ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ 《 ᠨᠠᠰᠤᠲᠠᠨ ᠢ ᠬᠠᠯᠠᠮᠵᠢᠯᠠᠨ ᠬᠠᠶᠢᠷᠠᠯᠠᠵᠤ ᠂ ᠵᠢᠷᠭᠠᠬᠤ ᠨᠡᠷᠡᠨ ᠢ ᠳᠤᠯᠠᠭᠠᠴᠠᠭᠤᠯᠤᠨ᠎ᠠ 》
ᠨᠡᠶᠢᠲᠡᠯᠡᠭᠰᠡᠨ ᠴᠠᠭ᠄
2021/11/17
     ᠪᠢᠯᠢᠭ ᠤᠨ ᠤᠯᠠᠷᠢᠯ ᠤᠨ ᠶᠢᠰᠦᠨ ᠰᠠᠷ᠎ᠠ ᠶᠢᠨ ᠰᠢᠨ᠎ᠡ ᠶᠢᠨ ᠶᠢᠰᠦᠨ ᠪᠣᠯ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠨᠠᠰᠤᠲᠠᠶᠢᠴᠤᠳ ᠤᠨ ᠪᠠᠶᠠᠷ ᠤᠨ ᠡᠳᠦᠷ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ  ᠢ ᠪᠠᠳᠠᠷᠠᠭᠤᠯᠵᠤ᠂ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠂ ᠣᠶᠢᠷ᠎ᠠ ᠳᠤ᠂ ᠵᠢᠪᠬᠤᠯᠠᠩᠲᠤ ᠭᠠᠴᠠᠭ᠎ᠠ 《 ᠮᠠᠨ ᠤ ᠪᠠᠶᠠᠷ ᠤᠨ ᠡᠳᠦᠷ ᠨᠠᠰᠤᠲᠠᠶᠢᠴᠤᠳ ᠤᠨ ᠪᠠᠶᠠᠷ 》 ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰᠬᠤᠨ ᠤ ᠳᠣᠲᠣᠷᠠᠬᠢ ᠬᠡᠷ ᠲᠡᠭᠡᠨ ᠬᠤᠴᠣᠷᠤᠭᠰᠠᠨ ᠨᠠᠰᠤᠲᠠᠨ᠂ ᠠᠬᠠᠮᠠᠳ ᠨᠠᠮ ᠤᠨ ᠭᠡᠰᠢᠭᠦᠨ ᠢ ᠤᠷᠢᠵᠤ ᠬᠠᠮᠲᠤ ᠪᠠᠷ ᠬᠠᠯᠠᠭᠤᠨ ᠳᠤᠯᠠᠭᠠᠨ ᠪᠠᠶᠠᠷ ᠪᠠᠶᠠᠰᠬᠤᠯᠠᠩ ᠲᠠᠢ ᠨᠠᠰᠤᠲᠠᠶᠢᠴᠤᠳ ᠤᠨ ᠪᠠᠶᠠᠷ ᠢ ᠥᠩᠭᠡᠷᠡᠭᠦᠯᠪᠡ  ᠃     ᠨᠠᠮ ᠤᠨ ᠡᠭᠦᠷ ᠤᠨ ᠭᠡᠰᠢᠭᠦᠨ ᠰᠢᠶᠧ ᠮᠧᠶ ᠶᠦᠨ ᠣᠯᠠᠨ ᠢ ᠳᠠᠭᠠᠭᠤᠯᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠰᠡᠳᠬᠢᠯᠭᠡ ᠪᠠᠷ ᠳᠤᠷᠠᠰᠤᠨ ᠰᠠᠨᠠᠭᠠᠯᠵᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠷᠭᠠᠭᠤ ᠬᠠᠲᠠᠭᠤᠵᠢᠯᠲᠠᠶ ᠣᠨ ᠵᠢᠯ ᠳᠠᠬᠢ ᠬᠡᠷᠡᠯ ᠰᠠᠴᠤᠷᠠᠩᠭᠤᠶ ᠲᠡᠮᠡᠴᠡᠯ ᠤᠨ ᠲᠡᠦᠬᠡ ᠶᠢ ᠳᠠᠬᠢᠨ ᠡᠷᠭᠢᠴᠡᠭᠦᠯᠪᠡ᠂ ᠡᠭᠦᠨ ᠤ ᠬᠠᠮᠲᠤ᠂ ᠭᠠᠴᠠᠭᠠᠨ ᠤ ᠪᠠᠭ ᠤᠨ ᠪᠦᠷᠢᠯᠳᠦᠬᠦᠨ ᠲᠤᠬᠠᠶ ᠶᠢᠨ ᠲᠠᠯᠠᠪᠠᠶ ᠳᠤ ᠲᠣᠰᠬᠤᠨ ᠤ ᠠᠷᠠᠳ ᠤᠨ ᠰᠠᠨᠠᠯ ᠢ ᠬᠤᠷᠢᠶᠠᠵᠤ᠂ ᠲᠣᠰᠬᠤᠨ ᠤ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠣᠶᠢᠯᠠᠭᠠᠵᠤ ᠂ ᠣᠯᠠᠨ ᠲᠦᠮᠡᠨ ᠤ ᠪᠣᠳᠠᠲᠠᠶ ᠬᠦᠴᠢᠷᠳᠡᠯ ᠢ ᠰᠢᠶᠳᠪᠦᠷᠢᠯᠡᠬᠦ ᠪᠠᠷ ᠳᠠᠮᠵᠢᠭᠤᠯᠤᠨ᠂ ᠰᠣᠷᠣᠭᠰᠠᠨ ᠢᠶᠠᠨ ᠬᠡᠷᠡᠭᠯᠡᠬᠦ᠂ ᠮᠡᠳᠡᠬᠦᠶ ᠬᠢᠬᠦᠶ ᠪᠠᠨ ᠨᠢᠭᠡᠳᠬᠡᠬᠦ ᠶᠢ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠦᠨᠡᠨ ᠬᠦ ᠠᠷᠠᠳ ᠲᠦᠮᠡᠨ ᠳᠤ ᠦᠶᠯᠡᠴᠢᠯᠡᠬᠦ ᠬᠥᠳᠡᠯᠭᠡᠬᠦ ᠬᠦᠴᠦᠨ ᠤ ᠡᠬᠢ ᠪᠤᠯᠠᠭ ᠪᠣᠯᠭᠠᠨ ᠬᠤᠪᠢᠷᠠᠭᠤᠯᠪᠠ  ᠃     ᠠᠵᠢᠯᠯᠠᠭ᠎ᠠ ᠶᠢᠨ ᠠᠬᠤᠶ ᠲᠠᠯᠠᠪᠠᠶ ᠳᠤ᠂ ᠭᠠᠴᠠᠭᠠᠨ ᠤ 《 ᠬᠤᠶᠠᠷ ᠵᠥᠪᠯᠡᠯ 》 ᠤᠨ ᠪᠠᠭ ᠤᠨ ᠪᠦᠷᠢᠯᠳᠦᠬᠦᠨ ᠨᠡᠷ ᠬᠡᠷ ᠲᠡᠭᠡᠨ ᠬᠤᠴᠣᠷᠤᠭᠰᠠᠨ ᠨᠠᠰᠤᠲᠠᠨ᠂ ᠠᠬᠠᠮᠠᠳ ᠨᠠᠮ ᠤᠨ ᠭᠡᠰᠢᠭᠦᠨ ᠲᠠᠢ ᠬᠠᠮᠲᠤ ᠪᠠᠷ ᠪᠠᠩᠰᠢ ᠪᠠᠷᠢᠵᠤ᠂ ᠤᠷᠠᠬᠠᠨ ᠳᠤ ᠣᠷᠣᠵᠤ᠂ ᠨᠠᠰᠤᠲᠠᠶᠢᠴᠤᠳ ᠲᠤ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠨᠠᠰᠤᠲᠠᠶᠢᠴᠤᠳ ᠤᠨ ᠨᠥᠬᠦᠷᠯᠡᠯ ᠢ ᠵᠤᠵᠠᠭᠠᠳᠬᠠᠵᠤ᠂ ᠨᠠᠰᠤᠲᠠᠶᠢᠴᠤᠳ ᠤᠨ ᠭᠠᠷ ᠬᠥᠳᠡᠯᠬᠦ ᠴᠢᠳᠠᠪᠤᠷᠢ᠂ ᠵᠣᠬᠢᠴᠠᠭᠤᠯᠬᠤ ᠴᠢᠳᠠᠪᠤᠷᠢ ᠶᠢ ᠪᠣᠯᠪᠠᠰᠤᠷᠠᠭᠤᠯᠪᠠ  ᠃ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ ᠭᠠᠴᠠᠭᠠᠨ ᠤ ᠠᠬᠠᠮᠠᠳ ᠨᠠᠮ ᠤᠨ ᠭᠡᠰᠢᠭᠦᠨ᠂ ᠲᠣᠰᠬᠤᠨ ᠤ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠲᠤ ᠬᠤᠪᠢᠰᠬᠠᠯ ᠤᠨ ᠵᠣᠷᠢᠭ ᠰᠠᠨᠠᠭᠠᠨ ᠤ ᠬᠥᠮᠦᠵᠢᠯ ᠢ ᠳᠠᠬᠢᠨᠲᠠ ᠬᠦᠷᠲᠡᠭᠡᠪᠡ᠂ ᠣᠯᠠᠨ ᠢᠶᠠᠷ ᠢᠶᠠᠨ ᠲᠡᠦᠬᠡ ᠶᠢ ᠤᠶᠢᠯᠠᠭᠠᠨ ᠨᠠᠮ ᠢᠶᠠᠨ ᠬᠠᠶᠢᠷᠠᠯᠠᠵᠤ᠂ ᠲᠡᠦᠬᠡ ᠶᠢ ᠤᠶᠢᠯᠠᠭᠠᠨ ᠤᠯᠤᠰ ᠢᠶᠠᠨ ᠬᠠᠶᠢᠷᠠᠯᠠᠵᠤ᠂ ᠡᠪ ᠬᠠᠮᠲᠤᠴᠤᠳ ᠤᠨ ᠣᠭ ᠴᠢᠨᠠᠷ ᠢᠶᠠᠨ ᠡᠭᠦᠷᠢᠳᠡ ᠬᠠᠳᠠᠭᠠᠯᠠᠵᠤ᠂ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠬᠠᠯᠠᠮᠵᠢᠯᠠᠬᠤ ᠲᠠᠯ᠎ᠠ ᠪᠠᠷ ᠢᠳᠡᠪᠬᠢᠲᠡᠶ ᠦᠶᠯᠡᠳᠦᠯ ᠦᠵᠡᠭᠦᠯᠵᠦ᠂ ᠢᠳᠡᠪᠬᠢ ᠬᠦᠴᠦᠨ ᠢ ᠳᠠᠮᠵᠢᠭᠤᠯᠤᠨ᠂ ᠵᠢᠪᠬᠤᠯᠠᠩᠲᠤ ᠭᠠᠴᠠᠭᠠᠨ ᠤ ᠰᠠᠶᠢᠨ ᠰᠠᠶᠢᠬᠠᠨ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠤᠨ᠎ᠠ ᠭᠡᠵᠦ ᠢᠯᠡᠷᠬᠡᠶᠢᠯᠡᠵᠡᠭᠡᠪᠡ  ᠃

 
ᠢᠷᠡᠯᠲᠡ᠄ ᠵᠢᠪᠬᠤᠯᠠᠩᠲᠤ ᠰᠤᠮᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号