ᠲᠠᠪᠤ ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠬᠡᠷ ᠪᠠᠶᠢᠰᠢᠩ ᠪᠠᠷᠢᠬᠤ ᠠᠰᠠᠭᠤᠳᠠᠯ ᠢ ᠴᠡᠭᠴᠡᠯᠡᠨ ᠵᠠᠰᠠᠬᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠪᠦᠷᠢᠨ ᠪᠢᠴᠢᠭ
ᠨᠡᠶᠢᠲᠡᠯᠡᠭᠰᠡᠨ ᠴᠠᠭ᠄
2021/10/18
12 . ᠶᠠᠭᠤ ᠶᠢ ᠭᠠᠵᠠᠷ ᠰᠢᠷᠣᠶ ᠶᠢᠨ ᠬᠠᠤᠯᠢ ᠬᠡᠷᠡᠭᠵᠢᠭᠦᠯᠦᠯᠲᠡ ᠶᠢᠨ 《 ᠬᠤᠶᠠᠷ ᠢ ᠡᠷᠲᠡ ᠨᠢᠭᠡ ᠶᠢ ᠴᠢᠩᠳᠠᠯᠠᠬᠤ 》 ᠠᠵᠢᠯ ᠤᠨ ᠲᠣᠭᠲᠠᠴᠠ ᠭᠡᠬᠦ ᠪᠣᠶ      2021 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ 《 ᠡᠷᠲᠡ ᠢᠯᠡᠷᠡᠭᠦᠯᠵᠦ ᠡᠷᠲᠡ ᠬᠤᠷᠢᠭᠯᠠᠵᠤ ᠴᠢᠩᠭ᠎ᠠ ᠪᠠᠶᠢᠴᠠᠭᠠᠨ ᠰᠢᠶᠳᠪᠦᠷᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠲᠤᠬᠠᠶ ᠰᠠᠨᠠ᠊‍ᠯ 》 ( ᠪᠠᠶᠢᠭᠠᠯᠢ ᠶᠢᠨ ᠡᠬᠢ ᠪᠠᠶᠠᠯᠢᠭ ᠤᠨ ᠠᠯᠪᠠᠨ ᠲᠠᠷᠬᠠᠭᠠᠭᠰᠠᠨ 202133 ᠳ᠋ᠤᠭᠠᠷ ᠲᠣᠭᠠᠲᠤ ) ᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ ᠤᠯᠠᠷᠢᠯ ᠤᠨ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ ᠥᠬᠡᠶ ᠨᠢᠰᠬᠡᠯ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ᠂ ᠬᠠᠷᠢᠶ᠎ᠠ ᠣᠷᠣᠨ ᠤ ᠳᠣᠲᠣᠷᠠᠬᠢ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ᠂ ᠲᠠᠷᠢᠶᠠᠨ ᠭᠠᠵᠠᠷ ᠢ ᠬᠠᠮᠠᠭᠠᠯᠠᠭᠰᠠᠨ ᠵᠡᠷᠭᠡ ᠪᠠᠶᠢᠳᠠᠯ ᠳᠤ ᠰᠠᠷ᠎ᠠ ᠪᠠᠷ ᠪᠤᠶᠤ ᠴᠠᠭ ᠲᠤᠬᠠᠶ ᠳᠤᠨᠢ ᠬᠢᠨᠠᠨ ᠰᠢᠨᠵᠢᠵᠦ ᠬᠢᠨᠠᠨ ᠬᠠᠮᠢᠶᠠᠷᠬᠤ ᠶᠢ ᠰᠦᠪᠡᠭᠴᠢᠯᠡᠨ᠎ᠡ  ᠃ 《 ᠲᠠᠷᠢᠶᠠᠨ ᠭᠠᠵᠠᠷ ᠤᠨ ᠳᠠᠷᠤᠭ᠎ᠠ  ᠶᠢᠨ ᠲᠦᠷᠢᠮ 》 ᠢ ᠪᠠᠶᠢᠭᠤᠯᠬᠤ ᠶᠢ ᠠᠬᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠭᠰᠡᠨ ᠪᠦᠬᠦᠨ ᠢ ᠬᠠᠮᠤᠷᠤᠭᠰᠠᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠣᠣᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ  ᠃ 《 ᠰᠢᠭᠦᠬᠦ ᠬᠤᠷᠢᠶ᠎ᠠ ᠭᠦᠢᠴᠡᠳᠬᠡᠬᠦ ᠶᠢ ᠵᠥᠪᠰᠢᠶᠡᠷᠡᠬᠦ ᠲᠣᠭᠲᠠᠭᠠᠯᠲᠠ ᠭᠠᠷᠭᠠᠬᠤ᠂ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠰᠢᠭᠦᠬᠦ ᠬᠤᠷᠢᠶ᠎ᠠ ᠲᠤᠬᠠᠢ  ᠶᠢᠨ ᠲᠠᠯᠠᠪᠤᠷ ᠲᠤ ᠬᠢᠨᠠᠯᠲᠠ ᠲᠠᠯᠪᠢᠬᠤ 》 ᠬᠠᠤᠯᠢ ᠶᠢ ᠵᠥᠷᠢᠴᠡᠵᠦ ᠬᠡᠷᠡᠭᠯᠡᠭᠰᠡᠨ ᠭᠠᠵᠠᠷ ᠳᠡᠭᠡᠷᠡᠬᠢ ᠪᠠᠷᠢᠯᠭ᠎ᠠ ᠶᠢ ᠨᠤᠷᠠᠭᠠᠬᠤ ᠶᠢ ᠠᠯᠪᠠᠳᠠᠨ ᠭᠦᠢᠴᠡᠳᠬᠡᠭᠦᠯᠬᠦ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ  ᠃ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠬᠠᠮᠲᠤ  ᠳᠤᠨᠢ ᠬᠠᠷᠠᠭᠠᠯᠵᠠᠵᠤ᠂ ᠬᠥᠳᠡᠭᠡ ᠲᠣᠰᠬᠤᠨ ᠤ ᠭᠠᠴᠠᠭᠠᠨ ᠤ ᠠᠷᠠᠳ ᠤᠨ ᠭᠡᠷ ᠪᠠᠶᠢᠰᠢᠩ ᠪᠠᠷᠢᠬᠤ ᠳᠤ ᠭᠠᠵᠠᠷ ᠰᠢᠷᠣᠢ ᠶᠢ ᠵᠦᠢ ᠵᠣᠬᠢᠰᠲᠠᠢ ᠬᠡᠷᠡᠭᠯᠡᠬᠦ ᠬᠡᠷᠡᠭᠴᠡᠭᠡ ᠪᠠ ᠤᠯᠠᠭᠠᠨ ᠱᠤᠭᠤᠮ ᠤᠨ ᠬᠠᠷᠢᠴᠠᠭ᠎ᠠ ᠶᠢ ᠲᠣᠬᠢᠲᠠᠢ ᠰᠢᠢᠳᠪᠦᠷᠢᠯᠡᠬᠦ ᠬᠡᠷᠡᠭᠲᠡᠢ  ᠃ ᠤᠳᠤᠷᠢᠳᠬᠤ ᠺᠠᠳ᠋ᠷ᠂ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠳᠠᠨ ᠪᠤᠶᠤ ᠣᠨᠴᠠᠭᠠᠢ ᠬᠠᠷᠢᠴᠠᠭ᠎ᠠ ᠲᠠᠢ ᠬᠥᠮᠦᠨ ᠵᠡᠷᠭᠡ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠭᠠᠷ ᠲᠦᠷᠦᠭᠰᠡᠨ᠂ ᠪᠣᠳᠠᠲᠠᠢ ᠬᠡᠷᠡᠭ ᠢ ᠰᠢᠢᠳᠪᠦᠷᠢᠯᠡᠬᠦ ᠳᠤ ᠭᠠᠷ ᠲᠦᠷᠦᠭᠰᠡᠨ ᠢ ᠲᠡᠮᠳᠡᠭᠯᠡᠬᠦ᠂ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠰᠦᠪᠡᠭᠴᠢᠯᠡᠨ ᠪᠠᠶᠢᠭᠤᠯᠤᠨ᠎ᠠ  ᠃ 13 . ᠶᠠᠭᠤ ᠶᠢ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠬᠤ  ᠶᠢᠨ ᠬᠠᠳᠠᠭᠠᠯᠠᠯᠲᠠ ᠬᠡᠮᠵᠢᠶ᠎ᠡ ᠶᠢᠨ ᠠᠰᠠᠭᠤᠳᠠᠯ ᠭᠡᠬᠦ ᠪᠣᠢ? ᠬᠠᠳᠠᠭᠠᠯᠠᠮᠵᠢ ᠶᠢ ᠬᠡᠷᠬᠢᠨ ᠰᠢᠶᠳᠪᠦᠷᠢᠯᠡᠬᠦ ᠪᠣᠶ      2020 ᠣᠨ ᠤ 9 ᠰᠠᠷ᠎ᠠ ᠶᠢᠨ ᠡᠬᠢ ᠪᠠᠷ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠶᠠᠮᠤᠨ ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠠᠯᠪᠠᠨ ᠬᠡᠷ 《 ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠠᠰᠠᠭᠤᠳᠠᠯ ᠢ ᠤᠶᠢᠯᠠᠭᠠᠨ ᠵᠢᠭᠰᠠᠭᠠᠬᠤ ᠠᠵᠢᠯ ᠤᠨ ᠲᠥᠰᠦᠯ 》 ᠢ ᠳᠠᠷᠤᠮᠠᠯᠯᠠᠨ ᠲᠠᠷᠬᠠᠭᠠᠵᠤ᠂ ᠦᠯᠡᠳᠡᠭᠡᠯ ᠠᠰᠠᠭᠤᠳᠠᠯ ᠢ ᠤᠶᠢᠯᠠᠭᠠᠨ ᠵᠢᠭᠰᠠᠭᠠᠬᠤ ᠠᠵᠢᠯ ᠢ ᠥᠷᠨᠢᠭᠦᠯᠪᠡ  ᠃ 《 ᠲᠥᠰᠦᠯ 》  ᠳᠤ᠂ ᠲᠣᠰ ᠤᠳᠠᠭᠠᠨ ᠤ ᠤᠶᠢᠯᠠᠭᠠᠨ ᠵᠢᠭᠰᠠᠭᠠᠬᠤ ᠡᠲᠡᠭᠡᠳ ᠪᠣᠯ ᠪᠥᠬᠦ ᠤᠯᠤᠰ ᠤᠨ ᠬᠡᠪᠴᠢᠶᠡᠨ ᠳᠠᠬᠢ 2013 ᠣᠨ ᠠᠴᠠ ᠨᠠᠰᠢᠬᠢ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠡᠯ᠎ᠡ ᠲᠥᠷᠥᠯ ᠤᠨ ᠭᠠᠷ ᠭᠦᠶᠴᠡᠳᠬᠡᠯ ᠬᠢᠭᠰᠡᠨ ᠥᠬᠡᠶ ᠬᠡᠷ ᠪᠠᠶᠢᠰᠢᠩ ᠪᠣᠯᠤᠨ᠎ᠠ  ᠃ ᠡᠭᠦᠨ ᠠᠴᠠ ᠡᠮᠦᠨ᠎ᠡ ᠣᠨᠴᠠ ᠵᠠᠷᠢᠮ ᠪᠤᠶᠤ ᠬᠡᠰᠡᠭ ᠵᠠᠷᠢᠮ ᠢ ᠨᠢ ᠨᠢᠭᠡᠨᠲᠡ ᠪᠠᠶᠢᠭᠤᠯᠤᠭᠰᠠᠨ ᠪᠣᠯᠪᠠᠴᠤ 2013 ᠣᠨ ᠠᠴᠠ ᠨᠠᠰᠢᠬᠢ ᠬᠠᠤᠯᠢ ᠲᠣᠭᠲᠠᠭᠠᠯ ᠠᠴᠠ ᠵᠥᠷᠢᠴᠡᠨ ᠭᠡᠷ ᠪᠠᠷᠢᠭᠰᠠᠨ ᠦᠢᠯᠡ ᠠᠵᠢᠯᠯᠠᠭ᠎ᠠ ᠲᠠᠢ ᠪᠦᠬᠦᠯᠢ ᠴᠣᠭᠴᠠ ᠶᠢᠨ ᠬᠤᠯᠪᠣᠭᠳᠠᠬᠤ ᠴᠢᠨᠠᠷᠲᠠᠶ ᠭᠡᠷ ᠪᠠᠶᠢᠰᠢᠩ ᠢ ᠬᠠᠮᠲᠤ ᠳᠤᠨᠢ ᠣᠶᠢᠯᠠᠭᠠᠬᠤ ᠬᠡᠷᠡᠭᠲᠡᠶ  ᠃    《 ᠲᠥᠰᠦᠯ 》 ᠳᠤ᠂ ᠲᠣᠰ ᠤᠳᠠᠭᠠᠨ ᠤ ᠪᠠᠶᠢᠳᠠᠯ ᠢ ᠤᠶᠢᠯᠠᠭᠠᠨ ᠵᠢᠭᠰᠠᠭᠠᠬᠤ ᠲᠥᠷᠥᠯ ᠵᠦᠶᠯ ᠢ ᠣᠷᠣᠨ ᠰᠠᠭᠤᠴᠠ ᠶᠢᠨ ᠲᠥᠷᠥᠯ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠲᠥᠷᠥᠯ ᠵᠢᠴᠢ ᠦᠶᠯᠡᠳᠪᠦᠷᠢ ᠠᠭᠤᠷᠬᠠᠶ᠂ ᠬᠥᠮᠥᠷᠭᠡᠯᠡᠨ ᠬᠠᠳᠠᠭᠠᠯᠠᠬᠤ᠂ ᠬᠤᠳᠠᠯᠳᠤᠭ᠎ᠠ ᠦᠶᠯᠡᠴᠢᠯᠡᠭᠡ᠂ ᠵᠢᠭᠤᠯᠴᠢᠯᠠᠯ ᠵᠡᠷᠭᠡ ᠠᠵᠤ ᠦᠶᠯᠡᠰ ᠤᠨ ᠲᠥᠷᠥᠯ ᠬᠤᠪᠢᠶᠠᠨ᠎ᠠ  ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠥᠷᠥᠯ ᠤᠨ ᠣᠷᠣᠨ ᠰᠠᠭᠤᠴᠠ ᠶᠢ ᠬᠡᠰᠡᠭ ᠢᠶᠠᠷ ᠨᠢᠭᠡᠴᠢ ᠪᠣᠯᠭᠠᠨ ᠤᠶᠢᠯᠠᠭᠠᠨ ᠵᠢᠭᠰᠠᠭᠠᠬᠤ ᠶᠢᠨ ᠬᠠᠮᠲᠤ᠂ ᠬᠡᠷ ᠪᠠᠶᠢᠰᠢᠩ ᠨᠢ ᠲᠤᠬᠠᠶ ᠶᠢᠨ ᠭᠠᠵᠠᠷ ᠤᠨ 《 ᠨᠢᠭᠡ ᠡᠷᠦᠬᠡ ᠳᠤ ᠨᠢᠭᠡ ᠣᠷᠣᠨ ᠰᠠᠭᠤᠴᠠ ᠶᠢᠨ ᠭᠠᠵᠠᠷ ᠲᠠᠢ ᠪᠠᠶᠢᠬᠤ 》 ᠲᠥᠷᠥ ᠶᠢᠨ ᠪᠣᠳᠣᠯᠭ᠎ᠠ ᠪᠤᠶᠤ 《 ᠡᠷᠦᠬᠡ ᠰᠠᠯᠭᠠᠬᠤ ᠨᠥᠬᠦᠴᠡᠯ 》 ᠳᠤ ᠨᠡᠶᠢᠴᠡᠬᠦ ᠡᠰᠡᠬᠦ ᠶᠢ ᠮᠠᠭᠠᠳᠯᠠᠨ ᠲᠣᠭᠲᠠᠭᠠᠨ᠎ᠠ︔ ᠠᠰᠠᠷ ᠬᠡᠯᠪᠡᠷᠢ ᠶᠢᠨ ᠣᠯᠠᠨ ᠡᠷᠦᠬᠡ ᠲᠠᠢ ᠣᠷᠣᠨ ᠰᠠᠭᠤᠴᠠ ᠶᠢ ᠲᠥᠷᠥᠯ ᠵᠦᠶᠯ ᠢᠶᠠᠷ ᠨᠢᠭᠡᠴᠢ ᠪᠣᠯᠭᠠᠨ ᠤᠶᠢᠯᠠᠭᠠᠨ ᠵᠢᠭᠰᠠᠭᠠᠵᠤ᠂ ᠬᠡᠷ ᠪᠠᠶᠢᠰᠢᠩ ᠤᠨ ᠲᠥᠷᠥᠯ ᠬᠡᠯᠪᠡᠷᠢ᠂ ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ᠂ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠪᠠ ᠲᠣᠷᠭᠠᠭᠰᠠᠨ ᠪᠠᠶᠢᠳᠠᠯ ᠵᠡᠷᠭᠡ ᠶᠢ ᠲᠣᠳᠣᠷᠬᠠᠶ ᠣᠶᠢᠯᠠᠭᠠᠨ᠎ᠠ︔ ᠪᠤᠰᠤᠳ ᠬᠤᠶᠠᠷ ᠲᠥᠷᠥᠯ ᠨᠢ ᠲᠥᠷᠥᠯ ᠵᠦᠢᠯ ᠢᠶᠠᠷ ᠨᠢᠭᠡᠴᠢ ᠪᠣᠯᠭᠠᠵᠤ᠂ ᠲᠤᠰ ᠲᠥᠷᠥᠯ ᠤᠨ ᠭᠡᠷ ᠪᠠᠶᠢᠰᠢᠩ ᠤᠨ ᠬᠡᠷᠡᠭᠴᠡᠭᠡ᠂ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠂ ᠪᠦᠲᠦᠭᠡᠨ ᠪᠠᠶᠢᠭᠤᠯᠤᠯᠲᠠ ᠶᠢᠨ ᠦᠨᠳᠦᠰᠦᠯᠡᠯ᠂ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠪᠠ ᠰᠢᠳᠬᠡᠨ ᠲᠣᠷᠭᠠᠭᠰᠠᠨ ᠪᠠᠶᠢᠳᠠᠯ ᠵᠡᠷᠭᠡ ᠶᠢ ᠲᠣᠳᠣᠷᠬᠠᠶ ᠣᠶᠢᠯᠠᠭᠠᠵᠤ᠂ ᠬᠠᠮᠤᠭ ᠡᠴᠦᠰ ᠲᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠭᠰᠠᠨ ᠠᠰᠠᠭᠤᠳᠠᠯ ᠤᠨ ᠠᠵᠢᠯ ᠤᠨ ᠡᠬᠡ ᠳᠠᠩᠰᠠ ᠶᠢ ᠪᠤᠶ ᠪᠣᠯᠭᠠᠨ᠎ᠠ  ᠃      2021 ᠣᠨ ᠤ 1 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠬᠠᠨ ᠵᠧᠩ ᠪᠡᠭᠡᠵᠢᠩ ᠳᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠤᠷᠠᠯ  ᠢ ᠡᠷᠭᠢᠯᠡᠨ ᠬᠤᠷᠠᠯᠳᠤᠭᠤᠯᠪᠠ  ᠃ ᠬᠠᠨ ᠵᠧᠩ᠂ ᠲᠦᠷᠦᠯ ᠬᠤᠪᠢᠶᠠᠨ ᠠᠯᠬᠤᠮ ᠬᠤᠪᠢᠶᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠬᠠᠤᠯᠢ ᠶᠣᠰᠣᠭᠠᠷ ᠡᠮᠬᠢ ᠵᠢᠷᠤᠮ ᠲᠠᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠬᠦᠴᠦᠷᠬᠡᠭᠯᠡᠨ ᠡᠵᠡᠯᠡᠵᠦ ᠢᠯᠡᠭᠦᠦ ᠡᠵᠡᠯᠡᠬᠦ᠂ ᠬᠠᠤᠯᠢ ᠪᠤᠰᠤ ᠪᠠᠷ ᠬᠤᠳᠠᠯᠳᠤᠬᠤ ᠵᠡᠷᠭᠡ ᠮᠠᠭᠤ ᠰᠠᠨᠠᠭ᠎ᠠ ᠪᠠᠷ ᠭᠠᠵᠠᠷ ᠡᠵᠡᠯᠡᠵᠦ ᠭᠡᠷ ᠪᠠᠶᠢᠰᠢᠩ ᠪᠠᠷᠢᠬᠤ ᠠᠵᠢᠯᠯᠠᠭ᠎ᠠ ᠶᠢ ᠬᠦᠴᠦᠯᠡᠨ ᠴᠡᠭᠴᠡᠯᠡᠨ ᠵᠠᠰᠠᠵᠤ᠂ ᠴᠡᠭᠴᠡᠯᠡᠨ ᠵᠠᠰᠠᠬᠤ ᠳᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ 《 ᠡᠭᠡᠭᠡ ᠠᠳᠠᠯᠢ ᠪᠠᠶᠢᠯᠭᠠᠬᠤ 》 ᠦᠭᠡᠢ ᠪᠠᠶᠢᠵᠤ᠂ ᠳᠥᠭᠦᠮᠴᠢᠯᠡᠬᠦ ᠠᠴᠠ ᠵᠠᠶᠢᠯᠠᠰᠬᠢᠬᠦ ᠬᠡᠷᠡᠭᠲᠡᠢ  ᠃ ᠬᠡᠰᠡᠭ ᠭᠠᠵᠠᠷ ᠣᠷᠣᠨ ᠢ ᠰᠣᠩᠭᠤᠨ ᠤᠷᠢᠳᠠᠪᠠᠷ ᠡᠬᠢᠯᠡᠭᠦᠯᠵᠦ᠂ ᠲᠤᠷᠰᠢᠯᠭ᠎ᠠ ᠬᠤᠷᠠᠮᠳᠤᠭᠤᠯᠤᠭᠰᠠᠨ ᠤ ᠲᠠᠷᠠᠭ᠎ᠠ ᠯᠠᠪᠳᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ  ᠃ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠤᠯᠢ ᠪᠠᠷᠢᠬᠤ ᠲᠠᠶᠢᠯᠪᠤᠷᠢᠯᠠᠯᠲᠠ ᠶᠢ ᠲᠣᠭᠲᠠᠭᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ  ᠢ ᠬᠠᠤᠯᠢ ᠴᠠᠭᠠᠵᠠ ᠶᠢᠨ ᠦᠨᠳᠦᠰᠦᠯᠡᠯ ᠲᠠᠢ᠂ ᠲᠣᠭᠲᠠᠭᠠᠯ ᠳᠤ ᠨᠡᠶᠢᠴᠡᠭᠦᠯᠬᠦ ᠬᠡᠷᠡᠭᠲᠡᠢ  ᠃ 14 . ᠬᠥᠳᠡᠭᠡ ᠲᠣᠰᠬᠤᠨ ᠤ ᠲᠠᠷᠢᠶᠠᠴᠢᠳ ᠤᠨ ᠵᠦᠢ ᠵᠣᠬᠢᠰᠲᠠᠢ ᠭᠡᠷ ᠪᠠᠶᠢᠰᠢᠩ ᠪᠠᠷᠢᠬᠤ ᠬᠡᠷᠡᠭᠴᠡᠭᠡ ᠶᠢ ᠬᠡᠷᠬᠢᠨ ᠪᠠᠲᠤᠯᠠᠬᠤ ᠪᠤᠢ      2020 ᠣᠨ ᠤ 7 ᠰᠠᠷ᠎ᠠ ᠶᠢᠨ 29 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠬᠠᠮᠲᠤᠷᠠᠨ 《 ᠬᠥᠳᠡᠭᠡ ᠲᠣᠰᠬᠤᠨ ᠤ ᠭᠠᠴᠠᠭᠠᠨ ᠤ ᠠᠷᠠᠳ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠳᠤ ᠵᠦᠶ ᠵᠣᠬᠢᠰᠲᠠᠶ ᠭᠠᠵᠠᠷ ᠬᠡᠷᠡᠭᠯᠡᠬᠦ ᠶᠢ ᠪᠠᠲᠤᠯᠠᠬᠤ ᠲᠤᠬᠠᠶ ᠮᠡᠳᠡᠭᠳᠡᠯ 》 ᠢ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠭᠠᠴᠠᠭᠠᠨ ᠤ ᠠᠷᠠᠳ ᠤᠨ ᠵᠦᠶ ᠵᠣᠬᠢᠰᠲᠠᠶ ᠬᠡᠷ ᠪᠠᠶᠢᠰᠢᠩ ᠪᠠᠷᠢᠬᠤ ᠬᠡᠷᠡᠭᠴᠡᠭᠡ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ 5 ᠲᠠᠯ᠎ᠠ ᠪᠠᠷ ᠳᠤᠷᠠᠳᠤᠨ ᠭᠠᠷᠭᠠᠪᠠ  ᠃ 《 ᠮᠡᠳᠡᠭᠳᠡᠯ 》 ᠳᠤ᠂ ᠨᠢᠭᠡ ᠳᠤ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠵᠤ᠂ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠲᠥᠯᠥᠪᠯᠡᠭᠡ ᠶᠢᠨ ᠵᠦᠶ ᠵᠣᠬᠢᠰᠲᠠᠶ ᠴᠢᠨᠠᠷ ᠢ ᠴᠢᠩᠭᠠᠷᠠᠭᠤᠯᠤᠨ᠎ᠠ  ᠃ ᠬᠤᠶᠠᠷ ᠲᠤ ᠬᠥᠳᠡᠭᠡ ᠲᠣᠰᠬᠤᠨ ᠤ ᠭᠠᠴᠠᠭᠠᠨ ᠤ ᠠᠷᠠᠳ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ  ᠳᠤ ᠬᠡᠷᠡᠭᠯᠡᠬᠦ ᠭᠠᠵᠠᠷ ᠲᠤ ᠣᠨ ᠤ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠠᠰ ᠲᠤᠨᠢ ᠵᠢᠭᠰᠠᠭᠠᠬᠤ ᠲᠣᠬᠢᠷᠠᠭᠤᠯᠤᠯᠲᠠ ᠬᠢᠵᠦ᠂ ᠰᠢᠶᠠᠨ ᠤ ᠱᠠᠲᠤᠨ ᠠᠴᠠ ᠲᠤᠰᠬᠠᠢ ᠬᠠᠮᠢᠶᠠᠷᠴᠤ᠂ ᠦᠯᠡᠳᠡᠭᠡᠨ ᠠᠪᠬᠤ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠬᠦ ᠶᠢ ᠰᠡᠷᠭᠡᠶᠢᠯᠡᠨ ᠬᠤᠷᠢᠭᠯᠠᠨ᠎ᠠ  ᠃ ᠲᠤᠰ ᠵᠢᠯ ᠤᠨ ᠪᠠᠲᠤᠯᠠᠭ᠎ᠠ ᠬᠦᠷᠦᠯᠴᠡᠬᠦ ᠦᠭᠡᠶ  ᠶᠢ ᠨᠢ ᠳᠠᠷᠠᠭ᠎ᠠ ᠵᠢᠯ ᠳᠤᠨᠢ ᠡᠩ ᠲᠡᠷᠢᠭᠦᠨ ᠳᠤ ᠪᠠᠲᠤᠯᠠᠵᠤ᠂ ᠲᠥᠯᠥᠪᠯᠡᠭᠡ ᠶᠢᠨ ᠪᠠᠲᠤᠯᠠᠭ᠎ᠠ ᠶᠢᠨ ᠴᠢᠨᠠᠷ ᠢ ᠴᠢᠩᠭᠠᠷᠠᠭᠤᠯᠬᠤ ᠬᠡᠷᠡᠭᠲᠡᠶ  ᠃ ᠭᠤᠷᠪᠠ ᠳᠤ ᠭᠠᠵᠠᠷ ᠰᠢᠷᠣᠢ ᠶᠢ ᠵᠦᠢ ᠵᠣᠬᠢᠰᠲᠠᠢ ᠬᠡᠷᠡᠭᠯᠡᠵᠦ᠂ ᠦᠨᠡᠨ ᠢᠶᠠᠷ ᠨᠢ ᠮᠡᠳᠡᠭᠦᠯᠵᠦ ᠦᠨᠡᠨ ᠢᠶᠠᠷ ᠨᠢ ᠳᠠᠩᠰᠠᠨ ᠠᠴᠠ ᠭᠠᠷᠭᠠᠵᠤ᠂ ᠣᠷᠣᠨ ᠰᠠᠭᠤᠴᠠ ᠶᠢᠨ ᠭᠠᠵᠠᠷ ᠢ ᠵᠥᠪᠰᠢᠶᠡᠷᠡᠭᠡᠳ ᠪᠠᠷᠢᠬᠤ ᠦᠭᠡᠢ᠂ ᠰᠤᠯᠠ ᠲᠠᠯᠪᠢᠵᠤ ᠪᠦᠷᠢᠯᠭᠡᠬᠦ ᠶᠢ ᠰᠡᠷᠭᠡᠶᠢᠯᠡᠵᠦ᠂ ᠲᠥᠯᠥᠪᠯᠡᠭᠡ ᠶᠢᠨ ᠪᠣᠳᠠᠲᠤ ᠪᠦᠳᠤᠮᠵᠢᠳᠤ ᠴᠢᠨᠠᠷ  ᠢ ᠲᠤᠪᠤᠶᠢᠯᠭᠠᠨ᠎ᠠ  ᠃ ᠳᠥᠷᠪᠡ ᠳᠤ ᠬᠢᠨᠠᠨ ᠵᠥᠪᠰᠢᠶᠡᠷᠡᠬᠦ ᠮᠠᠲ᠋ᠧᠷᠢᠶᠠᠯ ᠪᠣᠯᠤᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ  ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ  ᠃ ᠲᠠᠪᠤ ᠳᠤ ᠲᠥᠯᠥᠪᠵᠢᠭᠦᠯᠭᠡ ᠬᠢᠬᠦ ᠳᠡᠭᠡᠨ ᠬᠥᠳᠡᠭᠡ ᠲᠣᠰᠬᠤᠨ ᠤ ᠭᠠᠴᠠᠭᠠᠨ ᠤ ᠠᠷᠠᠳ ᠤᠨ ᠣᠷᠣᠨ ᠰᠠᠭᠤᠴᠠ ᠪᠠᠷᠢᠬᠤ ᠣᠷᠣᠨ ᠵᠠᠢ ᠶᠢ ᠤᠷᠢᠳᠴᠢᠯᠠᠨ ᠦᠯᠡᠳᠡᠭᠡᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠨᠢᠭᠡᠳᠦᠯᠲᠡᠢ ᠨᠠᠶᠢᠳᠠᠪᠤᠷᠢᠵᠢᠭᠤᠯᠬᠤ ᠬᠡᠷᠡᠭᠲᠡᠢ᠂ ᠭᠡᠪᠡᠴᠦ ᠲᠠᠷᠢᠶᠠᠨ ᠭᠠᠵᠠᠷ ᠢ ᠬᠠᠭᠠᠯᠪᠤᠷᠢᠯᠠᠬᠤ ᠰᠦᠢᠳᠬᠡᠯ ᠬᠤᠷᠢᠶᠠᠵᠤ ᠪᠣᠯᠬᠤ ᠦᠭᠡᠢ  ᠃ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠵᠦᠢ ᠵᠣᠬᠢᠰᠲᠠᠶ ᠭᠠᠵᠠᠷ ᠬᠡᠷᠡᠭᠯᠡᠬᠦ ᠬᠡᠷᠡᠭᠴᠡᠭᠡ  ᠶᠢ ᠪᠠᠲᠤᠯᠠᠬᠤ ᠳᠠᠭᠠᠨ ᠪᠠᠰᠠ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠲᠣᠰᠬᠤᠨ ᠤ ᠰᠤᠯᠠ ᠭᠠᠵᠠᠷ ᠢ ᠡᠩ ᠲᠡᠷᠢᠭᠦᠨ ᠳᠤ ᠠᠰᠢᠭᠯᠠᠭᠤᠯᠤᠨ ᠣᠷᠣᠨ ᠰᠠᠭᠤᠴᠠ ᠪᠠᠷᠢᠭᠤᠯᠵᠤ᠂ ᠲᠠᠷᠢᠶᠠᠨ ᠭᠠᠵᠠᠷ ᠢ ᠠᠯᠢ ᠪᠣᠯᠬᠤᠶᠢᠴᠠ ᠡᠵᠡᠯᠡᠬᠦ ᠦᠭᠡᠶ ᠪᠤᠶᠤ ᠪᠠᠭ᠎ᠠ ᠡᠵᠡᠯᠡᠭᠦᠯᠬᠦ ᠬᠡᠷᠡᠭᠲᠡᠶ  ᠃ ᠡᠭᠦᠨ ᠤ ᠬᠠᠮᠲᠤ ᠡᠷᠦᠬᠡ ᠬᠤᠪᠢᠶᠠᠬᠤ ᠶᠢᠨ ᠵᠦᠶ ᠶᠣᠰᠣᠴᠢ ᠴᠢᠨᠠᠷ ᠢ ᠠᠩᠬᠠᠷᠬᠤ ᠬᠡᠷᠡᠭᠲᠡᠶ  ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号