠬᠤ ᠪᠣᠯᠤᠨ᠎ᠠ  ᠃ ᠲᠠᠷᠢᠶᠠᠨ ᠭᠠᠵᠠᠷ ᠢ ᠬᠠᠤᠯᠢ ᠠᠴᠠ ᠵᠥᠷᠢᠴᠡᠨ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠶᠠᠭ ᠬᠡᠰᠡᠭ ᠭᠠᠵᠠᠷ ᠣᠷᠣᠨ ᠠᠴᠠ ᠪᠦᠬᠦ ᠤᠯᠤᠰ ᠤᠨ ᠬᠡᠪᠴᠢᠶᠡᠨ ᠳᠤ᠂ ᠡᠩ ᠤᠨ ᠭᠡᠷ ᠪᠠᠶᠢᠰᠢᠩ ᠠᠴᠠ ᠠᠰᠠᠷ ᠪᠠᠶᠢᠰᠢᠩ ᠳᠤ᠂ ᠲᠠᠷᠢᠶᠠᠴᠢᠳ ᠤᠨ ᠥᠪᠡᠷ ᠢᠶᠠᠨ ᠰᠠᠭᠤᠵᠤ ᠪᠠᠶᠢᠭᠰᠠᠨ ᠠᠴᠠ ᠪᠠᠨ ᠬᠠᠤᠯᠢ ᠪᠤᠰᠤ ᠪᠠᠷ ᠬᠤᠳᠠᠯᠳᠤᠬᠤ᠂ ᠭᠠᠭᠴᠠ ᠭᠠᠭᠴᠠ ᠡᠷᠦᠬᠡ ᠪᠠᠶᠢᠭᠰᠠᠨ ᠠᠴᠠ ᠪᠠᠨ ᠵᠣᠬᠢᠶᠠᠨ ᠪᠠᠶᠢᠭᠤᠯᠤᠯᠲᠠ ᠲᠠᠢ ᠪᠣᠯᠬᠤ ᠲᠡᠶᠢᠰᠢ ᠥᠷᠭᠡᠵᠢᠵᠦ ᠪᠠᠶᠢᠨ᠎ᠠ  ᠃ ᠬᠤᠯᠪᠣᠭᠳᠠᠯ ᠪᠦᠬᠦᠢ ᠬᠠᠤᠯᠢ ᠴᠠᠭᠠᠵᠠ  ᠶᠢᠨ ᠲᠦᠷᠢᠮ ᠨᠢ 《 ᠴᠢᠮᠡᠭᠯᠡᠯ 》 ᠪᠠ 《 ᠮᠠᠨᠠᠭᠤᠬᠠᠢ 》 ᠪᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠢᠨᠠᠯᠲᠠ ᠬᠠᠮᠢᠶᠠᠷᠤᠯᠲᠠ ᠰᠤᠯᠠ᠂ ᠬᠠᠤᠯᠢ ᠬᠡᠷᠡᠭᠵᠢᠭᠦᠯᠦᠯᠲᠡ ᠴᠢᠩᠭ᠎ᠠ ᠪᠢᠰᠢ᠂ ᠴᠢᠨᠠᠭᠰᠢᠯᠠᠪᠠᠯ ᠳᠤᠷ᠎ᠠ ᠪᠠᠷ ᠨᠢ ᠲᠠᠯᠪᠢᠵᠤ᠂ ᠦᠯᠦ ᠬᠠᠶᠢᠬᠤᠷᠤᠭᠰᠠᠨ ᠪᠠᠶᠢᠨ᠎ᠠ  ᠃ ᠬᠡᠰᠡᠭ ᠤᠯᠠᠨ ᠲᠦᠮᠡᠨ ᠤ ᠳᠤᠮᠳᠠ ᠪᠠᠰᠠ 《 ᠬᠠᠤᠯᠢ ᠤᠯᠠᠨ ᠬᠥᠮᠦᠨ ᠢ ᠦᠯᠦ ᠵᠢᠮᠡᠯᠡᠬᠦ 》 ᠰᠡᠳᠬᠢᠴᠡ ᠣᠷᠣᠰᠢᠵᠤ᠂ 《 ᠪᠤᠰᠤᠳ ᠬᠥᠮᠦᠨ ᠪᠠᠶᠢᠭᠤᠯᠪᠠᠯ ᠪᠢ ᠪᠠᠰᠠ ᠪᠠᠶᠢᠭᠤᠯᠤᠨ᠎ᠠ᠂ ᠪᠤᠰᠤᠳ ᠬᠥᠮᠦᠨ ᠨᠤᠷᠠᠭᠠᠬᠤ ᠦᠭᠡᠢ ᠪᠣᠯ ᠪᠢ ᠴᠦ ᠬᠠᠮᠢᠶ᠎ᠠ ᠦᠭᠡᠢ 》 ᠭᠡᠵᠦ ᠦᠵᠡᠵᠦ ᠪᠠᠶᠢᠨ᠎ᠠ  ᠃ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠳᠤ ᠪᠠᠰᠠ ᠨᠠᠷᠢᠨ ᠪᠤᠳᠤᠯᠢᠶᠠᠨᠲᠠᠢ ᠠᠰᠢᠭ ᠲᠤᠰᠠ ᠶᠢᠨ ᠬᠠᠷᠢᠴᠠᠭ᠎ᠠ ᠬᠤᠯᠢᠯᠳᠤᠵᠤ ᠪᠠᠶᠢᠨ᠎ᠠ᠂ ᠴᠢᠨᠠᠭᠰᠢᠯᠠᠪᠠᠯ ᠵᠠᠷᠢᠮ ᠦᠨᠳᠦᠰᠦᠨ ᠱᠠᠲᠤᠨ ᠤ ᠺᠠᠳ᠋ᠷ ᠤᠨ ᠢᠯᠵᠠᠷᠠᠯ ᠤᠨ ᠠᠰᠠᠭᠤᠳᠠᠯ ᠢ ᠴᠠᠭ ᠲᠤᠬᠠᠢ ᠳᠤᠨᠢ ᠬᠤᠷᠢᠭᠯᠠᠬᠤ ᠦᠭᠡᠢ ᠪᠣᠯ ᠨᠠᠮ ᠪᠠ ᠵᠠᠰᠠᠭ ᠤᠨ ᠣᠷᠳᠣᠨ ᠤ ᠲᠦᠷᠢ ᠲᠥᠷᠬᠦ ᠶᠢ ᠬᠦᠨᠳᠦ ᠨᠣᠴᠢᠲᠠᠢ ᠡᠪᠳᠡᠬᠦ ᠪᠣᠯᠤᠨ᠎ᠠ  ᠃ 3 . ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠲᠠᠢ ᠠᠰᠠᠭᠤᠳᠠᠯ ᠨᠢ ᠶᠠᠭᠤ ᠪᠤᠢ2020 ᠣᠨ ᠤ 7 ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠷᠠᠯᠳᠤᠭᠤᠯᠤᠭᠰᠠᠨ ᠴᠡᠭᠴᠡᠯᠡᠨ ᠵᠠᠰᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠠᠴᠠ᠂ ᠠᠵᠢᠯ ᠤᠨ ᠭᠤᠤᠯᠳᠠᠯᠭ᠎ᠠ ᠪᠠᠨ ᠳᠣᠪᠣᠶᠢᠯᠭᠠᠵᠤ᠂ ᠭᠠᠵᠠᠷ ᠰᠢᠷᠣᠶ ᠶᠢ ᠬᠦᠴᠦᠷᠬᠡᠭᠯᠡᠨ ᠡᠵᠡᠯᠡᠵᠦ ᠢᠯᠡᠭᠦᠦ ᠡᠵᠡᠯᠡᠬᠦ᠂ ᠬᠠᠤᠯᠢ ᠪᠤᠰᠤ ᠪᠠᠷ ᠬᠤᠳᠠᠯᠳᠤᠬᠤ ᠵᠡᠷᠭᠡ ᠮᠠᠭᠤ ᠰᠠᠨᠠᠭ᠎ᠠ ᠲᠠᠢ ᠪᠠᠷ ᠡᠵᠡᠯᠡᠨ ᠬᠡᠷ ᠪᠠᠶᠢᠰᠢᠩ ᠪᠠᠷᠢᠬᠤ ᠦᠶᠯᠡ ᠠᠵᠢᠯᠯᠠᠭ᠎ᠠ ᠶᠢ ᠬᠦᠴᠦᠯᠡᠨ ᠴᠡᠭᠴᠡᠯᠡᠨ ᠵᠠᠰᠠᠵᠤ᠂ ᠡᠷᠬᠡᠪᠰᠢ ᠰᠠᠶᠢᠨ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠳᠤᠷᠠᠳᠤᠨ ᠭᠠᠷᠭᠠᠪᠠ  ᠃ 4 . ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ ᠴᠡᠭᠴᠡᠯᠡᠨ ᠵᠠᠰᠠᠬᠤ ᠨᠢ ᠲᠠᠷᠢᠶᠠᠴᠢᠳ ᠤᠨ ᠭᠡᠷ ᠪᠠᠶᠢᠰᠢᠩ ᠪᠠᠷᠢᠬᠤ ᠠᠰᠠᠭᠤᠳᠠᠯ ᠳᠤ ᠴᠢᠭᠯᠡᠭᠦᠯᠦᠭᠰᠡᠨ ᠤᠤ ᠥᠬᠡᠶ  ᠃ ᠴᠡᠭᠴᠡᠯᠡᠨ ᠵᠠᠰᠠᠬᠤ ᠡᠲᠡᠭᠡᠳ ᠲᠤ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠪᠠᠭᠲᠠᠬᠤ ᠮᠥᠷᠲᠡᠭᠡᠨ ᠪᠠᠰᠠ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠵᠢᠴᠢ ᠦᠢᠯᠡᠳᠪᠦᠷᠢ ᠠᠭᠤᠷᠬᠠᠶ᠂ ᠬᠥᠮᠥᠷᠭᠡᠯᠡᠨ ᠬᠠᠳᠠᠭᠠᠯᠠᠬᠤ᠂ ᠬᠤᠳᠠᠯᠳᠤᠭᠠᠨ ᠤ ᠬᠤᠪᠴᠠᠰᠤ ᠵᠡᠷᠭᠡ ᠠᠵᠤ ᠦᠢᠯᠡᠰ ᠤᠨ ᠲᠥᠷᠥᠯ ᠤᠨ ᠭᠡᠷ ᠪᠠᠶᠢᠰᠢᠩ ᠪᠠᠭᠲᠠᠨ᠎ᠠ  ᠃ 2020 ᠣᠨ ᠤ 9 ᠰᠠᠷ᠎ᠠ ᠳᠤ᠂ ᠤᠯᠤᠰ ᠠᠴᠠ 《 ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠭᠰᠠᠨ ᠠᠰᠠᠭᠤᠳᠠᠯ ᠢ ᠤᠶᠢᠯᠠᠭᠠᠨ ᠵᠢᠭᠰᠠᠭᠠᠬᠤ ᠠᠵᠢᠯ ᠤᠨ ᠲᠥᠰᠦᠯ 》 ᠢ ᠨᠡᠶᠢᠲᠡᠯᠡᠵᠦ᠂ ᠤᠶᠢᠯᠠᠭᠠᠨ ᠵᠢᠭᠰᠠᠭᠠᠬᠤ ᠲᠥᠷᠥᠯ ᠬᠡᠯᠪᠡᠷᠢ ᠶᠢ ᠣᠷᠣᠨ ᠰᠠᠭᠤᠴᠠ ᠶᠢᠨ ᠲᠥᠷᠥᠯ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠲᠥᠷᠥᠯ ᠵᠢᠴᠢ ᠦᠶᠯᠡᠳᠪᠦᠷᠢ ᠠᠭᠤᠷᠬᠠᠶ᠂ ᠬᠥᠮᠥᠷᠭᠡᠯᠡᠨ ᠬᠠᠳᠠᠭᠠᠯᠠᠬᠤ᠂ ᠬᠤᠳᠠᠯᠳᠤᠭ᠎ᠠ ᠬᠤᠪᠴᠠᠰᠤ᠂ ᠵᠢᠭᠤᠯᠴᠢᠯᠠᠯ ᠵᠡᠷᠭᠡ ᠠᠵᠤ ᠦᠶᠯᠡᠰ ᠤᠨ ᠲᠥᠷᠥᠯ ᠬᠤᠪᠢᠶᠠᠨ᠎ᠠ  ᠃ 5 . ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠷᠢᠬᠤ ᠶᠢ ᠴᠡᠭᠴᠡᠯᠡᠨ ᠵᠠᠰᠠᠬᠤ ᠶᠢᠨ ᠭᠤᠣᠯ ᠠᠭᠤᠯᠭ᠎ᠠ ᠨᠢ ᠶᠠᠭᠤ ᠪᠤᠢ ᠭᠤᠣᠯ ᠠᠭᠤᠯᠭ᠎ᠠ ᠨᠢ ᠭᠤᠷᠪᠠ ᠪᠠᠶᠢᠨ᠎ᠠ᠄ ᠨᠢᠭᠡ ᠳᠤ᠂ ᠨᠡᠮᠡᠭᠳᠡᠯ ᠢ ᠡᠷᠡᠰ ᠬᠤᠷᠢᠭᠯᠠᠨ᠎ᠠ  ᠃ ᠨᠡᠮᠡᠭᠳᠡᠯ ᠤᠨ ᠠᠰᠠᠭᠤᠳᠠᠯ ᠳᠤ 《 ᠥᠴᠦᠬᠡᠨ ᠴᠦ ᠢᠯᠳᠠᠷ ᠬᠠᠶᠠᠬᠤ ᠦᠭᠡᠶ 》 ᠪᠠᠶᠢᠬᠤ ᠣᠪᠣᠷ ᠢ ᠠᠪᠴᠤ᠂ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠴᠡᠭᠴᠡᠯᠡᠨ ᠵᠠᠰᠠᠵᠤ᠂ ᠴᠠᠭ ᠲᠤᠬᠠᠶ ᠳᠤᠨᠢ ᠰᠢᠶᠳᠪᠦᠷᠢᠯᠡᠬᠦ ᠬᠡᠷᠡᠭᠲᠡᠶ  ᠃ ᠬᠤᠶᠠᠷ ᠲᠤ ᠬᠠᠳᠠᠭᠠᠯᠠᠯᠲᠠ ᠶᠢᠨ ᠬᠡᠮᠵᠢᠶᠡᠨ ᠤ ᠠᠰᠠᠭᠤᠳᠠᠯ ᠢ ᠰᠢᠢᠳᠪᠦᠷᠢᠯᠡᠨ᠎ᠡ  ᠃ ᠪᠠᠶᠢᠳᠠᠯ ᠢ ᠲᠣᠳᠣᠷᠬᠠᠶ ᠣᠶᠢᠯᠠᠭᠠᠵᠤ᠂ ᠰᠠᠭᠤᠷᠢ ᠲᠤᠭ᠎ᠠ ᠶᠢ ᠪᠠᠶᠢᠴᠠᠭᠠᠨ ᠲᠣᠳᠣᠷᠬᠠᠶᠢᠯᠠᠵᠤ᠂ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠪᠣᠳᠠᠲᠠᠶ ᠠᠴᠠ ᠡᠭᠦᠰᠴᠦ᠂ ᠠᠯᠬᠤᠮ ᠬᠤᠪᠢᠶᠠᠨ ᠴᠡᠭᠴᠡᠯᠡᠨ ᠵᠠᠰᠠᠵᠤ᠂ ᠦᠯᠡᠳᠡᠭᠡᠯ ᠠᠰᠠᠭᠤᠳᠠᠯ ᠢ ᠲᠥᠷᠥᠯ ᠬᠤᠪᠢᠶᠠᠨ ᠰᠢᠶᠳᠪᠦᠷᠢᠯᠡᠬᠦ ᠬᠡᠷᠡᠭᠲᠡᠶ  ᠃ ᠠᠵᠢᠯ ᠤᠨ ᠭᠤᠤᠯᠳᠠᠯᠭ᠎ᠠ ᠪᠠᠨ ᠲᠣᠪᠣᠶᠢᠯᠭᠠᠨ᠂ ᠡᠵᠡᠯᠡᠭᠰᠡᠨ ᠭᠠᠵᠠᠷ ᠢᠶᠠᠨ ᠢᠯᠡᠭᠦᠦ ᠡᠵᠡᠯᠡᠬᠦ᠂ ᠬᠠᠤᠯᠢ ᠪᠤᠰᠤ ᠪᠠᠷ ᠬᠤᠳᠠᠯᠳᠤᠬᠤ ᠵᠡᠷᠭᠡ ᠮᠠᠭᠤ ᠰᠠᠨᠠᠭ᠎ᠠ ᠪᠠᠷ ᠭᠠᠵᠠᠷ ᠡᠵᠡᠯᠡᠵᠦ ᠭᠡᠷ ᠪᠠᠷᠢᠬᠤ ᠦᠢᠯᠡ ᠠᠵᠢᠯᠯᠠᠭ᠎ᠠ ᠶᠢ ᠬᠦᠴᠦᠯᠡᠨ ᠴᠡᠭᠴᠡᠯᠡᠨ ᠵᠠᠰᠠᠵᠤ᠂ ᠡᠷᠬᠡᠪᠰᠢ ᠰᠠᠶᠢᠨ ᠦᠷ᠎ᠡ ᠪᠦᠲᠦᠮᠵᠢ ᠣᠯᠬᠤ ᠬᠡᠷᠡᠭᠲᠡᠶ  ᠃ ᠭᠤᠷᠪᠠ ᠳᠤ ᠵᠦᠢ ᠵᠣᠬᠢᠰᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠢ  ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠲᠠᠷᠢᠶᠠᠴᠢᠳ ᠤᠨ ᠵᠦᠢ ᠵᠣᠬᠢᠰᠲᠠᠶ ᠭᠡᠷ ᠪᠠᠶᠢᠰᠢᠩ ᠪᠠᠷᠢᠬᠤ ᠬᠡᠷᠡᠭᠴᠡᠭᠡ ᠶᠢ ᠦᠨᠡᠨᠬᠦ ᠪᠠᠲᠤᠯᠠᠵᠤ᠂ ᠲᠠᠷᠢᠶᠠᠴᠢᠳ ᠤᠨ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠶ  ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号