ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠠᠷᠬᠠᠭᠠᠭᠰᠠᠨ | 〔2021〕33ᠳ᠋ᠤᠭᠠᠷ ᠲᠣᠭᠠᠲᠤ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 《 ᠰᠢᠭᠤᠶᠢᠲᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ | ᠭᠠᠵᠠᠷ ᠰᠢᠷᠣᠶ ᠲᠠᠲᠠᠪᠤᠷᠢᠯᠠᠬᠤ ᠶᠢ ᠳᠠᠷᠤᠮᠠᠯᠯᠠᠨ ᠲᠠᠷᠬᠠᠭᠠᠬᠤ ᠲᠤᠬᠠᠶ ᠲᠥᠰᠦᠯ ᠤᠨ ᠮᠡᠳᠡᠭᠳᠡᠯ | ᠪᠡᠳᠬᠡᠷ ᠵᠣᠣ ᠪᠠᠯᠭᠠᠰᠤ᠂ ᠰᠢᠭᠤᠶᠢᠲᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ | ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 《 ᠰᠢᠭᠤᠶᠢᠲᠤ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠭᠠᠵᠠᠷ ᠰᠢᠷᠣᠶ | ᠲᠠᠲᠠᠪᠤᠷᠢᠯᠠᠬᠤ 《 ᠲᠥᠰᠦᠯ 》 ᠢ ᠲᠠ ᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠶ ᠲᠠᠢ ᠪᠠᠨ | ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ ᠃ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 7 ᠳ᠋ᠤᠭᠠᠷ ᠰᠠᠷ᠎ᠠ ᠶᠢᠨ 1 ᠤ ᠡᠳᠦᠷ | | ᠰᠢᠭᠤᠶᠢᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠵᠦᠢᠯᠡᠰ ᠲᠤ | ᠬᠡᠷᠡᠭᠯᠡᠬᠦ ᠭᠠᠵᠠᠷ ᠰᠢᠷᠣᠢ ᠶᠢ ᠲᠠᠲᠠᠪᠤᠷᠢᠯᠠᠬᠤ ᠲᠥᠰᠦᠯ ᠃ᠠᠵᠤ ᠦᠶᠯᠡᠳᠪᠦᠷᠢ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠶᠢᠨ ᠲᠥᠯᠥᠭᠡ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ | ᠤᠨ ᠦᠢᠯᠡᠳᠪᠦᠷᠢᠯᠡᠯ ᠪᠠ ᠲᠥᠯᠥᠪᠵᠢᠭᠦᠯᠭᠡ ᠶᠢᠨ ᠬᠡᠷᠡᠭᠴᠡᠭᠡ ᠶᠢ ᠬᠠᠩᠭᠠᠨ᠎ᠠ᠂ ᠭᠠᠵᠠᠷ ᠰᠢᠷᠣᠢ ᠶᠢᠨ ᠲᠠᠲᠠᠪᠤᠷᠢᠯᠠᠯᠲᠠ | ᠶᠢᠨ ᠲᠥᠯᠥᠪᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠂ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠬᠠᠮᠠᠭᠠᠯᠠᠨ᠎ᠠ᠂ ᠬᠥᠳᠡᠭᠡ ᠲᠣᠰᠬᠤᠨ ᠤ | ᠭᠠᠴᠠᠭᠠᠨ ᠤ ᠠᠷᠠᠳ ᠵᠢᠴᠢ ᠪᠤᠰᠤᠳ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ᠂ 《 ᠪᠥᠬᠦᠳᠡ | ᠨᠠᠢᠷᠠᠮᠳᠠᠬᠤ ᠳᠤᠮᠳᠠᠳᠤ ᠠᠷᠠᠳ ᠤᠯᠤᠰ ᠠᠴᠠ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ 》 ᠶᠢ | ᠦᠨᠳᠦᠰᠦᠯᠡᠪᠡᠯ᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ | ᠶᠢᠨ ᠬᠠᠤᠯᠢ ᠶᠢ ᠬᠡᠷᠡᠭᠵᠢᠭᠦᠯᠬᠦ ᠲᠦᠷᠢᠮ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 〈 ᠤ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ 〉 ᠶᠢ | ᠬᠡᠷᠡᠭᠵᠢᠭᠦᠯᠬᠦ ᠠᠷᠭ᠎ᠠ 》᠂ 《 ᠪᠤᠭᠤᠲᠤ ᠬᠤᠲᠠ ᠶᠢᠨ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ ᠵᠢᠴᠢ | ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠨ ᠨᠤᠷᠠᠭᠠᠬᠤ ᠨᠥᠬᠦᠪᠥᠷᠢ ᠶᠢᠨ ᠲᠦᠷ ᠬᠡᠷᠡᠭᠵᠢᠭᠦᠯᠬᠦ ᠠᠷᠭ᠎ᠠ 》 ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠭᠤᠶᠢᠲᠤ | ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠠᠬᠢ ᠭᠤᠣᠯᠳᠠᠯᠭ᠎ᠠ ᠲᠠᠢ ᠵᠦᠢᠯᠡᠰ | ᠤᠨ ᠭᠠᠵᠠᠷ ᠰᠢᠷᠣᠢ ᠶᠢ ᠲᠠᠲᠠᠪᠤᠷᠢᠯᠠᠬᠤ ᠲᠥᠰᠦᠯ ᠢ ᠣᠨᠴᠠᠭᠠᠶᠢᠯᠠᠨ ᠲᠣᠭᠲᠠᠭᠠᠪᠠ ᠃ | ᠨᠢᠭᠡ᠂ ᠭᠠᠵᠠᠷ ᠰᠢᠷᠣᠢ ᠲᠠᠲᠠᠪᠤᠷᠢᠯᠠᠬᠤ ᠠᠵᠢᠯ ᠤᠨ ᠤᠳᠤᠷᠢᠳᠬᠤ ᠳᠤᠭᠤᠶᠢᠯᠠᠩ | ᠢ ᠪᠠᠶᠢᠭᠤᠯᠤᠨ᠎ᠠ ᠃ | ᠳᠤᠭᠤᠶᠢᠯᠠᠩ ᠤᠨ ᠳᠠᠷᠤᠭ᠎ᠠ᠄ ᠯᠢ ᠰᠢᠶᠠᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ᠲ᠋ᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠷᠧᠨ ᠸᠧᠨ ᠴᠢᠶᠠᠩ ᠤᠨ ᠪᠠᠳᠺᠠᠷ ᠵᠣᠣ ᠪᠠᠯᠭᠠᠰᠤᠨ ᠤ ᠳᠠᠷᠤᠭ᠎ᠠ | ᠰᠢᠶᠤᠤ ᠹᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ( ᠵᠠᠰᠠᠭ ᠵᠠᠬᠢᠷᠭᠠᠨ ᠤ ᠠᠵᠢᠯ | ᠢ ᠡᠷᠭᠢᠯᠡᠳᠡᠭ ) | ᠸᠠᠩ ᠰᠢᠤᠢ ᠳ᠋ᠦᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠭᠦᠸᠧ ᠽᠧ ᠬᠤᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠴᠧᠨ ᠰᠢᠨ ᠢᠦ᠋ᠶ ᠰᠢᠭᠤᠶᠢᠲᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠬᠡᠯᠲᠡᠰ ᠤᠨ ᠳᠠᠷᠤᠭ᠎ᠠ | ᠭᠡᠰᠢᠭᠦᠨ᠄ ᠵᠠᠩ ᠢᠦ᠋ᠶ ᠡᠦ ᠳ᠋ᠠᠩ ᠵᠣᠣ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ | ᠲᠥᠪ ᠤᠨ ᠡᠷᠬᠢᠯᠡᠭᠴᠢ | ᠪᠠᠢ ᠫᠢᠩ ᠫᠢᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠥᠯᠥᠪᠵᠢᠭᠦᠯᠭᠡ ᠶᠢᠨ | ᠰᠠᠯᠠᠭᠠᠨ ᠤ ᠳᠠᠷᠤᠭ᠎ᠠ | ᠮᠠ ᠵᠢᠶᠦ᠋ᠨ ᠯᠢᠶᠠᠩ ᠪᠠᠳᠺᠠᠷ ᠵᠣᠣ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠦᠶᠯᠡᠴᠢᠯᠡᠭᠡᠨ ᠤ ᠲᠥᠪ | ᠤᠨ ᠭᠡᠰᠢᠭᠦᠴᠢ ᠃ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ | ᠪᠡᠳᠬᠡᠷ ᠵᠣᠣ ᠪᠠᠯᠭᠠᠰᠤ ᠲᠦᠷᠦᠭᠦᠯᠡᠨ᠂ ᠠᠽᠢ ᠰᠢᠨ ᠯᠦᠩ ᠱᠦᠨ ᠺᠣᠮᠫᠠᠨᠢ ᠲᠥᠷᠥᠯ ᠵᠦᠶᠯ ᠢ ᠬᠡᠷᠡᠭᠵᠢᠭᠦᠯᠬᠦ | ᠣᠷᠣᠨ ᠪᠦᠰᠡ ᠶᠢᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠵᠢᠴᠢ ᠡᠳᠦᠷ ᠲᠤᠲᠤᠮ ᠤᠨ ᠠᠵᠢᠯ᠂ | ᠨᠡᠶᠢᠭᠡᠮ ᠤᠨ ᠵᠥᠷᠢᠴᠡᠯ ᠢ ᠰᠢᠶᠳᠪᠦᠷᠢᠯᠡᠬᠦ ᠠᠵᠢᠯ ᠢ ᠬᠠᠮᠵᠢᠯᠴᠠᠨ ᠬᠠᠷᠢᠭᠤᠴᠠᠨ᠎ᠠ︔ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠨᠢ ᠭᠠᠵᠠᠷ ᠰᠢᠷᠣᠶ ᠶᠢᠨ ᠲᠥᠷᠥᠯ ᠢ ᠲᠣᠭᠲᠠᠭᠠᠬᠤ᠂ ᠲᠠᠲᠠᠪᠤᠷᠢᠯᠠᠬᠤ ᠵᠥᠪᠳᠡᠯᠴᠡᠬᠡᠷ ᠢ | ᠬᠢᠨᠠᠨ ᠬᠠᠷᠭᠤᠭᠤᠯᠬᠤ ᠵᠢᠴᠢ ᠵᠠᠯᠭᠠᠮᠵᠢ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ | ᠬᠠᠷᠢᠭᠤᠴᠠᠨ᠎ᠠ︔ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠪᠡᠳᠭᠡᠷ ᠵᠣᠣ ᠪᠠᠯᠭᠠᠰᠤ ᠭᠠᠵᠠᠷ ᠰᠢᠷᠣᠶ | ᠲᠠᠲᠠᠪᠤᠷᠢᠯᠠᠬᠤ ᠬᠡᠪᠴᠢᠶᠡᠨ ᠳᠠᠬᠢ ᠲᠠᠷᠠᠬᠠᠶ ᠪᠤᠲᠠᠷᠬᠠᠶ ᠪᠤᠯᠠᠰᠢ ᠶᠢ ᠨᠡᠭᠦᠯᠭᠡᠬᠦ ᠶᠢ ᠬᠠᠮᠲᠤ ᠪᠠᠷ ᠬᠠᠷᠢᠭᠤᠴᠠᠨ᠎ᠠ︔ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠭᠠᠵᠠᠷ ᠰᠢᠷᠣᠶ ᠬᠤᠳᠠᠯᠳᠤᠨ | ᠠᠪᠴᠤ ᠨᠥᠭᠡᠴᠡᠯᠡᠬᠦ ᠬᠤᠭᠤᠴᠠᠭᠠᠨ ᠳᠠᠬᠢ ᠠᠵᠤ ᠠᠬᠤᠶᠢᠯᠠᠯ ᠤᠨ ᠦᠶᠯᠡᠴᠢᠯᠡᠭᠡᠨ ᠤ ᠪᠠᠲᠤᠯᠠᠭ᠎ᠠ ᠶᠢ ᠬᠠᠷᠢᠭᠤᠴᠠᠨ᠎ᠠ ᠃ | ᠣᠷᠣᠨ ᠤ ᠡᠳ᠋ ᠤᠨ ᠵᠠᠰᠠᠭ ᠤᠨ ᠲᠣᠪᠴᠢᠶ᠎ᠠ ᠨᠢ ᠭᠠᠵᠠᠷ ᠰᠢᠷᠣᠶ ᠲᠠᠲᠠᠪᠤᠷᠢᠯᠠᠬᠤ ᠯᠤᠭ᠎ᠠ ᠬᠤᠯᠪᠣᠭᠳᠠᠬᠤ ᠪᠡᠯᠡ | ᠮᠥᠩᠭᠦ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠬᠤ ᠬᠡᠷᠡᠭᠲᠡᠶ ᠃ | ᠭᠤᠷᠪᠠ᠂ ᠭᠠᠵᠠᠷ ᠰᠢᠷᠣᠢ ᠲᠠᠲᠠᠪᠤᠷᠢᠯᠠᠬᠤ ᠬᠡᠪᠴᠢᠶ᠎ᠡ | ᠭᠠᠵᠠᠷ ᠰᠢᠷᠣᠢ ᠲᠠᠲᠠᠪᠤᠷᠢᠯᠠᠬᠤ ᠬᠡᠪᠴᠢᠶ᠎ᠡ ᠨᠢ ᠡᡁᠸᠤ ᠪᠠ᠂ ᠪᠸᠢ ᠹᠦ᠋ ᠶᠦᠩ ᠵᠢᠤᠢ᠂ ᠳ᠋ᠠᠩ ᠫᠦ ᠶᠣᠣ ᠲᠣᠰᠬᠤᠨ | ᠤ ᠳᠤᠭᠤᠶᠢᠯᠠᠩ ᠳᠤ ᠬᠤᠯᠪᠣᠭᠳᠠᠵᠤ᠂ ᠵᠢᠩ ᠸᠧᠢ ᠨᠧᠩ ᠬᠤᠸᠠ ᠺᠣᠮᠫᠠᠨᠢ ᠶᠢᠨ ᠪᠠᠷᠠᠭᠤᠨ ᠡᠭᠦᠳᠡ ᠪᠠᠷ ᠪᠠᠷᠠᠭᠤᠨᠰᠢ | ᠪᠠᠨ ᠤᠮᠠᠷᠠᠰᠢ᠂ ᠶᠠ ᠰᠢᠨ ᠯᠦᠩ ᠱᠦᠨ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠬᠦᠳᠡᠷ ᠤᠨ ᠰᠢᠭᠠᠷᠤ ᠶᠢᠨ | ᠪᠢᠴᠢᠯ ᠨᠤᠨᠲᠠᠭ ᠤᠨ ᠦᠢᠯᠡᠳᠪᠦᠷᠢ ᠶᠢᠨ ᠲᠠᠰᠤᠬ ᠤᠨ ᠪᠠᠷᠠᠭᠤᠨ ᠡᠮᠦᠨ᠎ᠡ ᠵᠢᠴᠢ ᠠᠰ ᠤᠮᠠᠷᠠᠲᠤ ᠶᠢᠨ ᠠᠭᠤᠯᠠᠨ | ᠬᠥᠲᠥᠯ ᠳᠤ ᠪᠠᠶᠢᠷᠢᠯᠠᠵᠤ᠂ 1750 . 07 ᠮᠦ ᠶᠢᠨ ᠲᠠᠯᠠᠪᠠᠢ ᠲᠠᠢ ᠃ | ᠲᠦᠷᠪᠡ᠂ ᠭᠠᠵᠠᠷ ᠰᠢᠷᠣᠢ ᠶᠢ ᠲᠠᠲᠠᠪᠤᠷᠢᠯᠠᠬᠤ ᠲᠥᠯᠥᠪᠦᠷᠢ ᠶᠢᠨ ᠴᠠᠭ ᠬᠤᠭᠤᠴᠠᠭ᠎ᠠ ᠨᠥᠬᠦᠪᠥᠷᠢᠯᠡᠬᠦ ᠭᠡᠷ᠎ᠡ | ᠲᠣᠭᠲᠠᠭᠰᠠᠨ ᠤ ᠳᠠᠷᠠᠭ᠎ᠠ ᠭᠤᠷᠪᠠᠨ ᠰᠠᠷ᠎ᠠ ᠶᠢᠨ ᠳᠣᠲᠣᠷ᠎ᠠ ᠥᠭᠬᠦ ᠬᠡᠷᠡᠭᠲᠡᠶ ᠃ | ᠲᠠᠪᠤ᠂ ᠭᠠᠵᠠᠷ ᠰᠢᠷᠣᠢ ᠵᠢᠴᠢ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠬᠤ ᠨᠥᠬᠦᠪᠥᠷᠢ ᠶᠢᠨ ᠪᠠᠷᠢᠮᠵᠢᠶ᠎ᠠ | ( ᠨᠢᠭᠡ ) ᠭᠠᠵᠠᠷ ᠰᠢᠷᠣᠢ ᠶᠢᠨ ᠲᠥᠯᠥᠪᠦᠷᠢ ᠶᠢᠨ ᠰᠦᠢᠳᠬᠡᠯ | ᠤᠰᠤᠨ ᠲᠠᠷᠢᠶ᠎ᠠ ᠶᠢᠨ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ 35300 ᠲᠥᠭᠦᠷᠢᠭ᠂ ᠬᠠᠭᠤᠷᠠᠶ ᠲᠠᠷᠢᠶ᠎ᠠ | ᠶᠢᠨ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ 20000 ᠲᠥᠭᠦᠷᠢᠭ᠂ ᠣᠶ ᠮᠣᠳᠣᠨ ᠤ ᠭᠠᠵᠠᠷ ᠤᠨ ᠨᠥᠬᠦᠪᠥᠷᠢ | ᠶᠢᠨ ᠪᠠᠷᠢᠮᠵᠢᠶ᠎ᠠ ᠨᠢ ᠮᠦ ᠪᠦᠷᠢ 8600 ᠲᠥᠭᠦᠷᠢᠭ᠂ ᠴᠡᠴᠡᠷᠯᠢᠭ ᠤᠨ ᠭᠠᠵᠠᠷ ᠤᠨ ᠨᠥᠬᠦᠪᠥᠷᠢ ᠶᠢᠨ ᠪᠠᠷᠢᠮᠵᠢᠶ᠎ᠠ ᠨᠢ | ᠮᠦ ᠪᠦᠷᠢ 14300 ᠲᠥᠭᠦᠷᠢᠭ᠂ ᠪᠡᠯᠴᠢᠭᠡᠷ ᠤᠨ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ 6300 ᠲᠥᠭᠦᠷᠢᠭ | ᠪᠣᠯᠤᠨ᠎ᠠ ᠃ ᠳᠡᠭᠡᠷ᠎ᠡ ᠳᠤᠷᠠᠳᠤᠭᠰᠠᠨ ᠨᠥᠬᠦᠪᠥᠷᠢ ᠳᠤ ᠭᠠᠴᠠᠭᠠᠨ ᠤ ᠬᠠᠮᠲᠤ ᠶᠢᠨ ᠬᠥᠭᠵᠢᠯᠲᠡ ᠶᠢᠨ ᠰᠠᠭᠤᠷᠢ | ᠮᠥᠩᠭᠦ 300 ᠲᠥᠭᠦᠷᠢᠭ ᠮᠦ ᠪᠠᠭᠲᠠᠨ᠎ᠠ ᠃ | ( ᠬᠤᠶᠠᠷ ) ᠭᠠᠵᠠᠷ ᠳᠡᠭᠡᠷᠡᠬᠢ ᠲᠠᠭᠠᠯᠳᠠ ᠪᠣᠳᠠᠰ ᠤᠨ ᠲᠥᠯᠥᠪᠦᠷᠢ ᠶᠢᠨ ᠰᠦᠢᠳᠬᠡᠯ | 1 ᠭᠠᠵᠠᠷ ᠳᠡᠭᠡᠷᠡᠬᠢ ᠲᠠᠭᠠᠯᠳᠠ ᠪᠣᠳᠠᠰ ᠤᠨ ᠲᠥᠯᠥᠪᠦᠷᠢ ᠶᠢ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ | ᠺᠣᠮᠫᠠᠨᠢ ᠶᠢᠨ ᠦᠨᠡᠯᠡᠨ ᠵᠢᠱᠢᠭᠰᠡᠨ ᠦᠨ᠎ᠡ ᠶᠢ ᠦᠨᠳᠦᠰᠦᠯᠡᠨ ᠲᠥᠯᠥᠪᠦᠷᠢ ᠥᠭᠭᠦᠨ᠎ᠡ ᠃ | 2 . ᠲᠠᠷᠢᠶᠠᠯᠠᠩ ᠤᠨ ᠤᠰᠤᠨ ᠠᠰᠢᠭᠯᠠᠯᠲᠠ᠂ ᠮᠠᠰᠢᠨ ᠴᠠᠬᠢᠯᠭᠠᠨ ᠢᠶᠠᠷ ᠤᠰᠤ ᠵᠠᠯᠠᠬᠤ ᠪᠡᠯᠡᠳᠬᠡᠮᠵᠢ᠂ ᠴᠠᠬᠢᠯᠭᠠᠨ | ᠬᠦᠴᠦᠨ᠂ ᠷᠠᠳᠢᠣ ᠨᠡᠪᠲᠡᠷᠡᠭᠦᠯᠭᠡ᠂ ᠴᠢᠮᠡᠭᠡ ᠬᠤᠯᠪᠣᠭᠠᠨ ᠤ ᠪᠡᠯᠡᠳᠬᠡᠮᠵᠢ᠂ ᠦᠶᠡᠷ ᠢ ᠰᠡᠷᠭᠡᠶᠢᠯᠡᠬᠦ ᠪᠡᠯᠡᠳᠬᠡᠮᠵᠢ | ᠵᠢᠴᠢ ᠪᠤᠰᠤᠳ ᠳᠠᠭᠠᠯᠲᠠ ᠡᠳ ᠤᠨ ᠨᠤᠷᠠᠭᠠᠬᠤ ᠴᠢᠬᠤᠯᠠ ᠲᠠᠢ ᠮᠥᠷᠲᠡᠭᠡᠨ ᠨᠡᠭᠦᠯᠭᠡᠨ ᠰᠢᠯᠵᠢᠭᠦᠯᠵᠦ ᠪᠣᠯᠬᠤ ᠶᠢ ᠨᠢ | ᠥᠮᠴᠢᠯᠡᠬᠦ ᠡᠷᠬᠡ ᠲᠠᠢ ᠨᠢᠭᠡᠴᠡ ᠥᠪᠡᠷ ᠲᠡᠭᠡᠨ ᠬᠠᠷᠢᠭᠤᠴᠠᠬᠤ ᠶᠢᠨ ᠬᠠᠮᠲᠤ ᠨᠡᠭᠦᠯᠭᠡᠨ ᠰᠢᠯᠵᠢᠭᠦᠯᠬᠦ ᠰᠦᠢᠳᠬᠡᠯ | ᠥᠭᠴᠦ᠂ ᠨᠡᠭᠦᠯᠭᠡᠨ ᠰᠢᠯᠵᠢᠭᠦᠯᠬᠦ ᠰᠦᠢᠳᠬᠡᠯ ᠢ ᠲᠤᠰ ᠬᠤᠲᠠ ᠪᠣᠯᠤᠨ ᠮᠠᠨ ᠤ ᠣᠷᠣᠨ ᠤ ᠲᠣᠭᠲᠠᠭᠠᠭᠰᠠᠨ | ᠲᠡᠭᠡᠭᠡᠪᠦᠷᠢ ᠶᠢᠨ ᠦᠨ᠎ᠡ ᠬᠠᠩᠰᠢ᠂ ᠤᠭᠰᠠᠷᠠᠬᠤ ᠦᠨ᠎ᠡ ᠬᠠᠩᠰᠢ ᠪᠠᠷ ᠲᠣᠭᠲᠠᠭᠠᠨ᠎ᠠ︔ ᠨᠡᠭᠦᠯᠭᠡᠨ ᠰᠢᠯᠵᠢᠭᠦᠯᠵᠦ | ᠪᠣᠯᠬᠤ ᠦᠭᠡᠢ ᠪᠠᠶᠢᠪᠠᠯ᠂ ᠲᠠᠬᠢᠨ ᠪᠠᠶᠢᠭᠤᠯᠬᠤ ᠦᠨ᠎ᠡ ᠶᠢ ᠦᠨᠳᠦᠰᠦᠯᠡᠨ ᠨᠥᠬᠦᠪᠥᠷᠢ ᠥᠭᠭᠦᠨ᠎ᠡ ᠃ | 3 . ᠣᠶ ᠮᠣᠳᠣ ᠶᠢᠨ ᠨᠥᠬᠦᠪᠥᠷᠢ ᠶᠢ ᠪᠣᠳᠠᠲᠠᠶ ᠣᠶ ᠪᠣᠯᠤᠭᠰᠠᠨ ᠪᠠᠶᠢᠳᠠᠯ᠂ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ᠂ ᠰᠢᠭᠤᠶᠢᠲᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠲᠠᠢ | ᠤᠶᠠᠯᠳᠤᠭᠤᠯᠤᠨ ᠬᠡᠷᠡᠭᠵᠢᠭᠦᠯᠦᠨ᠎ᠡ ᠃ | ᠵᠢᠷᠭᠤᠭ᠎ᠠ᠂ ᠭᠠᠵᠠᠷ ᠰᠢᠷᠣᠢ ᠵᠢᠴᠢ ᠭᠠᠵᠠᠷ ᠳᠡᠭᠡᠷᠡᠬᠢ ᠪᠣᠳᠠᠰ ᠤᠨ ᠲᠥᠯᠥᠪᠦᠷᠢ ᠶᠢᠨ ᠰᠦᠢᠳᠬᠡᠯ ᠢ ᠤᠷᠢᠳᠴᠢᠯᠠᠨ | ᠵᠢᠱᠢᠬᠦ ᠃ᠭᠠᠵᠠᠷ ᠰᠢᠷᠣᠶ ᠲᠠᠲᠠᠪᠤᠷᠢᠯᠠᠭᠰᠠᠨ ᠶᠡᠷᠦᠩᠬᠡᠶ ᠲᠠᠯᠠᠪᠠᠶ ᠨᠢ 17507 ᠮᠥ ᠪᠣᠯᠤᠨ᠎ᠠ ᠃ ᠡᠭᠦᠨ ᠳᠤ | ᠬᠠᠭᠤᠷᠠᠶ ᠲᠠᠷᠢᠶ᠎ᠠ᠄ 13 . 82 ᠮᠥ᠂ ᠮᠥ ᠪᠦᠷᠢ ᠳᠤ 1 . 97 ᠲᠦᠮᠡᠨ ᠲᠥᠭᠦᠷᠢᠭ᠂ ᠨᠡᠶᠢᠲᠡ 27 . 2254 | ᠲᠦᠮᠡᠨ ᠲᠥᠭᠦᠷᠢᠭ︔ ᠪᠣᠳᠠ ᠮᠣᠳᠣᠨ ᠣᠶᠢᠲᠤ ᠭᠠᠵᠠᠷ᠂ ᠪᠤᠰᠤᠳ ᠣᠶᠢᠲᠤ ᠭᠠᠵᠠᠷ᠂ ᠣᠶᠢᠲᠤ ᠭᠠᠵᠠᠷ᠄ 102 . | 6 ᠮᠥ ᠪᠠᠶᠢᠵᠤ᠂ ᠮᠥ ᠪᠦᠷᠢ 0 . 83 ᠲᠦᠮᠡᠨ ᠲᠥᠭᠦᠷᠢᠭ᠂ ᠨᠡᠶᠢᠲᠡ 85 . 1580 ᠲᠦᠮᠡᠨ ᠲᠥᠭᠦᠷᠢᠭ | ᠪᠣᠯᠤᠨ᠎ᠠ︔ ᠪᠠᠶᠢᠭᠠᠯᠢᠯᠢᠭ ᠪᠡᠯᠴᠢᠭᠡᠷ᠂ ᠪᠤᠰᠤᠳ ᠪᠡᠯᠴᠢᠭᠡᠷ᠄ 1633 . 65 ᠮᠥ᠂ ᠮᠥ ᠪᠦᠷᠢ ᠳᠤ 0 . 6 | ᠲᠦᠮᠡᠨ ᠲᠥᠭᠦᠷᠢᠭ᠂ ᠨᠡᠶᠢᠲᠡ 980 . 