《 ᠰᠢᠭᠤᠶᠢᠲᠤ ᠲᠣᠭᠤᠷᠢᠭ ‍ᠤᠨ‌ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ ᠲᠥᠪᠯᠡᠷᠡᠭᠦᠯᠦᠨ ᠡᠵᠡᠩᠨᠡᠬᠦ ᠎ ᠶᠢ ᠱᠠᠩᠨᠠᠬᠤ ᠠᠷᠭ᠎ᠠ ( ᠲᠤᠷᠰᠢᠨ ᠬᠡᠷᠡᠭᠵᠢᠭᠦᠯᠬᠦ ) ᠎ ᠶᠢ ᠳᠠᠷᠤᠮᠠᠯᠯᠠᠨ ᠲᠠᠷᠬᠠᠭᠠᠬᠤ》 ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/30
   ᠱᠢ ᠹᠦ᠋ ᠠᠯᠪᠠᠨ ᠲᠠᠷᠬᠠᠭᠠᠭᠰᠠᠨ 〔2021〕2ᠳ᠋ᠤᠭᠠᠷ ᠲᠣᠭᠠᠲᠤ       ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  《 ᠰᠢᠭᠤᠶᠢᠲᠤ ᠣᠷᠣᠨ ᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ ᠲᠥᠪᠯᠡᠷᠡᠭᠦᠯᠦᠨ ᠡᠵᠡᠩᠨᠡᠬᠦ ᠶᠢ ᠱᠠᠩᠨᠠᠬᠤ ᠠᠷᠭ᠎ᠠ ( ᠲᠤᠷᠰᠢᠨ ᠬᠡᠷᠡᠭᠵᠢᠭᠦᠯᠬᠦ )  ᠎ ᠶᠢ ᠳᠠᠷᠤᠮᠠᠯᠯᠠᠨ ᠲᠠᠷᠬᠠᠭᠠᠬᠤ》 ᠲᠤᠬᠠᠶ ᠮᠡᠳᠡᠭᠳᠡᠯ ᠵᠢᠪᠬᠤᠯᠠᠩᠲᠤ ᠰᠤᠮᠤ᠂ ᠪᠡᠳᠺᠡᠷ ᠵᠣᠣ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠦᠷᠢᠶᠡᠯᠡᠩ ᠲᠣᠭᠤᠷᠢᠭ ( ᠦᠵᠡᠮᠵᠢ ᠶᠢᠨ ᠣᠷᠣᠨ )᠎ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ᠄    ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 《 ᠰᠢᠭᠤᠶᠢᠲᠤ ᠣᠷᠣᠨ ᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ ᠲᠥᠪᠯᠡᠷᠡᠭᠦᠯᠦᠨ ᠡᠵᠡᠩᠨᠡᠭᠰᠡᠨ ᠢ ᠱᠠᠩᠨᠠᠬᠤ ᠠᠷᠭ᠎ᠠ ( ᠲᠤᠷᠰᠢᠨ ᠬᠡᠷᠡᠭᠵᠢᠭᠦᠯᠬᠦ ) 》᠎ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠪᠣᠯᠪᠠᠤ  ᠃         ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                             2021 ᠣᠨ ᠤ 1 ᠳ᠋ᠦ᠋ᠭᠡᠷ ᠰᠠᠷ᠎ᠠ ᠶᠢᠨ 20᠎ ᠤ ᠡᠳᠦᠷ  ᠰᠢᠭᠤᠶᠢᠲᠤ ᠣᠷᠣᠨ ᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ ᠲᠥᠪᠯᠡᠷᠡᠭᠦᠯᠦᠨ ᠡᠵᠡᠩᠨᠡᠬᠦ ᠶᠢ ᠱᠠᠩᠨᠠᠬᠤ ᠠᠷᠭ᠎ᠠ ( ᠲᠤᠷᠰᠢᠨ ᠬᠡᠷᠡᠭᠵᠢᠭᠦᠯᠬᠦ )      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠬᠡᠷᠡᠭᠵᠢᠭᠦᠯᠵᠦ᠂ ᠪᠥᠬᠦ ᠣᠷᠣᠨ ᠤ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠶᠣᠰᠣᠭᠠᠷ᠂ ᠰᠠᠶᠢᠨ ᠳᠤᠷ᠎ᠠ ᠠᠴᠠ ᠪᠠᠨ᠂ ᠦᠨ᠎ᠡ ᠲᠥᠯᠥᠪᠦᠷᠢ ᠲᠠᠢ ᠪᠠᠷ ᠰᠢᠯᠵᠢᠭᠦᠯᠬᠦ ᠶᠢ ᠢᠳᠡᠪᠬᠢᠲᠡᠶ ᠵᠣᠷᠢᠭᠵᠢᠭᠤᠯᠤᠨ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢ ᠬᠡᠪᠴᠢᠶᠡᠲᠦ ᠡᠵᠡᠩᠨᠡᠯᠲᠡ ᠶᠢᠨ ᠭᠤᠤᠯ ᠴᠣᠭᠴᠠ ᠲᠡᠶᠢᠰᠢ ᠲᠥᠪᠯᠡᠷᠡᠭᠦᠯᠬᠦ ᠂ ᠡᠷᠴᠢᠮᠵᠢᠭᠦᠯᠦᠨ ᠠᠰᠢᠭᠯᠠᠬᠤ ᠪᠠ ᠪᠦᠲᠦᠮᠵᠢᠲᠡᠶ ᠲᠠᠷᠢᠶᠠᠨ ᠭᠠᠵᠠᠷ ᠢ ᠬᠠᠮᠠᠭᠠᠯᠠᠵᠤ᠂ ᠭᠠᠵᠠᠷ ᠰᠢᠷᠣᠶ ᠶᠢᠨ ᠡᠷᠴᠢᠮᠵᠢᠭᠰᠡᠨ᠂ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ ᠲᠣᠰᠬᠤᠨ ᠢ ᠲᠣᠭᠲᠠᠭᠤᠨ ᠪᠠᠶᠢᠯᠭᠠᠬᠤ ᠶᠢ ᠪᠡᠶᠡᠯᠡᠭᠦᠯᠬᠦ ᠎ ᠶᠢᠨ ᠲᠤᠰᠠᠳᠠ᠂ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ  ᠃ ᠨᠢᠭᠡ᠂ ᠱᠠᠩᠨᠠᠬᠤ ᠵᠠᠷᠴᠢᠮ    ᠵᠠᠬ᠎ᠠ ᠳᠡᠯᠭᠡᠭᠦᠷ ᠤᠨ ᠠᠵᠢᠯᠯᠠᠭᠠᠨ ᠢᠶᠠᠷ ᠭᠤᠤᠯ ᠪᠣᠯᠭᠠᠵᠤ᠂ ᠵᠠᠰᠠᠭ ᠤᠨ ᠣᠷᠳᠣᠨ ᠤ ᠱᠠᠩᠨᠠᠯ ᠢᠶᠠᠷ ᠬᠠᠪᠰᠤᠷᠤᠮᠵᠢ ᠪᠣᠯᠭᠠᠨ᠎ᠠ︔ ᠢᠯᠡ ᠲᠣᠳᠣ᠂ ᠡᠷᠬᠡ ᠲᠡᠭᠰᠢ ᠲᠥᠪ ᠭᠤᠤᠯᠴᠢ︔ ᠲᠡᠷᠢᠭᠦᠨ ᠤ ᠬᠢ ᠶᠢ ᠤᠷᠮᠠᠰᠢᠭᠤᠯᠵᠤ᠂ ᠡᠷᠭᠢᠯᠲᠡ ᠶᠢ ᠠᠬᠢᠭᠤᠯᠬᠤ  ᠃ ᠬᠤᠶᠠᠷ᠂ ᠬᠡᠷᠡᠭᠯᠡᠬᠦ ᠬᠡᠪᠴᠢᠶ᠎ᠡ    ᠵᠢᠪᠬᠤᠯᠠᠩᠲᠤ ᠰᠤᠮᠤ᠂ ᠪᠠᠳᠺᠠᠷ ᠵᠣᠣ ᠪᠠᠯᠭᠠᠰᠤ᠂ ᠳ᠋ᠠᠳᠧ ᠾᠧᠩ ᠵᠡᠭᠡᠯᠢ ᠭᠤᠳᠤᠮᠵᠢ᠂ ᠪᠠᠶ ᠬᠤ᠋ ᠭᠸᠤ ᠵᠡᠭᠡᠯᠢ ᠭᠤᠳᠤᠮᠵᠢ ᠶᠢᠨ ᠲᠠᠷᠢᠶᠠᠯᠠᠩ ᠳᠤ ᠬᠤᠯᠪᠣᠭᠳᠠᠬᠤ 4 ᠭᠠᠵᠠᠷ ᠣᠷᠣᠨ  ᠃ ᠭᠤᠷᠪᠠ᠂ ᠬᠥᠬᠢᠭᠦᠯᠦᠨ ᠱᠠᠩᠨᠠᠬᠤ ᠳ᠋ᠦᠶᠰᠢᠶᠠᠩ  ᠰᠢᠭᠤᠶᠢᠲᠤ ᠣᠷᠣᠨ ᠤ ᠬᠡᠪᠴᠢᠶᠡᠨ ᠳᠣᠲᠣᠷ᠎ᠠ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠬᠠᠤᠯᠢ ᠶᠣᠰᠣᠭᠠᠷ ᠡᠷᠭᠢᠯᠲᠡ ᠳᠤ ᠣᠷᠣᠭᠤᠯᠤᠭᠰᠠᠨ ᠡᠲᠡᠭᠡᠳ  ᠃ ᠭᠠᠵᠠᠷ ᠰᠢᠷᠣᠶ ᠣᠷᠣᠭᠤᠯᠤᠭᠰᠠᠨ ᠲᠠᠯ᠎ᠠ ᠳᠤ ᠰᠢᠭᠤᠶᠢᠲᠤ ᠣᠷᠣᠨ ᠤ ᠡᠷᠦᠬᠡ ᠠᠮᠠ ᠶᠢᠨ ᠳᠠᠩᠰᠠ ᠲᠠᠢ ᠲᠠᠷᠢᠶᠠᠴᠢᠨ ᠡᠷᠦᠬᠡ᠂ ᠰᠢᠭᠤᠶᠢᠲᠤ ᠣᠷᠣᠨ ᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠶᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠭᠠᠴᠠᠭᠠᠨ ᠤ ᠬᠠᠮᠲᠤ ( ᠬᠤᠪᠢ ᠣᠷᠣᠭᠤᠯᠤᠭᠰᠠᠨ )᠎ ᠶᠢᠨ ᠠᠵᠤ ᠠᠬᠤᠶ ᠶᠢᠨ ᠬᠤᠷᠰᠢᠶ᠎ᠠ᠂ ᠲᠠᠷᠢᠶᠠᠯᠠᠩ ᠤᠨ ᠠᠵᠤ ᠠᠬᠤᠶᠢᠯᠠᠯ ᠵᠢᠴᠢ ᠡᠯ᠎ᠡ ᠰᠢᠶᠠᠩ ᠪᠠᠯᠭᠠᠰᠤ᠂ ᠭᠠᠴᠠᠭᠠᠨ ᠤ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠᠭᠲᠠᠨ᠎ᠠ  ᠃ᠳᠥᠷᠪᠡ᠂ ᠱᠠᠩᠨᠠᠬᠤ ᠨᠥᠬᠦᠴᠡᠯ    ( ᠨᠢᠭᠡ ) ᠰᠢᠯᠵᠢᠭᠦᠯᠦᠭᠰᠡᠨ ᠤ ᠳᠠᠷᠠᠭ᠎ᠠ ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ ᠤᠨ ᠰᠢᠨᠵᠢ ᠴᠢᠨᠠᠷ ᠪᠠ ᠲᠠᠷᠢᠶᠠᠯᠠᠩ ᠤᠨ ᠬᠡᠷᠡᠭᠴᠡᠭᠡ ᠶᠢ ᠬᠤᠪᠢᠷᠠᠭᠤᠯᠬᠤ ᠦᠭᠡᠶ ᠮᠥᠷᠲᠡᠭᠡᠨ ᠶᠡᠷᠦᠩᠬᠡᠶ ᠰᠢᠯᠵᠢᠭᠦᠯᠦᠭᠰᠡᠨ ᠤ ᠬᠠᠮᠲᠤ ᠪᠣᠳᠠᠲᠠᠶ ᠲᠠᠷᠢᠭᠰᠠᠨ ᠲᠠᠯᠠᠪᠠᠶ ᠨᠢ 500 ᠮᠦ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ 2 ᠵᠢᠯ ᠠᠴᠠ ᠳᠡᠭᠡᠭᠰᠢ ᠰᠢᠯᠵᠢᠭᠦᠯᠦᠭᠰᠡᠨ ( 2 ᠵᠢᠯ ᠪᠠᠭᠲᠠᠨ᠎ᠠ )᠂ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠰᠢᠷᠣᠶ ᠶᠢ ᠰᠢᠨ᠎ᠡ ᠪᠠᠷ ᠰᠢᠯᠵᠢᠭᠦᠯᠦᠭᠰᠡᠨ᠂ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠡᠳᠦᠶ ᠭᠠᠵᠠᠷ ᠰᠢᠷᠣᠶ ᠶᠢ ᠰᠢᠨ᠎ᠡ ᠎ ᠪᠠᠷ ᠰᠢᠯᠵᠢᠭᠦᠯᠦᠭᠰᠡᠨ ᠭᠤᠷᠪᠠᠨ ᠲᠥᠷᠥᠯ ᠬᠡᠯᠪᠡᠷᠢ ᠶᠢᠨ ᠪᠠᠷᠢᠮᠵᠢᠶ᠎ᠠ ᠶᠣᠰᠣᠭᠠᠷ ᠲᠣᠭᠠᠴᠠᠭ᠎ᠠ ᠬᠢᠵᠦ ᠱᠠᠩᠨᠠᠨ᠎ᠠ  ᠃    ( ᠬᠤᠶᠠᠷ ) 《 ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶᠢᠳᠡᠭᠦᠯᠬᠦ 》 ᠵᠠᠷᠴᠢᠮ ᠶᠣᠰᠣᠭᠠᠷ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠣᠣ ᠪᠦᠷᠬᠦᠪᠴᠢ ᠳᠤ ᠡᠬᠢ ᠪᠠᠶᠠᠯᠢᠭᠵᠢᠭᠤᠯᠬᠤ᠂ ᠬᠤᠤᠷ ᠥᠬᠡᠶᠢᠳᠡᠭᠦᠯᠦᠨ ᠰᠢᠶᠳᠪᠦᠷᠢᠯᠡᠬᠦ ᠶᠢ ᠬᠡᠷᠡᠭᠵᠢᠭᠦᠯᠵᠦ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ᠂ ᠳᠠᠬᠢᠨ ᠦᠶᠯᠡᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ ᠬᠠᠶᠠᠭᠳᠠᠮᠠᠯ ᠡᠳ᠋ ᠢ ᠡᠷᠳᠡᠨᠢ ᠪᠣᠯᠭᠠᠵᠤ᠂ ᠬᠤᠤᠷ ᠬᠥᠨᠥᠭᠡᠯ ᠢ ᠠᠰᠢᠭ ᠲᠤᠰᠠ ᠪᠣᠯᠭᠠᠨ ᠬᠤᠪᠢᠷᠠᠭᠤᠯᠵᠤ᠂ ᠲᠠᠷᠢᠶᠠᠨ ᠭᠠᠵᠠᠷ ᠲᠤ ᠦᠯᠡᠳᠡᠭᠳᠡᠯ ᠥᠬᠡᠶ ᠲᠠᠷᠢᠶᠠᠯᠠᠩ ᠤᠨ ᠰᠦᠯᠢᠶᠣᠣ ᠪᠦᠷᠬᠦᠪᠴᠢ ᠳᠤ ᠬᠦᠷᠦᠭᠦᠯᠦᠨ᠎ᠡ  ᠃ ᠡᠭᠦᠨ ᠤ ᠬᠠᠮᠲᠤ᠂ 0 . 