ᠵᠢᠷᠭᠤᠭ᠎ᠠ ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠬᠡᠷ ᠪᠠᠶᠢᠰᠢᠩ ᠪᠠᠷᠢᠬᠤ ᠠᠰᠠᠭᠤᠳᠠᠯ ᠢ ᠴᠡᠭᠴᠡᠯᠡᠨ ᠵᠠᠰᠠᠬᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠪᠦᠷᠢᠨ ᠪᠢᠴᠢᠭ
ᠨᠡᠶᠢᠲᠡᠯᠡᠭᠰᠡᠨ ᠴᠠᠭ᠄
2021/10/18
15 . ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠭᠠᠵᠠᠷ ᠢ ᠬᠡᠷᠬᠢᠨ ᠪᠠᠲᠤᠯᠠᠬᠤ ᠪᠤᠢ       2021 ᠣᠨ ᠤ 1 ᠰᠠᠷ᠎ᠠ ᠶᠢᠨ 28 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠯᠤᠰ  ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ 《 ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤ ᠬᠡᠷᠡᠭᠯᠡᠬᠦ ᠭᠠᠵᠠᠷ ᠰᠢᠷᠣᠢ ᠶᠢ ᠪᠠᠲᠤᠯᠠᠨ ᠵᠢᠷᠤᠮᠵᠢᠭᠤᠯᠬᠤ ᠲᠤᠬᠠᠢ ᠮᠡᠳᠡᠭᠳᠡᠯ 》 ᠢ ᠳᠠᠷᠤᠮᠠᠯᠯᠠᠨ ᠲᠠᠷᠬᠠᠭᠠᠪᠠ  ᠃ 《 ᠮᠡᠳᠡᠭᠳᠡᠯ 》 ᠳᠤ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠳᠤᠨ ᠬᠥᠭᠵᠢᠬᠦ ᠳᠤ ᠬᠡᠷᠡᠭᠯᠡᠬᠦ ᠭᠠᠵᠠᠷ ᠢ ᠪᠠᠲᠤᠯᠠᠨ ᠵᠢᠷᠤᠮᠵᠢᠭᠤᠯᠬᠤ ᠲᠤᠯᠤᠭᠠᠨ ᠵᠦᠶᠯ ᠤᠨ ᠠᠷᠭ᠎ᠠ ᠬᠡᠮᠵᠢᠶ᠎ᠡ᠄      ᠨᠢᠭᠡ ᠳᠤ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠳᠤᠭᠤᠯᠤᠨ ᠬᠥᠭᠵᠢᠭᠦᠯᠬᠦ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠲᠣᠳᠣᠷᠬᠠᠢ ᠪᠣᠯᠭᠠᠪᠠ  ᠃ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠢ ᠠᠭᠤᠰᠤᠯᠳᠤᠭᠤᠯᠤᠨ ᠬᠥᠭᠵᠢᠭᠦᠯᠬᠦ ᠳᠤ ᠬᠡᠷᠡᠭᠯᠡᠬᠦ ᠭᠠᠵᠠᠷ ᠪᠣᠯ ᠲᠠᠷᠢᠶᠠᠯᠠᠩ ᠬᠥᠳᠡᠭᠡ ᠲᠣᠰᠬᠤᠨ ᠤ ᠡᠬᠢ ᠪᠠᠶᠠᠯᠢᠭ ᠢᠶᠠᠷ ᠲᠦᠰᠢᠭ ᠪᠣᠯᠭᠠᠵᠤ᠂ ᠲᠠᠷᠢᠶᠠᠯᠠᠩ ᠬᠥᠳᠡᠭᠡ ᠲᠣᠰᠬᠤᠨ ᠤ ᠴᠢᠳᠠᠮᠵᠢ ᠶᠢ ᠥᠷᠭᠡᠳᠬᠡᠨ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ᠂ ᠲᠠᠷᠢᠶᠠᠯᠠᠩ  ᠤᠨ ᠪᠦᠲᠦᠭᠡᠭᠳᠡᠬᠦᠨ ᠤ ᠦᠶᠯᠡᠳᠪᠦᠷᠢᠯᠡᠯ᠂ ᠪᠣᠯᠪᠠᠰᠤᠷᠠᠭᠤᠯᠤᠯᠲᠠ᠂ ᠭᠦᠶᠯᠭᠡᠭᠡ᠂ ᠲᠤᠬᠠᠶ ᠶᠢᠨ ᠭᠠᠵᠠᠷ ᠤᠨ ᠬᠡᠷᠡᠭᠯᠡᠭᠡ ᠵᠡᠷᠭᠡ ᠭᠤᠭᠴᠤᠭ᠎ᠠ ᠶᠢ ᠬᠠᠮᠤᠷᠴᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠭᠦᠶᠯᠭᠡᠭᠡᠬᠦ᠂ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠬᠤᠯᠢᠯᠳᠤᠭᠰᠠᠨ ᠠᠵᠤ ᠦᠶᠯᠡᠰ ᠤᠨ ᠬᠡᠷᠡᠭᠯᠡᠬᠦ ᠭᠠᠵᠠᠷ᠂ ᠭᠠᠵᠠᠷ ᠰᠢᠷᠣᠶ ᠶᠢᠨ ᠬᠡᠷᠡᠭᠴᠡᠭᠡ ᠶᠢ ᠠᠵᠤ ᠦᠶᠯᠡᠳᠪᠦᠷᠢ  ᠶᠢᠨ ᠬᠡᠷᠡᠭᠯᠡᠬᠦ ᠭᠠᠵᠠᠷ᠂ ᠬᠤᠳᠠᠯᠳᠤᠭᠠᠨ ᠤ ᠬᠡᠷᠡᠭᠯᠡᠬᠦ ᠭᠠᠵᠠᠷ᠂ ᠪᠠᠷᠠᠭᠠᠨ ᠤ ᠭᠦᠶᠯᠭᠡᠭᠡᠨ ᠤ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠠᠵᠠᠷ ᠵᠡᠷᠭᠡ ᠪᠠᠷ ᠲᠣᠭᠲᠠᠭᠠᠵᠤ ᠪᠣᠯᠤᠨ᠎ᠠ  ᠃     ᠬᠤᠶᠠᠷ ᠲᠤ᠂ ᠬᠥᠳᠡᠭᠡ ᠲᠣᠰᠬᠤᠨ ᠤ ᠠᠵᠤ ᠦᠢᠯᠡᠰ ᠢ ᠰᠢᠶᠠᠨ ᠤ ᠬᠡᠪᠴᠢᠶᠡᠨ ᠳᠤ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠬᠤ ᠶᠢ ᠬᠦᠳᠦᠯᠦᠨ ᠵᠢᠯᠣᠭᠤᠳᠤᠨ᠎ᠠ  ᠃ ᠬᠡᠪᠴᠢᠶ᠎ᠡ ᠪᠠᠷ ᠨᠡᠯᠢᠶᠡᠳ ᠶᠡᠭᠡ᠂ ᠠᠵᠤ ᠦᠶᠯᠡᠳᠪᠦᠷᠢᠵᠢᠯᠲᠡ ᠶᠢᠨ ᠬᠡᠮᠵᠢᠶ᠎ᠡ ᠪᠠᠷ ᠥᠨᠳᠥᠷ᠂ ᠳᠠᠷᠬᠠᠶ ᠪᠠᠶᠢᠷᠢᠰᠢᠭᠤᠯᠤᠯ ᠨᠢ ᠢᠵᠢ ᠪᠦᠷᠢᠳᠦᠭᠦᠯᠬᠦ ᠪᠡᠯᠡᠳᠬᠡᠮᠵᠢ  ᠶᠢᠨ ᠥᠪᠡᠷ ᠤᠨ ᠥᠷᠲᠡᠭ ᠢᠶᠠᠷ ᠥᠨᠳᠥᠷ ᠠᠵᠤ ᠦᠶᠯᠡᠰ ᠤᠨ ᠲᠥᠷᠥᠯ ᠵᠦᠶᠯ ᠢ ᠠᠵᠤ ᠦᠶᠯᠡᠰ ᠤᠨ ᠬᠦᠷᠢᠶᠡᠯᠡᠩ ᠲᠣᠭᠤᠷᠢᠭ ᠲᠤ ᠣᠷᠣᠭᠤᠯᠬᠤ ᠬᠡᠷᠡᠭᠲᠡᠶ︔ ᠵᠣᠬᠢᠬᠤ ᠬᠡᠪᠴᠢᠶ᠎ᠡ ᠲᠠᠢ ᠲᠠᠷᠢᠶᠠᠯᠠᠩ ᠤᠨ ᠪᠦᠲᠦᠭᠡᠭᠳᠡᠬᠦᠨ ᠡᠳ ᠰᠢᠭᠦᠯᠬᠦ ᠶᠠᠪᠤᠳᠠᠯ ᠢ ᠰᠢᠶᠠᠨ ᠤ ᠬᠤᠲᠠ ᠪᠤᠶᠤ ᠨᠥᠬᠦᠴᠡᠯ ᠲᠠᠢ ᠰᠢᠶᠠᠩ ᠪᠠᠯᠭᠠᠰᠤ ᠶᠢᠨ ᠬᠤᠲᠠ ᠪᠠᠯᠭᠠᠰᠤ ᠶᠢᠨ ᠨᠡᠭᠡᠭᠡᠯᠲᠡ ᠬᠢᠬᠦ ᠵᠠᠭᠠᠭ ᠲᠡᠰᠢ ᠲᠥᠪᠯᠡᠷᠡᠭᠦᠯᠬᠦ ᠬᠡᠷᠡᠭᠲᠡᠶ︔ ᠲᠠᠷᠢᠮᠠᠯ ᠲᠡᠵᠢᠭᠡᠪᠦᠷᠢ ᠶᠢᠨ ᠦᠢᠯᠡᠰ ᠲᠤ ᠰᠢᠭᠤᠳ ᠦᠢᠯᠡᠴᠢᠯᠡᠬᠦ ᠲᠠᠷᠢᠶᠠᠯᠠᠩ ᠤᠨ ᠪᠦᠲᠦᠭᠡᠭᠳᠡᠬᠦᠨ ᠡᠳ ᠰᠢᠭᠦᠯᠬᠦ᠂ ᠡᠯᠧᠺᠲ ᠷᠣᠨ ᠬᠤᠳᠠᠯᠳᠤᠭᠠᠨ ᠤ ᠶᠠᠪᠤᠳᠠᠯ᠂ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠥᠯᠳᠡᠭᠡᠬᠦ ᠬᠡᠯᠬᠢᠶ᠎ᠡ᠂ ᠭᠠᠷᠤᠯᠲᠠ ᠶᠢᠨ ᠣᠷᠣᠨ ᠤ ᠳᠣᠣᠷ᠎ᠠ ᠳᠤᠯᠠᠭᠠᠨ  ᠢᠶᠠᠷ ᠰᠢᠭᠤᠳ ᠪᠣᠷᠣᠯᠠᠭᠤᠯᠵᠤ ᠲᠣᠬᠢᠷᠠᠭᠤᠯᠤᠨ ᠬᠦᠷᠭᠡᠬᠦ ᠵᠡᠷᠭᠡ ᠠᠵᠤ ᠦᠢᠯᠡᠰ ᠢ ᠵᠠᠷᠴᠢᠮ ᠳᠡᠭᠡᠷ᠎ᠡ ᠪᠠᠨ ᠵᠠᠰᠠᠭ ᠵᠠᠬᠢᠷᠭᠠᠨ ᠤ ᠲᠣᠰᠬᠤᠨ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠭᠠᠭ ᠤᠨ ᠳᠣᠲᠣᠷ᠎ᠠ ᠲᠥᠪᠯᠡᠷᠡᠭᠦᠯᠬᠦ ᠬᠡᠷᠡᠭᠲᠡᠶ︔ ᠬᠥᠳᠡᠭᠡ ᠲᠣᠰᠬᠤᠨ ᠤ ᠲᠤᠰ ᠭᠠᠵᠠᠷ ᠤᠨ ᠡᠬᠢ ᠪᠠᠶᠠᠯᠢᠭ ᠢ ᠠᠰᠢᠭᠯᠠᠨ ᠲᠠᠷᠢᠶᠠᠯᠠᠩ ᠤᠨ ᠪᠦᠲᠦᠭᠡᠭᠳᠡᠬᠦᠨ  ᠢ ᠠᠩᠬ᠎ᠠ ᠡᠳ ᠰᠢᠭᠦᠯᠬᠦ᠂ ᠰᠡᠯᠡᠭᠦᠴᠡᠨ ᠵᠤᠭᠠᠴᠠᠬᠤ ᠵᠢᠭᠤᠯᠴᠢᠯᠠᠯ ᠢ ᠬᠥᠭᠵᠢᠭᠦᠯᠬᠦ ᠳᠤ ᠡᠷᠬᠡᠪᠰᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠳᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠵᠡᠯᠡᠬᠦ ᠦᠭᠡᠶ᠂ ᠤᠯᠤᠰ  ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ  ᠤᠨ ᠭᠦᠢᠴᠡᠳᠬᠡᠬᠦ ᠲᠤᠭ᠎ᠠ ᠵᠡᠷᠭᠡ ᠬᠢᠵᠠᠭᠠᠷᠯᠠᠬᠤ ᠨᠥᠬᠦᠴᠡᠯ ᠢ ᠳᠠᠪᠠᠭᠤᠯᠬᠤ ᠦᠭᠡᠶ᠂ ᠠᠮᠢ ᠠᠬᠤᠶ ᠶᠢᠨ ᠣᠷᠴᠢᠨ ᠲᠣᠭᠤᠷᠢᠨ ᠪᠣᠯᠤᠨ ᠬᠥᠳᠡᠭᠡ ᠲᠣᠰᠬᠤᠨ ᠤ ᠳᠦᠷᠰᠦ ᠪᠠᠶᠢᠳᠠᠯ ᠢ ᠡᠪᠳᠡᠬᠦ ᠦᠭᠡᠶ ᠪᠠᠶᠢᠬᠤ ᠤᠷᠢᠲᠠᠯ ᠳᠣᠣᠷ᠎ᠠ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠭᠠᠭ ᠠᠴᠠ ᠭᠠᠳᠠᠨ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠭ᠎ᠠ ᠬᠡᠮᠵᠢᠶᠡᠨ ᠤ ᠭᠠᠵᠠᠷ ᠲᠣᠬᠢᠷᠠᠭᠤᠯᠵᠤ᠂ ᠬᠠᠷᠢᠴᠠᠯ ᠪᠣᠯᠤᠨ ᠲᠠᠯᠠᠪᠠᠶ ᠶᠢ ᠡᠵᠡᠮᠳᠡᠬᠦ ᠶᠢᠨ ᠬᠠᠮᠲᠤ ᠲᠠᠷᠢᠶᠠᠯᠠᠩ  ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ ᠭᠠᠵᠠᠷ ᠬᠠᠩᠭᠠᠬᠤ ᠭᠠᠷᠳᠠᠮ ᠢ ᠬᠠᠤᠯᠢ ᠶᠣᠰᠣᠭᠠᠷ ᠭᠦᠢᠴᠡᠳᠬᠡᠵᠦ ᠪᠣᠯᠤᠨ᠎ᠠ  ᠃      ᠭᠤᠷᠪᠠ ᠳᠤ ᠬᠠᠮᠲᠤ ᠶᠢᠨ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠬᠡᠷᠡᠭᠯᠡᠬᠦ ᠠᠷᠭ᠎ᠠ ᠵᠠᠮ ᠢ ᠥᠷᠭᠡᠳᠬᠡᠨ᠎ᠡ  ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠵᠤ ᠠᠬᠤᠶᠢᠯᠠᠯ ᠡᠷᠬᠢᠯᠡᠬᠦ ᠪᠤᠶᠤ ᠪᠤᠰᠤᠳ ᠨᠢᠭᠡᠴᠢ᠂ ᠬᠤᠪᠢ ᠬᠥᠮᠦᠨ ᠲᠠᠢ ᠭᠠᠵᠠᠷ ᠰᠢᠷᠣᠢ ᠶᠢᠨ ᠬᠡᠷᠡᠭᠯᠡᠬᠦ ᠡᠷᠬᠡ ᠪᠠᠷ  ᠢᠶᠠᠨ ᠬᠤᠪᠢ ᠣᠷᠣᠬᠤ᠂ ᠬᠤᠯᠪᠣᠭᠠᠯᠠᠨ ᠡᠵᠡᠩᠨᠡᠬᠦ ᠵᠡᠷᠭᠡ ᠬᠡᠯᠪᠡᠷᠢ ᠪᠠᠷ ᠬᠠᠮᠲᠤ ᠪᠠᠷ ᠠᠵᠤ ᠠᠬᠤᠶᠢᠯᠠᠯ ᠡᠷᠬᠢᠯᠡᠬᠦ ᠳᠤ ᠂ 《 ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ 》 ᠶᠢᠨ ᠵᠢᠷᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠲᠥᠯᠥᠪᠵᠢᠭᠦᠯᠭᠡ ᠳᠤ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠵᠦ ᠪᠣᠯᠤᠨ᠎ᠠ  ᠃ ᠨᠢᠭᠡᠴᠡ ᠪᠤᠶᠤ ᠬᠤᠪᠢ ᠬᠥᠮᠦᠨ ᠪᠠᠰᠠ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠠᠷᠭ᠎ᠠ ᠵᠠᠮ ᠢᠶᠠᠷ ᠳᠠᠮᠵᠢᠭᠤᠯᠤᠨ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ ᠵᠡᠷᠭᠡ ᠠᠷᠭ᠎ᠠ ᠬᠡᠯᠪᠡᠷᠢ ᠪᠠᠷ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠵᠦ ᠪᠣᠯᠤᠨ᠎ᠠ  ᠃      ᠳᠥᠷᠪᠡ ᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠶᠡᠬᠡᠪᠡᠷ ᠠᠮᠢᠳᠤᠯᠢᠭᠵᠢᠭᠤᠯᠬᠤ ᠬᠡᠷᠡᠭᠲᠡᠶ  ᠃ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠶᠴᠡᠳ ᠬᠦᠨᠳᠦᠳᠬᠡᠭᠰᠡᠨ ᠤᠷᠢᠲᠠᠯ ᠳᠣᠤᠷ᠎ᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠰᠢᠶᠠᠩ ᠪᠠᠯᠭᠠᠰᠤ ᠪᠤᠶᠤ ᠲᠣᠰᠬᠤᠨ ᠢᠶᠠᠷ ᠨᠢᠭᠡᠴᠢ ᠪᠣᠯᠭᠠᠨ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠰᠢᠷᠣᠶ ᠶᠢ ᠠᠮᠢᠳᠤᠯᠢᠭᠵᠢᠭᠤᠯᠤᠨ᠂ ᠣᠷᠣᠨ ᠵᠠᠶ ᠶᠢ ᠰᠢᠯᠵᠢᠭᠦᠯᠦᠨ ᠬᠥᠳᠡᠭᠡ ᠲᠣᠰᠬᠤᠨ  ᠤ ᠠᠵᠤ ᠦᠶᠯᠡᠰ ᠤᠨ ᠠᠭᠤᠰᠤᠯᠴᠠᠨ ᠬᠥᠭᠵᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠳᠤ ᠬᠡᠷᠡᠭᠯᠡᠵᠦ ᠪᠣᠯᠤᠨ᠎ᠠ  ᠃ ᠲᠠᠷᠢᠶᠠᠴᠢᠨ ᠬᠠᠮᠲᠤ ᠠᠴᠠ ᠤᠤᠯ ᠤᠨ ᠭᠠᠵᠠᠷ ᠬᠡᠷᠡᠭᠯᠡᠬᠦ ᠬᠠᠮᠢᠶ᠎ᠠ ᠪᠥᠬᠦᠶ ᠡᠷᠬᠡᠲᠦ ᠬᠥᠮᠦᠨ ᠤ ᠠᠰᠢᠭ ᠲᠤᠰᠠ ᠶᠢᠨ ᠬᠠᠷᠢᠴᠠᠭ᠎ᠠ ᠶᠢ ᠬᠠᠤᠯᠢ ᠶᠣᠰᠣᠭᠠᠷ ᠲᠣᠬᠢᠲᠠᠶ ᠰᠢᠶᠳᠪᠦᠷᠢᠯᠡᠭᠰᠡᠨ ᠤ ᠳᠠᠷᠠᠭ᠎ᠠ᠂ ᠲᠥᠯᠥᠪᠵᠢᠭᠦᠯᠭᠡ ᠳᠤ ᠨᠡᠶᠢᠴᠡᠬᠦ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ  ᠤᠨ ᠶᠣᠰᠣᠭᠠᠷ ᠵᠠᠬ᠎ᠠ ᠳᠡᠯᠭᠡᠭᠦᠷ ᠲᠤ ᠣᠷᠣᠭᠤᠯᠬᠤ ᠶᠢ ᠰᠦᠪᠡᠭᠴᠢᠯᠡᠨ᠎ᠡ  ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠤᠷ᠎ᠠ᠂ ᠬᠠᠤᠯᠢ ᠶᠣᠰᠣᠭᠠᠷ ᠳᠠᠩᠰᠠᠯᠠᠭᠤᠯᠤᠭᠰᠠᠨ ᠣᠷᠣᠨ ᠰᠠᠭᠤᠴᠠ ᠶᠢᠨ ᠰᠠᠭᠤᠷᠢ ᠭᠠᠵᠠᠷ ᠵᠡᠷᠭᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠶᠢᠯᠡᠭᠦᠯᠦᠨ ᠠᠰᠢᠭᠯᠠᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠂ ᠲᠠᠷᠢᠶᠠᠯᠠᠩ ᠤᠨ ᠪᠦᠲᠦᠭᠡᠭᠳᠡᠬᠦᠨ ᠤ ᠠᠩᠬ᠎ᠠ ᠡᠳ᠋ᠰᠢᠭᠦᠯᠦᠯᠲᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠬᠥᠳᠡᠭᠡ ᠲᠣᠰᠬᠤᠨ ᠤ ᠠᠵᠤ ᠦᠶᠯᠡᠰ ᠢ ᠬᠥᠭᠵᠢᠭᠦᠯᠦᠨ᠎ᠡ  ᠃       ᠲᠠᠪᠤ ᠳᠤ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠳᠤ ᠬᠡᠷᠡᠭᠯᠡᠬᠦ ᠭᠠᠵᠠᠷ ᠢ ᠪᠠᠲᠤᠯᠠᠨ᠎ᠠ  ᠃ ᠲᠠᠷᠢᠶᠠᠯᠠᠩ ᠤᠨ ᠦᠶᠯᠡᠳᠪᠦᠷᠢᠯᠡᠯ ᠳᠤ ᠲᠠᠷᠢᠮᠠᠯ ᠲᠠᠷᠢᠬᠤ ᠪᠠ ᠮᠠᠯ ᠵᠢᠭᠦᠷᠲᠡᠨ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠳᠤ ᠰᠢᠭᠤᠳ ᠬᠡᠷᠡᠭᠯᠡᠬᠦ ᠪᠡᠯᠡᠳᠬᠡᠮᠵᠢ ᠶᠢᠨ ᠬᠡᠷᠡᠭᠯᠡᠬᠦ ᠭᠠᠵᠠᠷ ᠢ 《 ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠮᠡᠳᠡᠭᠳᠡᠯ 》 ( ᠪᠠᠶᠢᠭᠠᠯᠢ ᠶᠢᠨ ᠡᠬᠢ ᠪᠠᠶᠠᠯᠢᠭ ᠤᠨ ᠲᠣᠭᠲᠠᠭᠠᠯ ) ᠤᠨ ᠱᠠᠭᠠᠷᠳᠠᠯᠭ᠎ᠠ ᠶᠣᠰᠣᠭᠠᠷ ᠬᠡᠷᠡᠭᠯᠡᠵᠦ ᠪᠣᠯᠤᠨ᠎ᠠ  ᠃ ᠲᠠᠷᠢᠮᠠᠯ ᠲᠠᠷᠢᠬᠤ ᠪᠠ ᠮᠠᠯ ᠵᠢᠭᠦᠷᠲᠡᠨ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠨᠢ ᠲᠠᠷᠢᠶᠠᠨ ᠭᠠᠵᠠᠷ ᠤᠨ ᠲᠠᠷᠢᠶᠠᠯᠠᠭ᠎ᠠ ᠶᠢᠨ ᠳᠠᠪᠬᠤᠷᠭ᠎ᠠ ᠳᠤ ᠡᠪᠳᠡᠯᠡᠭᠡ ᠤᠴᠠᠷᠠᠭᠤᠯᠤᠭᠰᠠᠨ ᠪᠠᠶᠢᠪᠠᠯ᠂ ᠲᠠᠷᠢᠶᠠᠯᠠᠩ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢᠶᠠᠷ ᠮᠠᠭᠠᠳᠯᠠᠨ ᠲᠣᠭᠲᠠᠭᠠᠬᠤ ᠶᠢᠨ ᠬᠠᠮᠲᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ  ᠃ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠳᠤᠨ ᠬᠥᠭᠵᠢᠬᠦ ᠳᠤ ᠬᠡᠷᠡᠭᠰᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠢ ᠲᠦᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠬᠠᠤᠯᠢ ᠶᠣᠰᠣᠭᠠᠷ ᠬᠢᠬᠦ ᠬᠡᠷᠡᠭᠲᠡᠢ  ᠃       ᠵᠢᠷᠭᠤᠭ᠎ᠠ ᠳᠤ᠂ ᠭᠠᠵᠠᠷ ᠰᠢᠷᠣᠶ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ ᠲᠥᠯᠥᠪᠵᠢᠭᠦᠯᠭᠡ ᠶᠢᠨ ᠵᠥᠪᠰᠢᠶᠡᠷᠡᠯ ᠤᠨ ᠴᠤᠪᠤᠷᠠᠯ ᠢ ᠰᠢᠯᠢᠳᠡᠭᠵᠢᠭᠦᠯᠦᠨ᠎ᠡ  ᠃ ᠠᠶᠢᠯ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠵᠠᠭᠠᠭ ᠬᠢᠵᠠᠭᠠᠷ ᠠᠴᠠ ᠭᠠᠳᠠᠨ᠎ᠠ᠂ ᠴᠢᠬᠤᠯᠠ ᠪᠥᠬᠦᠶ ᠰᠠᠭᠤᠷᠢ ᠪᠡᠯᠡᠳᠬᠡᠮᠵᠢ ᠶᠢᠨ ᠨᠥᠬᠦᠴᠡᠯ ᠢ ᠪᠦᠷᠢᠯᠳᠦᠭᠦᠯᠦᠭᠰᠡᠨ᠂ ᠲᠥᠯᠥᠪᠵᠢᠭᠦᠯᠭᠡ ᠳᠤ ᠤᠷᠢᠳᠴᠢᠯᠠᠨ ᠦᠯᠡᠳᠡᠭᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠶᠴᠡᠳᠬᠡᠯ ᠲᠤᠭ᠎ᠠ ᠶᠢ ᠬᠡᠷᠡᠭᠯᠡᠭᠰᠡᠨ ᠬᠥᠳᠡᠭᠡ ᠲᠣᠰᠬᠤᠨ ᠤ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠶᠯ ᠳᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠬᠦ ᠥᠬᠡᠶ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠥᠬᠡᠶ᠂ ᠲᠡᠦᠬᠡ ᠶᠢᠨ ᠳᠦᠷᠰᠦ ᠪᠠᠶᠢᠳᠠᠯ ᠢ ᠡᠪᠳᠡᠬᠦ ᠥᠬᠡᠶ ᠪᠠ ᠪᠠᠶᠢᠭᠠᠯᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠨᠥᠯᠥᠭᠡᠯᠡᠬᠦ ᠤᠷᠢᠲᠠᠯ ᠳᠣᠤᠷ᠎ᠠ᠂ ᠲᠥᠯᠥᠪᠵᠢᠭᠦᠯᠭᠡ ᠶᠢᠨ ᠲᠣᠬᠢᠷᠠᠭᠤᠯᠤᠯᠲᠠ ᠬᠢᠬᠦ ᠥᠬᠡᠶ ᠪᠠᠶᠢᠵᠤ ᠪᠣᠯᠤᠨ᠎ᠠ︔ ᠬᠤᠲᠠ ᠰᠢᠶᠠᠨ ᠨᠢ ᠬᠥᠳᠡᠭᠡ ᠲᠣᠰᠬᠤᠨ  ᠤ ᠠᠵᠤ ᠦᠢᠯᠡᠰ ᠢ ᠠᠭᠤᠰᠤᠯᠳᠤᠭᠤᠯᠤᠨ ᠬᠥᠭᠵᠢᠭᠦᠯᠬᠦ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠤᠷᠢᠳ ᠢᠶᠠᠷ ᠲᠣᠬᠢᠷᠠᠭᠤᠯᠵᠤ᠂ ᠬᠦᠷᠦᠯᠴᠡᠬᠦ ᠦᠭᠡᠢ ᠶᠢ ᠨᠢ ᠮᠤᠵᠢ ( ᠣᠷᠣᠨ᠂ ᠬᠤᠲᠠ ) ᠠᠴᠠ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠬᠡᠷᠡᠭᠲᠡᠢ︔ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠳᠤ᠂ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠬᠢᠬᠦ ᠦᠭᠡᠶ ᠪᠠᠶᠢᠵᠤ ᠪᠣᠯᠤᠨ᠎ᠠ︔ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠵᠤ ᠦᠨ᠎ᠡ ᠬᠠᠶᠠᠯᠴᠠᠭᠤᠯᠤᠨ ᠦᠨ᠎ᠡ ᠬᠠᠳᠠᠬᠤ ᠵᠡᠷᠭᠡ ᠠᠷᠭ᠎ᠠ ᠮᠠᠶ᠋ᠢᠭ ᠢᠶᠠᠷ ᠬᠢᠮᠳᠠ ᠪᠠᠷ ᠬᠤᠳᠠᠯᠳᠤᠬᠤ ᠭᠠᠵᠠᠷ ᠰᠢᠷᠣᠶ  ᠶᠢ ᠭᠠᠷᠭᠠᠪᠠᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠪᠣᠯᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠭᠠᠷᠳᠠᠮ ᠢ ᠨᠡᠶᠢᠯᠡᠭᠦᠯᠦᠨ ᠭᠦᠶᠴᠡᠳᠬᠡᠵᠦ᠂ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠶᠢᠨ ᠬᠠᠮᠲᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠬᠢᠯᠭᠡᠬᠦ ᠪᠠᠷ ᠭᠤᠶᠤᠴᠢᠯᠠᠵᠤ ᠪᠣᠯᠤᠨ᠎ᠠ  ᠃       ᠳᠣᠯᠤᠭ᠎ᠠ ᠳᠤ ᠭᠠᠵᠠᠷ ᠬᠡᠷᠡᠭᠯᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ  ᠃ ᠲᠠᠷᠢᠶᠠᠨ ᠭᠠᠵᠠᠷ  ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠦᠢᠯᠡ ᠠᠵᠢᠯᠯᠠᠭ᠎ᠠ  ᠶᠢ ᠡᠷᠡᠰ ᠬᠤᠷᠢᠭᠯᠠᠨ ᠵᠣᠭᠰᠣᠭᠠᠵᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠵᠦ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠵᠤ᠂ ᠲᠠᠷᠢᠶᠠᠨ ᠭᠠᠵᠠᠷ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ  ᠃ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠳᠤᠭᠤᠯᠤᠨ ᠬᠥᠭᠵᠢᠭᠦᠯᠬᠦ ᠳᠤ ᠬᠡᠷᠡᠭᠯᠡᠬᠦ ᠭᠠᠵᠠᠷ ᠢ ᠲᠠᠸᠠᠷ ᠤᠨ ᠣᠷᠣᠨ ᠰᠠᠭᠤᠴᠠ᠂ ᠵᠤᠰᠠᠯᠠᠩ᠂ ᠪᠠᠭᠤᠳᠠᠯ᠂ ᠨᠡᠶᠢᠲᠡ ᠶᠢᠨ ᠪᠠᠶᠢᠷᠢ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠵᠦ ᠪᠣᠯᠬᠤ ᠦᠭᠡᠢ᠂ ᠬᠡᠷᠡᠭᠯᠡᠯᠲᠡ ᠶᠢ ᠨᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠰᠡᠭᠯᠡᠨ ᠰᠢᠯᠵᠢᠭᠦᠯᠵᠦ ᠰᠢᠯᠵᠢᠭᠦᠯᠦᠨ ᠲᠦᠷᠢᠶᠡᠰᠦᠯᠡᠭᠦᠯᠵᠦ ᠪᠣᠯᠬᠤ ᠦᠭᠡᠢ  ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠳᠡᠭᠡ ᠲᠣᠰᠬᠤᠨ ᠤ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ  ᠳᠤ ᠬᠡᠷᠡᠭᠯᠡᠬᠦ ᠭᠠᠵᠠᠷ ᠤᠨ ᠪᠠᠶᠢᠳᠠᠯ ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ  ᠶᠢᠨ ᠲᠠᠪᠴᠠᠩ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠤᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠬᠢᠬᠦ ᠶᠢᠨ ᠬᠠᠮᠲᠤ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠲᠠᠢ ᠤᠶᠠᠯᠳᠤᠭᠤᠯᠤᠨ ᠣᠨ ᠤ ᠦᠨᠡᠯᠡᠨ ᠵᠢᠱᠢᠯᠲᠡ ᠬᠢᠬᠦ ᠬᠡᠷᠡᠭᠲᠡᠶ  ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠦ ᠲᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号