ᠠᠰᠠᠭᠤᠯᠲᠠ᠄ 《 ᠬᠤᠤᠰ ᠠᠷᠪᠠᠨ ᠰᠠᠷ᠎ᠠ ᠶᠢᠨ ᠨᠢᠭᠡᠨ 》 ᠳᠤ ᠲᠦᠷᠭᠡᠨ ᠬᠦᠷᠭᠡᠯᠲᠡ ᠲᠣᠰᠬᠤ ᠳᠤ ᠠᠩᠬᠠᠷᠬᠤ ᠵᠦᠶᠯ ᠪᠠᠶᠢᠨ᠎ᠠ ᠪᠤᠢ︖
ᠨᠡᠶᠢᠲᠡᠯᠡᠭᠰᠡᠨ ᠴᠠᠭ᠄
2021/11/16
ᠠᠰᠠᠭᠤᠯᠲᠠ᠄ 《 ᠬᠤᠤᠰ ᠠᠷᠪᠠᠨ ᠰᠠᠷ᠎ᠠ ᠶᠢᠨ ᠨᠢᠭᠡᠨ 》 ᠳᠤ ᠲᠦᠷᠭᠡᠨ ᠬᠦᠷᠭᠡᠯᠲᠡ ᠲᠣᠰᠬᠤ ᠳᠤ ᠠᠩᠬᠠᠷᠬᠤ ᠵᠦᠶᠯ ᠪᠠᠶᠢᠨ᠎ᠠ ᠪᠤᠢ︖ᠬᠠᠷᠢᠭᠤᠯᠲᠠ᠄ ᠬᠠᠯᠳᠠᠪᠤᠷᠢᠯᠠᠬᠤ ᠶᠢ ᠪᠦᠲᠦᠮᠵᠢᠲᠡᠶ ᠪᠠᠭᠤᠷᠠᠭᠤᠯᠬᠤ ᠶᠢᠨ ᠲᠥᠯᠥᠭᠡ᠂ ᠬᠢᠯᠢ ᠶᠢᠨ ᠭᠠᠳᠠᠨᠠᠬᠢ ᠭᠠᠵᠠᠷ ᠣᠷᠣᠨ ᠪᠤᠶᠤ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠲᠠᠸᠠᠷ ᠤᠨ ᠲᠦᠷᠭᠡᠨ ᠬᠦᠷᠭᠡᠯᠲᠡ ᠶᠢ ᠭᠥᠯᠢᠶᠡᠨ ᠠᠪᠬᠤ᠂ ᠣᠷᠣᠯᠠᠨ ᠬᠤᠳᠠᠯᠳᠤᠨ ᠠᠪᠬᠤ ᠦᠶ᠎ᠡ ᠳᠤ᠂ ᠣᠯᠠᠨ ᠨᠡᠶᠢᠲᠡ ᠳᠤ ᠳᠣᠤᠷᠠᠬᠢ ᠮᠡᠲᠦ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠄   ᠨᠢᠭᠡ᠂ ᠭᠠᠳᠠᠭᠰᠢ ᠭᠠᠷᠴᠤ ᠪᠣᠭᠤᠳᠠᠯ ᠢᠶᠠᠨ  ᠠᠪᠬᠤ ᠳᠠᠭᠠᠨ ᠬᠤᠪᠢ  ᠬᠥᠮᠦᠨ ᠤ ᠰᠡᠷᠭᠡᠶᠢᠯᠡᠯᠲᠡ ᠬᠠᠮᠠᠭᠠᠯᠠᠯᠲᠠ  ᠪᠠᠨ ᠰᠠᠶᠢᠲᠤᠷ ᠬᠢᠵᠦ᠂ ᠠᠮᠠᠪᠴᠢ ᠪᠠ ᠪᠡᠭᠡᠯᠡᠶ ᠪᠠᠨ ᠵᠥᠪ ᠢᠶᠠᠷ ᠵᠡᠭᠦᠬᠦ ᠶᠢᠨ ᠬᠠᠮᠲᠤ ᠪᠤᠰᠤᠳ ᠲᠠᠢ 1 - 2 ᠮᠧᠲᠷ   ᠤᠨ  ᠠᠮᠤᠷ  ᠲᠦᠪᠰᠢᠨ   ᠤ  ᠵᠠᠶ   ᠪᠠᠨ  ᠪᠠᠲᠤᠯᠠᠬᠤ  ᠬᠡᠷᠡᠭᠲᠡᠶ᠃    ᠬᠤᠶᠠᠷ᠂ ᠪᠣᠭᠤᠳᠠᠯ ᠢ ᠣᠯᠤᠭᠰᠠᠨ ᠤ ᠳᠠᠷᠠᠭ᠎ᠠ᠂ ᠤᠷᠢᠳ ᠢᠶᠠᠷ 75 % ᠶᠢᠨ ᠰᠫᠢᠷᠲ ᠪᠤᠶᠤ 84 % ᠶᠢᠨ ᠠᠷᠢᠭᠤᠳᠬᠠᠬᠤ ᠰᠢᠩᠭᠡᠨ ( ᠰᠢᠩᠭᠡᠷᠡᠭᠦᠯᠦᠭᠰᠡᠨ ᠢ ᠦᠨᠳᠦᠰᠦᠯᠡᠨ ᠲᠣᠬᠢᠷᠠᠭᠤᠯᠤᠨ᠎ᠠ ) ᠢᠶᠠᠷ ᠭᠠᠳᠠᠷ ᠪᠣᠭᠤᠳᠠᠯ ᠢᠶᠠᠨ ᠰᠦᠷᠴᠢᠬᠦ ᠪᠤᠶᠤ ᠵᠦᠯᠭᠦᠵᠦ ᠪᠣᠯᠤᠨ᠎ᠠ  ᠃ ᠣᠷᠣᠯᠠᠨ ᠬᠤᠳᠠᠯᠳᠤᠨ ᠠᠪᠤᠭᠰᠠᠨ ᠬᠢᠯᠢ ᠶᠢᠨ ᠭᠠᠳᠠᠨᠠᠬᠢ ᠲᠦᠭᠰᠢᠭᠦᠷᠢ ᠶᠡᠬᠡᠲᠡᠶ ᠭᠠᠵᠠᠷ ᠣᠷᠣᠨ ᠤ ᠡᠳ᠋ ᠪᠣᠳᠠᠰ ᠢ ᠠᠷᠢᠭᠤᠳᠬᠠᠭᠰᠠᠨ ᠤ ᠳᠠᠷᠠᠭ᠎ᠠ ᠰᠠᠯᠬᠢ ᠨᠡᠪᠲᠡᠷᠡᠬᠦ ᠭᠠᠵᠠᠷ ᠲᠤ ᠲᠠᠯᠪᠢᠵᠤ ᠂ 30 ᠮᠢᠨᠦ᠋ᠲ ᠤᠨ ᠳᠠᠷᠠᠭ᠎ᠠ ᠳᠠᠬᠢᠨ ᠵᠠᠳᠠᠯᠵᠤ ᠬᠡᠷᠡᠭᠯᠡᠨ᠎ᠡ᠃    ᠭᠤᠷᠪᠠ᠂ ᠠᠷᠢᠭᠤᠳᠬᠠᠭᠰᠠᠨ ᠤ ᠳᠠᠷᠠᠭᠠᠬᠢ ᠪᠣᠭᠤᠳᠠᠯ ᠤᠨ ᠭᠠᠳᠠᠷ ᠪᠣᠭᠤᠳᠠᠯ ᠤᠨ ᠮᠠᠲ᠋ᠧᠷᠢᠶᠠᠯ ᠪᠠ ᠪᠡᠭᠡᠯᠡᠶ ᠶᠢ ᠳᠤᠷ᠎ᠠ ᠪᠠᠷ ᠢᠶᠠᠨ ᠬᠠᠶᠠᠵᠤ ᠪᠣᠯᠬᠤ ᠥᠬᠡᠶ᠂ ᠠᠮᠢᠳᠤᠷᠠᠯ ᠤᠨ ᠬᠤᠭ ᠨᠣᠪᠰᠢ ᠶᠢᠨ ᠲᠥᠷᠥᠯ ᠠᠩᠭᠢᠯᠠᠯ ᠢᠶᠠᠷ ᠣᠯᠠᠨ ᠨᠡᠶᠢᠲᠡ ᠶᠢᠨ ᠬᠤᠭ ᠨᠣᠪᠰᠢ ᠶᠢᠨ ᠬᠠᠶᠢᠷᠴᠠᠭ ᠲᠤ ᠬᠢᠬᠦ ᠬᠡᠷᠡᠭᠲᠡᠶ᠃    ᠳᠥᠷᠪᠡ᠂ ᠭᠠᠷ ᠢᠶᠠᠨ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ  ᠃ ᠪᠣᠭᠤᠳᠠᠯ ᠢ ᠵᠠᠳᠠᠯᠤᠭᠰᠠᠨ ᠤ ᠳᠠᠷᠠᠭ᠎ᠠ᠂ ᠪᠡᠭᠡᠯᠡᠶ ᠪᠠ ᠠᠮᠠᠪᠴᠢ ᠪᠠᠨ ᠠᠪᠴᠤ ᠬᠠᠶᠠᠭᠠᠳ᠂ ᠰᠢᠭᠤᠳ ᠭᠠᠷ ᠢᠶᠠᠷ ᠢᠶᠠᠨ ᠬᠠᠮᠠᠷ ᠵᠡᠷᠭᠡ ᠭᠠᠵᠠᠷ ᠢ ᠲᠡᠮᠲᠡᠷᠢᠬᠦ ᠠᠴᠠ ᠵᠠᠶᠢᠯᠠᠰᠬᠢᠵᠦ᠂ ᠳᠠᠷᠤᠶᠢᠬᠠᠨ ᠰᠠᠪᠤᠩ ᠪᠤᠶᠤ ᠭᠠᠷ ᠤᠬᠢᠶᠠᠬᠤ ᠰᠢᠩᠭᠡᠨ ᠢ ᠲᠤᠯᠤᠭᠠᠨ ᠠᠯᠬᠤᠮ ᠢᠶᠠᠷ ᠭᠠᠷ ᠢᠶᠠᠨ ᠲᠤᠶᠢᠯᠪᠤᠷᠢᠲᠠᠶ ᠤᠬᠢᠶᠠᠬᠤ ᠪᠤᠶᠤ ᠤᠬᠢᠶᠠᠬᠤ ᠥᠬᠡᠶ ᠪᠠᠷ ᠭᠠᠷ ᠢᠶᠠᠨ ᠠᠷᠢᠭᠤᠳᠬᠠᠬᠤ ᠬᠡᠷᠡᠭᠲᠡᠶ᠃    ᠲᠠᠪᠤ᠂ ᠬᠢᠯᠢ ᠶᠢᠨ ᠭᠠᠳᠠᠨᠠᠬᠢ ᠬᠥᠯᠳᠡᠭᠡᠭᠰᠡᠨ ᠢᠳᠡᠭᠡᠨ ᠬᠤᠳᠠᠯᠳᠤᠨ ᠠᠪᠬᠤ ᠳᠠᠭᠠᠨ ᠪᠣᠭᠤᠮᠲᠠ ᠶᠢᠨ ᠢᠳᠡᠭᠡᠨ  ᠤ ᠬᠢᠵᠢᠭ ᠪᠠᠶᠢᠴᠠᠭᠠᠭᠰᠠᠨ ᠮᠡᠳᠡᠭᠡ ᠵᠠᠩᠭᠢ ᠶᠢ ᠠᠩᠬᠠᠷᠬᠤ ᠬᠡᠷᠡᠭᠲᠡᠶ︔ ᠪᠣᠭᠤᠳᠠᠯ ᠪᠠᠭᠯᠠᠭ᠎ᠠ ᠶᠢ ᠨᠢ ᠬᠤᠷᠢᠶᠠᠵᠤ ᠠᠪᠬᠤ ᠳᠠᠭᠠᠨ ᠭᠠᠳᠠᠷ ᠪᠣᠭᠤᠳᠠᠯ ᠪᠠᠭᠯᠠᠭ᠎ᠠ ᠶᠢ ᠨᠢ ᠰᠠᠶᠢᠲᠤᠷ ᠠᠷᠢᠭᠤᠳᠬᠠᠵᠤ᠂ ᠭᠠᠷ ᠤᠨ ᠠᠷᠢᠭᠤᠨ ᠴᠡᠪᠡᠷ ᠢ ᠠᠩᠬᠠᠷᠴᠤ᠂ ᠢᠳᠡᠭᠡᠨ ᠤᠮᠳᠠᠭᠠᠨ ᠤ ᠠᠷᠢᠭᠤᠨ ᠴᠡᠪᠡᠷ᠂ ᠲᠦᠭᠦᠬᠡᠶ ᠪᠤᠯᠭᠤᠭᠰᠠᠨ ᠢᠳᠡᠭᠡᠨ ᠢ ᠰᠠᠯᠭᠠᠬᠤ ᠶᠢ ᠠᠩᠬᠠᠷᠴᠤ᠂ ᠢᠳᠡᠭᠡᠨ ᠢ ᠴᠢᠨᠠᠵᠤ ᠪᠤᠯᠭᠤᠭᠰᠠᠨ ᠤ ᠳᠠᠷᠠᠭ᠎ᠠ᠂ ᠣᠷᠴᠢᠨ ᠲᠣᠭᠤᠷᠢᠨ ᠪᠠ ᠬᠤᠭᠤᠯᠠᠨ ᠤ ᠬᠡᠷᠡᠭᠰᠡᠯ᠂ ᠭᠠᠯ ᠲᠣᠭᠤᠭᠠᠨ ᠤ ᠬᠡᠷᠡᠭᠰᠡᠯ ᠵᠡᠷᠭᠡ ᠶᠢ ᠴᠠᠭ ᠲᠤᠬᠠᠶ ᠳᠤᠨᠢ ᠠᠷᠢᠭᠤᠳᠬᠠᠬᠤ ᠬᠡᠷᠡᠭᠲᠡᠶ᠃  ᠵᠢᠷᠭᠤᠭ᠎ᠠ᠂ ᠬᠢᠯᠢ ᠶᠢᠨ ᠭᠠᠳᠠᠨᠠᠬᠢ ᠪᠣᠭᠤᠳᠠᠯ ᠢ ᠳᠠᠮᠵᠢᠭᠤᠯᠳᠠᠭ ᠲᠦᠷᠭᠡᠨ ᠬᠦᠷᠭᠡᠭᠴᠢ ᠣᠷᠳᠣ ᠬᠤᠭᠤᠴᠠᠭ᠎ᠠ ᠪᠠᠷ ᠬᠢᠯᠢ ᠶᠢᠨ ᠭᠠᠳᠠᠨᠠᠬᠢ ᠪᠣᠭᠤᠳᠠᠯ ᠲᠠᠢ ᠳᠠᠬᠢᠨ ᠳᠠᠪᠲᠠᠨ ᠣᠶᠢᠷᠠᠲᠤᠳᠠᠭ ᠠᠴᠠ ᠪᠣᠯᠵᠣ᠂ ᠠᠶᠤᠯ ᠲᠦᠭᠰᠢᠭᠦᠷᠢ ᠶᠡᠬᠡᠲᠡᠶ ᠬᠠᠯᠳᠠᠪᠤᠷᠢᠯᠠᠭᠰᠠᠳ ᠪᠣᠯᠤᠨ᠎ᠠ᠂ ᠠᠵᠢᠯᠯᠠᠬᠤ ᠶᠠᠪᠤᠴᠠ ᠳᠤ ᠵᠠᠪᠠᠯ ᠠᠮᠠᠪᠴᠢ ᠪᠠ ᠪᠡᠭᠡᠯᠡᠶ ᠵᠡᠭᠦᠬᠦ ᠶᠢ ᠠᠩᠬᠠᠷᠴᠤ᠂ ᠭᠠᠷ ᠤᠨ ᠬᠡᠰᠡᠭ ᠤᠨ ᠡᠷᠡᠭᠦᠯ ᠬᠠᠮᠠᠭᠠᠯᠠᠯ ᠢ ᠠᠩᠬᠠᠷᠬᠤ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ᠂ ᠭᠡᠳᠡᠰᠦ ᠡᠪᠡᠳᠬᠦ᠂ ᠰᠠᠭᠤᠯᠭᠠᠬᠤ ᠵᠡᠷᠭᠡ ᠡᠪ ᠥᠬᠡᠶ ᠪᠠᠶᠢᠳᠠᠯ ᠢᠯᠡᠷᠡᠪᠡᠯ᠂ ᠳᠠᠷᠤᠶ ᠲᠦᠷᠭᠡᠨ ᠠᠮᠠᠪᠴᠢ ᠵᠡᠭᠦᠵᠦ᠂ ᠣᠶᠢᠷ᠎ᠠ ᠬᠠᠪᠢ ᠶᠢᠨ ᠲᠣᠭᠲᠠᠭᠰᠠᠨ ᠡᠮᠨᠡᠯᠭᠡ ᠶᠢᠨ ᠬᠠᠯᠠᠭᠤᠷᠠᠯ ᠤᠨ ᠰᠠᠯᠠᠭᠠᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢᠨ ᠬᠠᠮᠲᠤ᠂ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠴᠢᠬᠤᠯᠠ ᠪᠥᠬᠦᠶ ᠥᠯᠢᠭᠡᠷ ᠡᠳ᠋ ᠴᠤᠭᠯᠠᠭᠤᠯᠬᠤ ᠠᠵᠢᠯ ᠢ ᠪᠡᠶᠡᠯᠡᠭᠦᠯᠬᠦ ᠬᠡᠷᠡᠭᠲᠡᠶ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠦ ᠲᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号