01 ᠮᠢᠯᠢᠮᠧᠲᠷ ᠠᠴᠠ ᠵᠤᠵᠠᠭᠠᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠲᠡᠭᠦᠬᠦ ᠬᠦᠴᠢᠷᠳᠡᠯ ᠢ ᠪᠠᠭᠠᠰᠬᠠᠨ᠎ᠠ  ᠃    (ᠭᠤᠷᠪᠠ )ᠬᠢᠮᠢ ᠶᠢᠨ ᠪᠣᠷᠳᠣᠭᠤᠷ ᠪᠣᠯᠤᠨ ᠲᠠᠷᠢᠶᠠᠨ ᠡᠮ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠎ ᠤᠨ ᠪᠣᠷᠳᠣᠭᠤᠷ᠂ ᠣᠷᠭᠠᠨᠢᠭ ᠪᠣᠷᠳᠣᠭᠤᠷ ᠵᠡᠷᠭᠡ ᠥᠨᠳᠥᠷ ᠦᠷ᠎ᠡ ᠪᠦᠲᠦᠮᠵᠢᠲᠡᠶ᠂ ᠬᠤᠣᠷ ᠪᠠᠭᠠᠲᠠᠶ᠂ ᠦᠯᠡᠳᠡᠭᠳᠡᠯ ᠪᠠᠭᠠᠲᠠᠶ ᠲᠠᠷᠢᠶᠠᠯᠠᠩ ᠤᠨ ᠣᠷᠣᠭᠤᠯᠤᠯᠲᠠ ᠡᠳ ᠬᠡᠷᠡᠭᠯᠡᠬᠦ ᠶᠢ ᠶᠡᠬᠡᠪᠡᠷ ᠳᠡᠯᠭᠡᠷᠡᠭᠦᠯᠬᠦ ᠬᠡᠷᠡᠭᠲᠡᠶ  ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠵᠢᠴᠢ ᠬᠥᠷᠥᠰᠥ ᠰᠢᠷᠣᠶ ᠵᠡᠷᠭᠡ ᠶᠢ ᠰᠢᠯᠭᠠᠨ ᠪᠠᠶᠢᠴᠠᠭᠠᠬᠤ᠂ ᠬᠢᠮᠢ ᠶᠢᠨ ᠪᠣᠷᠲᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠪᠠᠷ ᠳᠠᠮᠵᠢᠭᠤᠯᠤᠨ ᠰᠥᠭᠡᠷᠭᠦ ᠨᠡᠮᠡᠭᠳᠡᠯ ᠢ ᠦᠷᠭᠦᠯᠵᠢᠯᠡᠨ ᠪᠠᠲᠤᠯᠠᠪᠠ  ᠃    ( ᠳᠥᠷᠪᠡ ) ᠡᠰᠢ ᠰᠦᠷᠡᠯ ᠢ ᠲᠠᠷᠢᠶᠠᠨ ᠳᠤ ᠣᠷᠣᠭᠤᠯᠬᠤ᠂ ᠡᠰᠢ ᠰᠦᠷᠡᠯ ᠢ ᠬᠥᠬᠡ ᠪᠠᠷ ᠳᠠᠷᠤᠰᠢᠭᠤᠯᠬᠤ᠂ ᠡᠰᠢ ᠰᠦᠷᠡᠯ ᠢ ᠰᠢᠷ᠎ᠠ ᠪᠠᠷ ᠳᠠᠷᠤᠰᠢᠭᠤᠯᠬᠤ᠂ ᠡᠰᠢ ᠰᠦᠷᠡᠯ ᠢᠶᠠᠷ ᠪᠣᠷᠳᠤᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠢᠶᠠᠨ ᠭᠠᠵᠠᠷ ᠲᠤ ᠡᠰᠢ ᠰᠦᠷᠡᠯ ᠥᠬᠡᠶ ᠦᠯᠡᠳᠡᠭᠳᠡᠯ ᠳᠤ ᠬᠦᠷᠦᠭᠦᠯᠦᠨ᠎ᠡ  ᠃ ᠡᠭᠦᠨ ᠤ ᠬᠠᠮᠲᠤ᠂ ᠡᠰᠢ ᠰᠦᠷᠡᠯ ᠢ ᠵᠠᠳᠠᠭᠠᠶ ᠰᠢᠲᠠᠭᠠᠬᠤ ᠦᠵᠡᠭᠳᠡᠯ ᠣᠷᠣᠰᠢᠬᠤ ᠦᠭᠡᠶ  ᠃    ( ᠲᠠᠪᠤ ) ᠭᠠᠵᠠᠷ ᠰᠢᠷᠣᠶ ᠶᠢᠨ ᠡᠬᠢ ᠪᠠᠶᠠᠯᠢᠭ ᠤᠨ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠂ ᠵᠠᠮ ᠬᠢᠭᠡᠳ ᠭᠤᠣ ᠰᠤᠪᠠᠭ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠡᠮᠬᠢᠯᠡᠬᠦ ᠪᠠᠷ ᠳᠠᠮᠵᠢᠭᠤᠯᠤᠨ ᠂ ᠪᠠᠷᠢᠮᠵᠢᠶᠠᠵᠢᠭᠤᠯᠤᠭᠰᠠᠨ ᠲᠠᠷᠢᠶᠠᠨ ᠭᠠᠵᠠᠷ ᠢ ᠪᠣᠶ ᠪᠣᠯᠭᠠᠵᠤ᠂ ᠮᠠᠰᠢᠨᠴᠢᠯᠠᠨ ᠠᠵᠢᠯᠯᠠᠬᠤ ᠬᠢᠷᠢ ᠬᠡᠮᠵᠢᠶ᠎ᠡ ᠪᠣᠯᠤᠨ ᠭᠠᠵᠠᠷ ᠰᠢᠷᠣᠶ ᠶᠢ ᠡᠷᠴᠢᠮᠵᠢᠭᠦᠯᠦᠨ ᠬᠡᠪᠴᠢᠶᠡᠵᠢᠭᠦᠯᠦᠨ ᠠᠰᠢᠭᠯᠠᠬᠤ ᠦᠢᠯᠡᠳᠦᠯ ᠢ ᠨᠢ ᠳᠡᠭᠡᠭᠰᠢᠯᠡᠭᠦᠯᠬᠦ ᠬᠡᠷᠡᠭᠲᠡᠶ  ᠃ ᠡᠭᠦᠨ ᠤ ᠬᠠᠮᠲᠤ ᠲᠠᠷᠢᠶᠠᠨ ᠭᠠᠵᠠᠷ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠬᠥᠷᠥᠰᠥ ᠰᠢᠷᠣᠶ ᠤᠰᠤ ᠪᠣᠷᠳᠣᠭᠤᠷ ᠤᠨ ᠨᠥᠬᠦᠴᠡᠯ ᠢ ᠰᠠᠶᠢᠵᠢᠷᠠᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠬᠡᠷᠡᠭᠲᠡᠶ  ᠃ᠲᠠᠪᠤ᠂ ᠱᠠᠩᠨᠠᠬᠤ ᠪᠠᠷᠢᠮᠵᠢᠶ᠎ᠠ  ᠳᠣᠤᠷᠠᠬᠢ ᠭᠤᠷᠪᠠᠨ ᠵᠦᠶᠯ ᠤᠨ ᠪᠠᠶᠢᠳᠠᠯ ᠢᠶᠠᠷ ᠬᠠᠷᠠᠭᠠᠯᠵᠠᠭᠤᠯᠤᠨ ᠱᠠᠩᠨᠠᠬᠤ ᠶᠢᠨ ᠬᠠᠮᠲᠤ ᠳᠣᠤᠷᠠᠬᠢ ᠬᠤᠶᠠᠷ ᠵᠦᠶᠯ ᠤᠨ ᠪᠠᠶᠢᠳᠠᠯ ᠳᠤ ᠨᠡᠶᠢᠴᠡᠭᠦᠯᠵᠦ᠂ ᠲᠠᠩ ᠵᠦᠶᠯ ᠤᠨ ᠬᠠᠮᠤᠭ ᠤᠨ ᠥᠨᠳᠥᠷ ᠪᠠᠷᠢᠮᠵᠢᠶ᠎ᠠ ᠪᠠᠷ ᠱᠠᠩᠨᠠᠨ᠎ᠠ  ᠃    ( ᠨᠢᠭᠡ ) 2 ᠵᠢᠯ ᠠᠴᠠ ᠳᠡᠭᠡᠭᠰᠢ ᠡᠷᠭᠢᠯᠳᠦᠭᠦᠯᠦᠭᠰᠡᠨ ( 2 ᠵᠢᠯ ᠪᠠᠭᠲᠠᠨ᠎ᠠ ) ᠭᠠᠵᠠᠷ ᠰᠢᠷᠣᠶ ᠶᠢᠨ ᠲᠠᠷᠢᠬᠤ ᠲᠠᠯᠠᠪᠠᠶ ᠶᠢ ᠮᠦ ᠪᠦᠷᠢ ᠳᠤ 50 ᠲᠥᠭᠦᠷᠢᠭ ᠢᠶᠠᠷ ᠱᠠᠩᠨᠠᠨ᠎ᠠ︔    ( ᠬᠤᠶᠠᠷ ) ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠰᠢᠷᠣᠶ ᠶᠢᠨ ᠲᠠᠷᠢᠬᠤ ᠲᠠᠯᠠᠪᠠᠶ ᠶᠢ ᠰᠢᠨ᠎ᠡ ᠪᠠᠷ ᠡᠷᠭᠢᠯᠳᠦᠭᠦᠯᠬᠦ ᠳᠤ ᠮᠦ ᠪᠦᠷᠢ 80 ᠲᠥᠭᠦᠷᠢᠭ ᠢᠶᠠᠷ ᠱᠠᠩᠨᠠᠬᠤ ᠬᠡᠷᠡᠭᠲᠡᠶ︔    ( ᠭᠤᠷᠪᠠ ) ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠡᠳᠦᠶ ᠭᠠᠵᠠᠷ ᠰᠢᠷᠣᠶ ᠶᠢᠨ ᠲᠠᠷᠢᠬᠤ ᠲᠠᠯᠠᠪᠠᠶ ᠶᠢ ᠰᠢᠨ᠎ᠡ ᠪᠠᠷ ᠡᠷᠭᠢᠯᠳᠦᠭᠦᠯᠬᠦ ᠳᠤ᠂ ᠮᠦ ᠪᠦᠷᠢ ᠶᠢ 150 ᠲᠥᠭᠦᠷᠢᠭ ᠢᠶᠠᠷ ᠱᠠᠩᠨᠠᠬᠤ ᠬᠡᠷᠡᠭᠲᠡᠶ  ᠃ ( ᠬᠡᠷᠪᠡ ᠲᠣᠰ ᠠᠷᠭ᠎ᠠ ᠶᠢ ᠨᠡᠶᠢᠲᠡᠯᠡᠭᠰᠡᠨ ᠤ ᠳᠠᠷᠠᠭ᠎ᠠ᠂ ᠡᠷᠭᠢᠯᠳᠦᠭᠦᠯᠦᠨ ᠡᠵᠡᠩᠨᠡᠭᠴᠢ ᠥᠪᠡᠰᠦᠪᠡᠨ ᠪᠠᠯᠠ ᠣᠷᠣᠭᠤᠯᠵᠤ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠰᠠᠶᠢᠵᠢᠷᠠᠭᠤᠯᠬᠤ ᠶᠢᠨ ᠬᠠᠮᠲᠤ ᠦᠷᠭᠦᠯᠵᠢᠯᠡᠨ ᠳᠠᠷᠢᠵᠤ᠂ ᠲᠣᠰ ᠲᠤᠷᠰᠢᠨ ᠬᠡᠷᠡᠭᠵᠢᠭᠦᠯᠬᠦ ᠠᠷᠭ᠎ᠠ ᠶᠢᠨ ᠬᠤᠭᠤᠴᠠᠭᠠᠨ ᠳᠤ᠂ ᠵᠢᠯ ᠪᠦᠷᠢ ᠮᠥ ᠪᠦᠷᠢ 150 ᠲᠥᠭᠦᠷᠢᠭ ᠤᠨ ᠪᠠᠷᠢᠮᠵᠢᠶ᠎ᠠ ᠪᠠᠷ ᠱᠠᠩᠨᠠᠨ᠎ᠠ︔ ᠵᠢᠱᠢᠶᠡᠯᠡᠪᠡᠯ ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠎ ᠶᠢ ᠰᠠᠶᠢᠵᠢᠷᠠᠭᠤᠯᠬᠤ ᠳᠤ᠂ ᠲᠤᠰ ᠲᠤᠷᠰᠢᠨ ᠬᠡᠷᠡᠭᠵᠢᠭᠦᠯᠬᠦ ᠠᠷᠭ᠎ᠠ ᠶᠢᠨ ᠬᠤᠭᠤᠴᠠᠭᠠᠨ ᠳᠣᠲᠣᠷ᠎ᠠ᠂ ᠡᠮᠦᠨᠡᠬᠢ ᠬᠤᠶᠠᠷ ᠵᠦᠢᠯ ᠤᠨ ᠲᠣᠬᠢᠷᠠᠬᠤ ᠪᠠᠷᠢᠮᠵᠢᠶ᠎ᠠ ᠯᠤᠭ᠎ᠠ ᠬᠠᠷᠢᠴᠠᠭᠤᠯᠤᠨ ᠱᠠᠩᠨᠠᠬᠤ ᠬᠡᠷᠡᠭᠲᠡᠶ  ᠃ ) ᠵᠢᠷᠭᠤᠭ᠎ᠠ᠂ ᠱᠠᠩᠨᠠᠬᠤ ᠡᠲᠡᠭᠡᠳ ᠢ ᠬᠢᠨᠠᠨ ᠬᠠᠷᠭᠤᠭᠤᠯᠬᠤ ᠪᠠ ᠬᠢᠨᠠᠨ ᠲᠣᠭᠲᠠᠭᠠᠬᠤ  ᠃ᠰᠢᠯᠭᠠᠨ ᠬᠤᠷᠢᠶᠠᠬᠤ ᠪᠠᠷ ᠳᠠᠮᠵᠢᠨ᠂ ᠳᠡᠭᠡᠷ᠎ᠡ ᠳᠤᠷᠠᠳᠤᠭᠰᠠᠨ ᠱᠠᠩᠨᠠᠬᠤ ᠨᠥᠬᠦᠴᠡᠯ ᠳᠤ ᠬᠦᠷᠴᠦ᠂ ᠳᠣᠤᠷᠠᠬᠢ ᠳᠡᠰ ᠳᠠᠷᠠᠭᠠᠯᠠᠯ ᠢᠶᠠᠷ ᠦᠨᠡᠯᠡᠨ ᠲᠣᠭᠲᠠᠭᠠᠨ᠎ᠠ  ᠃    ( ᠨᠢᠭᠡ ) ᠮᠡᠳᠡᠭᠦᠯᠬᠦ ᠳᠡᠰ ᠳᠠᠷᠠᠭᠠᠯᠠᠯ᠄ ᠱᠠᠩᠨᠠᠬᠤ ᠨᠥᠬᠦᠴᠡᠯ ᠳᠤ ᠨᠡᠶᠢᠴᠡᠬᠦ ᠲᠠᠷᠢᠶᠠᠯᠠᠬᠤ ᠡᠷᠦᠬᠡ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠲᠣᠰᠬᠤᠨ ᠤ ᠬᠠᠮᠲᠤ ( ᠬᠤᠪᠢ ᠣᠷᠣᠭᠤᠯᠤᠯᠲᠠ )᠎ ᠶᠢᠨ ᠠᠵᠤ ᠠᠬᠤᠶ ᠶᠢᠨ ᠬᠤᠷᠰᠢᠶ᠎ᠠ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠨᠢ ᠮᠡᠳᠡᠭᠦᠯᠬᠦ ᠪᠢᠴᠢᠭ ᠢ ᠬᠢᠨᠠᠮᠠᠭᠠᠶ ᠲᠠᠭᠯᠠᠨ ᠪᠢᠴᠢᠵᠦ᠂ ᠰᠢᠶᠠᠩ ᠪᠠᠯᠭᠠᠰᠤ ᠨᠢ ᠮᠡᠳᠡᠭᠦᠯᠬᠦ ᠮᠠᠲ ᠧᠷᠢᠶᠠᠯ ᠢᠶᠠᠨ ᠦᠨᠳᠦᠰᠦᠯᠡᠬᠦ ᠶᠢᠨ ᠬᠠᠮᠲᠤ ᠱᠠᠩᠨᠠᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠬᠥᠮᠦᠰ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠶ  ᠃    ( ᠬᠤᠶᠠᠷ ) ᠰᠢᠯᠭᠠᠨ ᠠᠪᠬᠤ ᠠᠷᠭ᠎ᠠ᠄ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠶ᠎ᠠ ᠭᠠᠵᠠᠷ ᠤᠨ ᠰᠢᠶᠠᠩ ᠪᠠᠯᠭᠠᠰᠤ ᠪᠣᠯᠤᠨ ᠪᠠᠶᠢᠭ᠎ᠠ ᠭᠠᠴᠠᠭ᠎ᠠ ᠲᠣᠰᠬᠤᠨ ᠬᠠᠮᠲᠤᠷᠠᠨ ᠴᠠᠭ ᠲᠤᠨᠢ ᠲᠣᠬᠢᠷᠠᠭᠤᠯᠤᠨ ᠰᠢᠯᠭᠠᠨ ᠠᠪᠴᠤ᠂ ᠰᠢᠯᠭᠠᠨ ᠠᠪᠤᠭᠰᠠᠨ ᠦᠷ᠎ᠡ ᠲᠦᠩ ᠢ ᠦᠨᠳᠦᠰᠦᠯᠡᠨ ᠱᠠᠩᠨᠠᠬᠤ ᠡᠲᠡᠭᠡᠳ ᠢᠶᠠᠨ ᠲᠣᠭᠲᠠᠭᠠᠬᠤ ᠬᠡᠷᠡᠭᠲᠡᠶ  ᠃    ( ᠭᠤᠷᠪᠠ ) ᠰᠢᠯᠭᠠᠨ ᠠᠪᠬᠤ ᠳᠡᠰ ᠳᠠᠷᠠᠭᠠᠯᠠᠯ᠄ ᠱᠠᠩᠨᠠᠬᠤ ᠳᠡᠰ ᠳᠠᠷᠠᠭᠠᠯᠠᠯ ᠢ 《 ᠭᠤᠣᠯ ᠴᠣᠭᠴᠠ ᠨᠢ ᠮᠡᠳᠡᠭᠦᠯᠬᠦ᠂ ᠰᠢᠶᠠᠩ ᠪᠠᠯᠭᠠᠰᠤ ᠬᠢᠨᠠᠨ ᠬᠠᠷᠭᠤᠭᠤᠯᠬᠤ᠂ ᠣᠷᠣᠨ ᠤ ᠱᠠᠲᠤ ᠬᠢᠨᠠᠨ ᠲᠣᠭᠲᠠᠭᠠᠬᠤ 》 ᠵᠠᠷᠴᠢᠮ ᠤᠨ ᠶᠣᠰᠣᠭᠠᠷ ᠬᠡᠷᠡᠭᠵᠢᠭᠦᠯᠦᠨ᠎ᠡ  ᠃   1 . ᠵᠢᠯ ᠤᠨ ᠡᠬᠢᠨ ᠳᠤ ᠭᠤᠶᠤᠴᠢᠯᠠᠨ ᠮᠡᠳᠡᠭᠦᠯᠬᠦ᠄ ᠭᠤᠶᠤᠴᠢᠯᠠᠨ ᠮᠡᠳᠡᠭᠦᠯᠬᠦ ᠡᠲᠡᠭᠡᠳ ᠭᠤᠶᠤᠴᠢᠯᠠᠨ ᠮᠡᠳᠡᠭᠦᠯᠬᠦ ᠪᠢᠴᠢᠭ ᠢ ᠲᠠᠭᠯᠠᠬᠤ ᠶᠢᠨ ᠬᠠᠮᠲᠤ ᠡᠷᠭᠢᠯᠲᠡ ᠶᠢᠨ ᠭᠡᠷ᠎ᠡ ᠶᠢ ᠲᠤᠰᠢᠶᠠᠬᠤ ᠶᠢᠨ ᠬᠠᠮᠲᠤ ᠡᠷᠭᠢᠯᠲᠡ ᠶᠢᠨ ᠲᠠᠯᠠᠪᠠᠶ ᠶᠢ ᠨᠤᠲᠠᠯᠠᠨ ᠲᠣᠭᠲᠠᠭᠠᠨ᠎ᠠ  ᠃   2 . ᠳᠤᠮᠳᠠ ᠬᠤᠭᠤᠴᠠᠭᠠᠨ ᠤ ᠬᠢᠨᠠᠨ ᠰᠢᠯᠭᠠᠯᠲᠠ᠄ ᠵᠢᠯ ᠪᠦᠷᠢ ᠶᠢᠨ 7 - 8 ᠰᠠᠷ᠎ᠠ ᠳᠤ ᠪᠣᠳᠠᠲᠠᠶ ᠳᠠᠷᠢᠬᠤ ᠲᠠᠯᠠᠪᠠᠶ ᠶᠢ ᠬᠢᠨᠠᠨ ᠲᠣᠭᠲᠠᠭᠠᠵᠤ᠂ ᠭᠤᠶᠤᠴᠢᠯᠠᠬᠤ ᠡᠲᠡᠭᠡᠳ ᠤᠨ ᠪᠣᠳᠠᠲᠠᠶ ᠳᠠᠷᠢᠬᠤ ᠲᠠᠯᠠᠪᠠᠶ ᠳᠠᠬᠢ ᠳᠤᠮᠳᠠ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢᠨ ᠪᠠᠶᠢᠳᠠᠯ ᠳᠤ ᠲᠤᠭ᠎ᠠ ᠬᠡᠮᠵᠢᠶ᠎ᠡ᠂ ᠵᠤᠵᠠᠭᠠᠨ ᠤ ᠬᠡᠮᠵᠢᠶ᠎ᠡ ᠶᠢ ᠬᠢᠨᠠᠨ ᠬᠠᠷᠭᠤᠭᠤᠯᠵᠤ᠂ ᠭᠤᠶᠤᠴᠢᠯᠠᠬᠤ ᠡᠲᠡᠭᠡᠳ ᠢ ᠭᠡᠷᠡᠴᠢᠯᠡᠬᠦ ᠮᠠᠲ᠋ᠧᠷᠢᠶᠠᠯ ᠬᠠᠩᠭᠠᠬᠤ ᠶᠢ ᠱᠠᠭᠠᠷᠳᠠᠨ᠎ᠠ︔ ᠭᠤᠶᠤᠴᠢᠯᠠᠭᠰᠠᠨ ᠡᠲᠡᠭᠡᠳ ᠤᠨ ᠪᠣᠳᠠᠲᠠᠶ ᠲᠠᠷᠢᠭᠰᠠᠨ ᠲᠠᠯᠠᠪᠠᠶ ᠳᠠᠬᠢ ᠲᠠᠷᠢᠶᠠᠨ ᠡᠮ᠂ ᠬᠢᠮᠢ ᠶᠢᠨ ᠪᠣᠷᠳᠣᠭᠤᠷ ᠬᠡᠷᠡᠭᠯᠡᠵᠦ ᠪᠠᠶᠢᠭ᠎ᠠ ᠪᠠᠶᠢᠳᠠᠯ᠂ ᠰᠢᠭᠡᠭ ᠪᠣᠷᠳᠣᠭᠤᠷ᠂ ᠣᠷᠭᠠᠨᠢᠭ ᠪᠣᠷᠳᠣᠭᠤᠷ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠬᠠᠷᠭᠤᠭᠤᠯᠵᠤ᠂ ᠭᠤᠶᠤᠴᠢᠯᠠᠭᠰᠠᠨ ᠡᠲᠡᠭᠡᠳ ᠢ ᠭᠡᠷᠡᠴᠢᠯᠡᠬᠦ ᠮᠠᠲ ᠧᠷᠢᠶᠠᠯ ᠬᠠᠩᠭᠠᠯᠭᠠᠬᠤ ᠪᠠᠷ ᠱᠠᠭᠠᠷᠳᠠᠬᠤ ᠬᠡᠷᠡᠭᠲᠡᠶ  ᠃   3 . ᠵᠢᠯ ᠤᠨ ᠡᠴᠦᠰ ᠤᠨ ᠰᠢᠯᠭᠠᠯᠲᠠ᠄ ᠨᠠᠮᠤᠷ ᠤᠨ ᠬᠤᠷᠢᠶᠠᠯᠲᠠ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠲᠤᠨᠢ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠡᠰᠢ ᠰᠦᠷᠡᠯ ᠤᠨ ᠦᠯᠡᠳᠡᠭᠳᠡᠯ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠨ᠎ᠠ  ᠃   4 . ᠬᠢᠨᠠᠵᠤ ᠰᠢᠯᠭᠠᠨ ᠠᠪᠤᠭᠰᠠᠨ ᠦᠷ᠎ᠡ ᠳ᠋᠊ ᠦᠩ ᠢ ᠦᠨᠳᠦᠰᠦᠯᠡᠨ᠂ ᠱᠠᠩᠨᠠᠯ ᠤᠨ ᠪᠡᠯᠡ ᠮᠥᠩᠭᠦ ᠶᠢ ᠲᠤᠰ ᠵᠢᠯ ᠤᠨ ᠡᠳ ᠤᠨ ᠵᠠᠰᠠᠭ ᠤᠨ ᠲᠥᠰᠦᠪ ᠲᠤ ᠣᠷᠣᠭᠤᠯᠤᠨ ᠰᠠᠯᠭᠠᠨ ᠥᠭᠭᠦᠨ᠎ᠡ  ᠃   5 . ᠱᠠᠩᠨᠠᠯ ᠤᠨ ᠪᠡᠯᠡ ᠮᠥᠩᠭᠦ ᠶᠢ ᠵᠢᠯ ᠪᠦᠷᠢ ᠶᠢᠨ ᠵᠢᠯ ᠤᠨ ᠡᠴᠦᠰ ᠲᠤ ᠬᠢᠨᠠᠨ ᠰᠢᠯᠭᠠᠵᠤ ᠳᠠᠭᠤᠰᠤᠭᠰᠠᠨ ᠤ ᠳᠠᠷᠠᠭ᠎ᠠ ᠨᠢᠭᠡ ᠤᠳᠠᠭ᠎ᠠ ᠶᠢᠨ ᠴᠢᠨᠠᠷᠲᠠᠶ ᠰᠠᠯᠭᠠᠨ ᠥᠭᠭᠦᠨ᠎ᠡ  ᠃ ᠱᠠᠩᠨᠠᠯ ᠤᠨ ᠪᠠᠯᠠ ᠮᠥᠩᠭᠦ ᠶᠢ ᠰᠢᠯᠵᠢᠭᠦᠯᠦᠨ ᠥᠭᠬᠦ ᠠᠴᠠ ᠡᠮᠦᠨ᠎ᠡ᠂ ᠡᠷᠭᠢᠯᠲᠡ ᠶᠢᠨ ᠭᠤᠤᠯ ᠴᠣᠭᠴᠠ ᠨᠢ ᠳᠠᠷᠠᠭ᠎ᠠ ᠵᠢᠯ ᠤᠨ ᠲᠦᠷᠢᠶᠡᠰᠦᠨ ᠭᠠᠵᠠᠷ ᠤᠨ ᠵᠠᠷᠤᠳᠠᠯ ᠎ ᠢ ᠤᠷᠢᠳᠠᠪᠠᠷ ᠥᠭᠬᠦ ᠬᠡᠷᠡᠭᠲᠡᠶ  ᠃ ᠲᠦᠷᠢᠶᠡᠰᠦᠨ ᠭᠠᠵᠠᠷ ᠤᠨ ᠵᠠᠷᠤᠳᠠᠯ ᠥᠭᠬᠦ ᠭᠡᠷᠡᠴᠢ ᠪᠠᠷᠢᠮᠲᠠ ᠶᠢ ᠱᠠᠩᠨᠠᠯ ᠤᠨ ᠪᠠᠯᠠ ᠮᠥᠩᠭᠦ ᠰᠠᠯᠭᠠᠨ ᠥᠭᠬᠦ ᠴᠢᠬᠤᠯᠠ ᠪᠥᠬᠦᠶ ᠨᠥᠬᠦᠴᠡᠯ ᠤᠨ ᠨᠢᠭᠡ ᠪᠣᠯᠭᠠᠨ᠎ᠠ  ᠃ᠵᠢᠷᠭᠤᠭ᠎ᠠ᠂ ᠢᠯᠡᠴᠢᠯᠡᠨ ᠮᠡᠳᠡᠭᠦᠯᠬᠦ ᠪᠠ ᠬᠢᠨᠠᠨ ᠪᠠᠶᠢᠴᠠᠭᠠᠬᠤ  ᠃ᠲᠠᠷᠢᠶᠠᠯᠠᠬᠤ ᠡᠷᠦᠬᠡ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠲᠣᠰᠬᠤᠨ ᠤ ᠬᠠᠮᠲᠤ ( ᠬᠤᠪᠢ ᠣᠷᠣᠭᠤᠯᠤᠭᠰᠠᠨ )᠎ ᠶᠢᠨ ᠠᠵᠤ ᠠᠬᠤᠶ ᠶᠢᠨ ᠬᠤᠷᠰᠢᠶ᠎ᠠ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠨᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠶᠠᠮᠠᠷᠪᠠ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠱᠠᠩᠨᠠᠯ ᠬᠦᠷᠲᠡᠬᠦ ᠬᠢᠷᠢ ᠬᠡᠮ ᠢ ᠨᠢ ᠳᠠᠷᠤᠶᠢᠬᠠᠨ ᠬᠦᠴᠦᠨ ᠦᠭᠡᠶ ᠪᠣᠯᠭᠠᠬᠤ ᠶᠢᠨ ᠬᠠᠮᠲᠤ ᠲᠤᠬᠠᠶᠢᠲᠠᠶ ᠬᠥᠮᠦᠨ ᠵᠢᠴᠢ ᠬᠠᠮᠢᠶ᠎ᠠ ᠪᠦᠬᠦᠢ ᠠᠵᠢᠯᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ  ᠃ ᠠᠵᠢᠯ ᠤᠨ ᠳᠤᠮᠳᠠ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠵᠡᠷᠭᠡ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠤᠳᠤᠷᠢᠳᠬᠤ ᠺᠠᠳ᠋ᠷ ᠪᠠ ᠠᠵᠢᠯᠳᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠪᠡ  ᠃ ᠳᠣᠯᠤᠭ᠎ᠠ᠂ ᠳᠠᠭᠠᠯᠳᠤᠭᠤᠯᠤᠭᠰᠠᠨ ᠳᠦᠷᠢᠮ  1 . ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠭᠤᠷᠪᠠᠨ ᠵᠢᠯ ᠲᠤᠷᠰᠢᠨ ᠬᠡᠷᠡᠭᠵᠢᠭᠦᠯᠦᠨ᠎ᠡ ( 2021 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ 2023 ᠣᠨ ᠤ 12 ᠳ᠋ᠤᠭᠠᠷ ᠰᠠᠷ᠎ᠠ ᠎ ᠶᠢᠨ 31᠎ ᠤ ᠡᠳᠦᠷ )  ᠃  2 . ᠲᠤᠰ ᠠᠷᠭ᠎ᠠ ᠶᠢ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ  ᠃  3 . ᠱᠠᠩᠨᠠᠯ ᠤᠨ ᠪᠡᠯᠡ ᠮᠥᠩᠭᠦ ᠶᠢ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠨᠢᠭᠡᠳᠦᠯᠲᠡᠶ ᠴᠤᠭᠯᠠᠭᠤᠯᠤᠨ᠎ᠠ  ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号