ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/10/26
      ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠣᠲᠣ ᠬᠥᠮᠦᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄  ᠃ᠨᠢᠭᠡ᠂ ᠲᠣᠰ ᠡᠳᠦᠷ ᠠᠴᠠ ᠡᠬᠢᠯᠡᠨ᠂ ᠪᠤᠭᠤᠲᠤ ᠬᠤᠲᠠ ᠠᠴᠠ ᠭᠠᠳᠠᠨᠠᠬᠢ ᠭᠠᠵᠠᠷ ᠣᠷᠣᠨ ᠠᠴᠠ ᠮᠠᠨ ᠤ ᠬᠤᠲᠠ  ᠳᠤ ᠢᠷᠡᠵᠦ ᠪᠤᠴᠠᠬᠤ ᠬᠥᠮᠦᠨ ᠪᠦᠬᠦᠨ ᠴᠥᠮ ᠡᠷᠡᠭᠦᠯ ᠮᠡᠨᠳᠦ ᠶᠢᠨ ᠺᠣᠳ᠋ ᠪᠤᠶᠤ ᠠᠶᠠᠯᠠᠯ ᠤᠨ ᠺᠣᠳ᠋ ᠵᠢᠴᠢ 48 ᠴᠠᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ ᠰᠠᠶ᠋ᠢ ᠮᠠᠨ  ᠤ ᠬᠤᠲᠠ ᠳᠤ ᠣᠷᠣᠵᠤ ᠪᠣᠯᠤᠨ᠎ᠠ  ᠃ 48 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠬᠠᠩᠭᠠᠬᠤ ᠶᠢᠨ ᠠᠷᠭ᠎ᠠ ᠥᠬᠡᠶ ᠪᠠᠶᠢᠪᠠᠯ᠂ ᠵᠠᠬ᠎ᠠ ᠳᠡᠯᠭᠡᠭᠦᠷ ᠲᠤ ᠨᠢᠭᠡᠳᠦᠭᠡᠷ ᠲᠤ ᠣᠷᠣᠬᠤ ᠭᠠᠵᠠᠷ ᠲᠤ ᠬᠠᠷᠢᠶ᠎ᠠ ᠭᠠᠵᠠᠷ ᠲᠤ ᠮᠡᠳᠡᠭᠦᠯᠦᠨ ᠳᠠᠩᠰᠠᠯᠠᠭᠤᠯᠵᠤ᠂ ᠵᠣᠬᠢᠬᠤ ᠬᠤᠰᠢᠭᠤ ᠰᠢᠶᠠᠨ ᠲᠣᠭᠤᠷᠢᠭ ᠠᠴᠠ 8 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠵᠤ ᠪᠡᠶᠡᠯᠡᠭᠦᠯᠦᠨ᠎ᠡ  ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠦᠯᠢᠶᠡᠬᠦ ᠬᠤᠭᠤᠴᠠᠭᠠᠨ ᠳᠤ᠂ ᠠᠵᠢᠯᠲᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠨᠡᠭᠦᠳᠡᠯ ᠢ ᠪᠠᠭᠠᠰᠬᠠᠬᠤ ᠬᠡᠷᠡᠭᠲᠡᠶ︔ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠣᠨ ᠳᠠᠷᠠᠭ᠎ᠠ᠂ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ  ᠃      ᠬᠤᠶᠠᠷ᠂ ᠨᠢᠭᠲᠠ ᠣᠶᠢᠷᠠᠲᠤᠭᠰᠠᠳ ᠪᠠ ᠳᠡᠳ᠋ ᠨᠢᠭᠲᠠ ᠣᠶᠢᠷᠠᠲᠤᠭᠰᠠᠳ ᠢ 12 ᠴᠠᠭ ᠤᠨ ᠳᠣᠲᠣᠷ᠎ᠠ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠰᠢᠯᠵᠢᠭᠦᠯᠦᠨ ᠬᠦᠷᠭᠡᠵᠦ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠶ  ᠃ ᠨᠢᠭᠲᠠ ᠣᠶᠢᠷᠠᠲᠤᠭᠰᠠᠳ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ ᠲᠤᠰᠠᠭᠠᠷᠯᠠᠭᠰᠠᠨ ᠬᠤᠭᠤᠴᠠᠭᠠᠨ ᠳᠠᠬᠢ 1᠂ 4᠂ 7 ᠪᠣᠯᠤᠨ 14 ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠲᠤᠰᠠᠭᠠᠷᠯᠠᠯ ᠠᠴᠠ ᠲᠠᠶᠢᠯᠤᠭᠰᠠᠨ ᠤ ᠳᠠᠷᠠᠭ᠎ᠠ 7 ᠡᠳᠦᠷ ᠬᠡᠷ ᠪᠦᠯᠢ ᠶᠢᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠬᠢᠵᠦ᠂ ᠴᠤᠭᠯᠠᠷᠠᠯ ᠤᠨ ᠠᠵᠢᠯᠯᠠᠭ᠎ᠠ ᠳᠤ ᠣᠷᠣᠯᠴᠠᠬᠤ ᠥᠬᠡᠶ ᠪᠥᠭᠡᠳ 2 ᠳ᠋ᠤᠭᠠᠷ ᠡᠳᠦᠷ ᠪᠣᠯᠤᠨ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ  ᠃ ᠨᠢᠭᠲᠠ ᠣᠶᠢᠷᠠᠲᠤᠭᠰᠠᠳ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ ᠲᠤᠰᠠᠭᠠᠷᠯᠠᠬᠤ ᠬᠤᠭᠤᠴᠠᠭᠠᠨ ᠤ 1᠂ 4᠂ 7 ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ  ᠃     ᠭᠤᠷᠪᠠ᠂ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ  ᠲᠤ 《 14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ 》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭᠠᠨ ᠤ 1᠂ 4᠂ 7᠂ 10᠂ 14 ᠡᠳᠦᠷ ᠲᠤ ᠲᠣᠰ ᠲᠣᠰ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ  ᠃ ᠳᠤᠮᠳᠠ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠲᠤ 《 14 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ 》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭᠠᠨ ᠤ 1᠂ 4᠂ 7᠂ 10᠂ 14 ᠡᠳᠦᠷ ᠲᠤ ᠲᠣᠰ ᠲᠣᠰ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ  ᠃      ᠳᠥᠷᠪᠡ᠂ ᠪᠥᠬᠦ ᠬᠤᠲᠠ ᠶᠢᠨ ᠡᠯ᠎ᠡ ᠲᠥᠷᠥᠯ ᠤᠨ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠴᠢ ᠵᠢᠯᠣᠭᠤᠴᠢ ᠶᠢᠨ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠠᠶᠠᠯᠠᠯ  ᠤᠨ ᠵᠠᠮ ᠤᠨ ᠺᠣᠳ᠋ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ᠂ ᠸᠠᠺᠼᠢᠨ ᠤ ᠲᠠᠷᠢᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠠᠵᠢᠯᠲᠠᠨ ᠵᠢᠴᠢ ᠲᠡᠷᠭᠡ ᠬᠥᠰᠬᠡ ᠶᠢᠨ ᠦᠨᠳᠦᠰᠦᠨ ᠮᠡᠳᠡᠭᠡ ᠵᠠᠩᠭᠢ ᠶᠢ ᠳᠠᠩᠰᠠᠯᠠᠬᠤ ᠶᠢ ᠰᠠᠶᠢᠲᠤᠷ ᠬᠢᠬᠦ ᠶᠢᠨ ᠬᠠᠮᠲᠤ ᠲᠤᠰᠬᠠᠶ ᠡᠬᠡ ᠲᠠᠩᠰᠠ ᠪᠠᠶᠢᠭᠤᠯᠬᠤ ᠬᠡᠷᠡᠭᠲᠡᠶ  ᠃ ᠭᠠᠳᠠᠨ᠎ᠠ ᠠᠴᠠ ᠢᠷᠡᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠵᠢᠴᠢ ᠵᠢᠯᠣᠭᠤᠴᠢ ᠠᠶᠠᠨᠴᠢᠳ ᠮᠠᠨ ᠤ ᠬᠤᠲᠠ ᠳᠤ ᠪᠠᠷᠠᠭ᠎ᠠ ᠲᠡᠭᠡᠭᠡᠪᠦᠷᠢᠯᠡᠬᠦ ᠠᠵᠢᠯ ᠬᠢᠬᠦ  ᠳᠤ᠂ 《 ᠴᠢᠭ ᠠᠴᠠ ᠴᠡᠭ ᠲᠤ ᠬᠦᠷᠬᠦ 》 ᠵᠠᠷᠴᠢᠮ ᠶᠣᠰᠣᠭᠠᠷ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠴᠢᠬᠤᠯᠠ ᠪᠤᠰᠤ ᠬᠥᠮᠦᠰ ᠤᠨ ᠣᠶᠢᠷᠠᠳᠬᠤ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ  ᠃     ᠲᠠᠪᠤ᠂ ᠬᠤᠯᠪᠣᠭᠳᠠᠯ ᠪᠥᠬᠦᠶ ᠬᠥᠮᠦᠰ ᠪᠤᠶᠤ ᠨᠢᠭᠡᠴᠡ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ ᠪᠤᠶᠤ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠪᠣᠶ ᠪᠣᠯᠭᠠᠭᠰᠠᠨ ᠪᠤᠶᠤ ᠪᠤᠰᠤᠳ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ  ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠦ ᠲᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号