19 ᠲᠦᠮᠡᠨ ᠲᠥᠭᠦᠷᠢᠭ︔ ᠲᠣᠰᠬᠤᠨ ᠤ ᠬᠠᠮᠲᠤ ᠶᠢᠨ ᠬᠥᠭᠵᠢᠯᠲᠡ ᠶᠢᠨ | ᠰᠠᠭᠤᠷᠢ ᠮᠥᠩᠭᠦ᠄ 1135 . 07 ᠮᠥ᠂ ᠮᠥ ᠪᠦᠷᠢ 0 . 03 ᠲᠦᠮᠡᠨ ᠲᠥᠭᠦᠷᠢᠭ᠂ ᠨᠡᠶᠢᠲᠡ 34 . 0521 | ᠲᠦᠮᠡᠨ ᠲᠥᠭᠦᠷᠢᠭ ᠃ | ᠭᠠᠵᠠᠷ ᠳᠡᠭᠡᠷᠡᠬᠢ ᠪᠣᠳᠠᠰ ᠤᠨ ᠵᠠᠷᠤᠳᠠᠯ ᠤᠨ ᠵᠢᠱᠢᠯᠲᠡ᠄ 400 ᠲᠦᠮᠡᠨ ᠲᠥᠭᠦᠷᠢᠭ︔ ᠠᠵᠢᠯ ᠤᠨ ᠵᠠᠷᠤᠳᠠᠯ 30 | ᠲᠦᠮᠡᠨ ᠲᠥᠭᠦᠷᠢᠭ︔ 2012 ᠣᠨ ᠳᠤ ᠵᠢᠩ ᠸᠧᠶ ᠶᠢᠨ ᠦᠶᠯᠡᠳᠪᠦᠷᠢ ᠳᠤ ᠣᠷᠣᠬᠤ ᠱᠦᠶᠨᠢ ᠵᠠᠮ ᠤᠨ ᠪᠧᠶ ᠹᠦ᠋ | ᠶᠦᠩ ᠵᠢᠤᠢ ᠭᠠᠵᠠᠷ ᠰᠢᠷᠣᠶ ᠲᠠᠲᠠᠪᠤᠷᠢᠯᠠᠬᠤ ᠵᠠᠷᠤᠳᠠᠯ ᠢ 290 . 75 ᠲᠦᠮᠡᠨ ᠲᠥᠭᠦᠷᠢᠭ ᠬᠠᠰᠤᠨ ᠭᠠᠷᠭᠠᠵᠠᠶ ᠃ | | ᠨᠡᠢᠲᠡ ᠤᠷᠢᠳᠴᠢᠯᠠᠨ ᠵᠠᠷᠤᠴᠠᠭᠤᠯᠤᠭᠰᠠᠨ ᠨᠢ᠄ 1265 . 8755 ᠲᠦᠮᠡᠨ ᠲᠥᠭᠦᠷᠢᠭ ᠃ | ᠳᠣᠯᠤᠭ᠎ᠠ᠂ ᠴᠠᠬᠢᠯᠭᠠᠨ ᠬᠦᠷᠭᠡᠵᠦ ᠲᠦᠭᠡᠭᠡᠬᠦ ᠱᠤᠭᠤᠮ ᠢ ᠥᠭᠡᠷᠡᠴᠢᠯᠡᠬᠦ ᠵᠢᠴᠢ ᠴᠢᠮᠡᠭᠡ ᠨᠡᠪᠲᠡᠷᠡᠯᠭᠡ ᠶᠢᠨ | ᠲᠥᠬᠦᠭᠡᠷᠦᠮᠵᠢ ᠶᠢ ᠨᠡᠭᠦᠯᠭᠡᠬᠦ ᠠᠵᠢᠯ ᠤᠨ ᠵᠠᠷᠤᠳᠠᠯ ᠃ᠴᠠᠬᠢᠯᠭᠠᠨ ᠬᠦᠷᠭᠡᠵᠦ ᠲᠦᠭᠡᠭᠡᠬᠦ ᠱᠤᠭᠤᠮ ᠢ ᠥᠭᠡᠷᠡᠴᠢᠯᠡᠬᠦ | ᠵᠢᠴᠢ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠶᠢ ᠨᠡᠭᠦᠯᠭᠡᠬᠦ ᠢᠨᠵᠧᠨᠧᠷᠢᠩ ᠢ ᠶᠠ ᠰᠢᠨ ᠺᠣᠮᠫᠠᠨᠢ ᠠᠴᠠ | ᠬᠠᠷᠢᠭᠤᠴᠠᠨ᠎ᠠ ᠃ | ᠨᠠᠢᠮᠠ᠂ ᠪᠤᠯᠠᠰᠢ ᠶᠢᠨ ᠭᠠᠵᠠᠷ ᠢ ᠨᠡᠭᠦᠯᠭᠡᠬᠦ ᠵᠠᠷᠤᠳᠠᠯ | ᠪᠤᠯᠠᠰᠢ ᠶᠢᠨ ᠲᠣᠯᠣᠭᠠᠶ ᠪᠦᠷᠢ ᠶᠢ ᠪᠠᠷᠤᠭ 8000 ᠲᠥᠭᠦᠷᠢᠭ ᠢᠶᠠᠷ ᠪᠣᠳᠣᠨ᠎ᠠ ᠃ | ᠶᠢᠰᠦ᠂ ᠭᠠᠵᠠᠷ ᠰᠢᠷᠣᠶ ᠲᠠᠲᠠᠪᠤᠷᠢᠯᠠᠬᠤ ᠬᠠᠮᠢᠶ᠎ᠠ ᠪᠥᠬᠦᠶ ᠠᠵᠢᠯ ᠤᠨ ᠴᠤᠪᠤᠷᠠᠯ ᠃1 . ᠭᠠᠵᠠᠷ ᠰᠢᠷᠣᠶ | ᠲᠠᠲᠠᠪᠤᠷᠢᠯᠠᠬᠤ ᠭᠤᠤᠯ ᠴᠣᠭᠴᠠ ᠶᠢᠨ ᠨᠢᠭᠡᠴᠡ ᠠᠴᠠ ᠭᠠᠵᠠᠷ ᠰᠢᠷᠣᠶ ᠲᠠᠲᠠᠪᠤᠷᠢᠯᠠᠬᠤ ᠬᠠᠮᠢᠶ᠎ᠠ ᠪᠥᠬᠦᠶ ᠠᠵᠢᠯ ᠢ | ᠬᠠᠷᠢᠭᠤᠴᠠᠬᠤ ᠶᠢ ᠲᠣᠳᠣᠷᠬᠠᠶᠢᠯᠠᠨ᠎ᠠ ᠃ | 2 . ᠣᠷᠣᠨ ᠤ ᠵᠠᠰᠠᠭ ᠤᠨ ᠣᠷᠳᠣᠨ ᠠᠴᠠ ᠭᠠᠵᠠᠷ ᠲᠠᠲᠠᠪᠤᠷᠢᠯᠠᠬᠤ ᠠᠯᠪᠠᠨ ᠵᠠᠷ ᠨᠡᠶᠢᠲᠡᠯᠡᠵᠦ᠂ ᠭᠠᠵᠠᠷ | ᠲᠠᠲᠠᠪᠤᠷᠢᠯᠠᠬᠤ ᠬᠡᠪᠴᠢᠶ᠎ᠡ᠂ ᠴᠠᠭ ᠤᠨ ᠲᠣᠬᠢᠷᠠᠭᠤᠯᠤᠯᠲᠠ ᠵᠢᠴᠢ ᠵᠠᠪᠳᠤᠵᠤ ᠵᠠᠶᠢᠯᠠᠵᠤ ᠵᠠᠪᠳᠤᠨ ᠲᠠᠷᠢᠬᠤ᠂ ᠰᠢᠨ᠎ᠡ | ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠵᠤ ᠪᠣᠯᠬᠤ ᠦᠭᠡᠶ ᠭᠡᠰᠡᠨ ᠭᠡᠷ ᠪᠠᠶᠢᠰᠢᠩ | ᠵᠢᠴᠢ ᠳᠠᠭᠠᠯᠲᠠ ᠡᠳ ᠵᠡᠷᠭᠡ ᠬᠠᠮᠢᠶ᠎ᠠ ᠪᠦᠬᠦᠢ ᠤᠴᠢᠷ ᠢ ᠲᠣᠳᠣᠷᠬᠠᠶᠢᠯᠠᠬᠤ ᠬᠡᠷᠡᠭᠲᠡᠶ ᠃ | 3 . ᠪᠧᠶ ᠹᠦ᠋ ᠶᠦᠩ ᠵᠢᠤᠢ ᠲᠣᠰᠬᠤᠨ ᠤ ᠳᠤᠭᠤᠶᠢᠯᠠᠩ ᠤᠨ ᠪᠥᠬᠦ ᠲᠣᠰᠬᠤᠨ ᠢᠶᠠᠷ ᠢᠶᠠᠨ ᠨᠡᠭᠦᠭᠰᠡᠨ ᠤ | ᠳᠠᠷᠠᠭᠠᠬᠢ ᠣᠷᠣᠨ ᠰᠠᠭᠤᠴᠠ ᠶᠢᠨ ᠭᠠᠵᠠᠷ ᠤᠨ ᠨᠥᠬᠦᠪᠥᠷᠢ ᠶᠢᠨ ᠪᠠᠷᠢᠮᠵᠢᠶ᠎ᠠ ᠶᠢ ᠣᠲᠣ ᠶᠢᠨ ᠬᠡᠷᠡᠭᠵᠢᠭᠦᠯᠵᠦ | ᠪᠠᠶᠢᠭ᠎ᠠ ᠤᠰᠤᠨ ᠤ ᠭᠠᠵᠠᠷ ᠤᠨ ᠪᠠᠷᠢᠮᠵᠢᠶ᠎ᠠ ᠶᠣᠰᠣᠭᠠᠷ ᠨᠥᠬᠦᠪᠥᠷᠢᠯᠡᠨ᠎ᠡ ᠃ | 4 . ᠲᠤᠰ ᠤᠳᠠᠭᠠᠨ ᠤ ᠭᠠᠵᠠᠷ ᠰᠢᠷᠣᠢ ᠲᠠᠲᠠᠪᠤᠷᠢᠯᠠᠬᠤ ᠠᠵᠢᠯ ᠨᠢ ᠪᠠᠢ ᠼᠤᠤ ᠭᠧᠤ ᠭᠠᠴᠠᠭᠠᠨ ᠤ ᠠᠷᠤ | ᠬᠠᠰᠢᠯᠭ᠎ᠠ᠂ ᠪᠸᠢ ᠹᠦ᠋ ᠵᠢᠤᠢ ᠭᠠᠴᠠᠭᠠᠨ ᠤ ᠳᠤᠭᠤᠶᠢᠯᠠᠩ᠂ ᠪᠠᠳᠺᠠᠷ ᠵᠤᠤ ᠪᠠᠯᠭᠠᠰᠤᠨ ᠤ ᠨᠡᠶᠢᠭᠡᠮᠯᠢᠭ ᠢ ᠵᠣᠬᠢᠶᠠᠨ | ᠪᠠᠶᠢᠭᠤᠯᠵᠤ ᠪᠠᠢ ᠼᠤᠤ ᠭᠧᠤ ᠭᠠᠴᠠᠭᠠᠨ ᠤ ᠠᠷᠠᠳ ᠤᠨ ᠵᠥᠪᠯᠡᠯ ᠵᠢᠴᠢ ᠬᠤᠯᠪᠣᠭᠳᠠᠭᠰᠠᠨ ᠭᠠᠴᠠᠭᠠᠨ ᠤ | ᠳᠤᠭᠤᠶᠢᠯᠠᠩ ᠢ ᠵᠣᠬᠢᠶᠠᠨ ᠪᠠᠶᠢᠭᠤᠯᠵᠤ ᠭᠠᠴᠠᠭᠠᠨ ᠤ ᠵᠠᠭᠠᠭ ᠲᠤ ᠬᠤᠪᠢᠶᠠᠷᠢᠯᠠᠵᠤ᠂ ᠡᠯ᠎ᠡ ᠭᠠᠴᠠᠭᠠᠨ ᠤ | ᠳᠤᠭᠤᠶᠢᠯᠠᠩ ᠤᠨ ᠭᠠᠵᠠᠷ ᠰᠢᠷᠣᠢ ᠲᠠᠲᠠᠪᠤᠷᠢᠯᠠᠬᠤ ᠲᠠᠯᠠᠪᠠᠢ ᠶᠢ ᠲᠣᠭᠲᠠᠭᠠᠨ᠎ᠠ ᠃ | 5 . ᠭᠤᠷᠪᠠᠳᠠᠬᠢ ᠡᠲᠡᠭᠡᠳ ᠤᠨ ᠬᠡᠮᠵᠢᠨ ᠵᠢᠷᠤᠬᠤ ᠺᠣᠮᠫᠠᠨᠢ ᠶᠢ ᠤᠷᠢᠵᠤ ᠲᠠᠲᠠᠪᠤᠷᠢᠯᠠᠬᠤ ᠪᠠᠷ ᠪᠠᠶᠢᠭ᠎ᠠ ᠭᠠᠵᠠᠷ | ᠰᠢᠷᠣᠶ ᠶᠢᠨ ᠣᠳᠣᠬᠢ ᠪᠠᠶᠢᠳᠠᠯ ᠳᠤ ᠠᠭᠠᠷ ᠠᠴᠠ ᠰᠡᠭᠦᠳᠡᠷᠯᠡᠨ᠎ᠡ ᠃ | 6 . ᠬᠤᠯᠪᠣᠭᠳᠠᠭᠰᠠᠨ ᠡᠯ᠎ᠡ ᠭᠠᠴᠠᠭᠠᠨ ᠤ ᠳᠤᠭᠤᠶᠢᠯᠠᠩ ᠠᠴᠠ ᠪᠦᠬᠦ ᠭᠠᠴᠠᠭᠠᠨ ᠤ ᠠᠷᠠᠳ ᠢ ᠵᠣᠬᠢᠶᠠᠨ | ᠪᠠᠶᠢᠭᠤᠯᠵᠤ ᠭᠠᠵᠠᠷ ᠰᠢᠷᠣᠢ ᠶᠢ ᠲᠠᠲᠠᠪᠤᠷᠢᠯᠠᠬᠤ ᠠᠴᠠ ᠡᠮᠦᠨᠡᠬᠢ ᠠᠷᠠᠳ ᠤᠨ ᠰᠠᠨᠠᠭᠠᠨ ᠤ ᠪᠠᠶᠢᠴᠠᠭᠠᠯᠲᠠ ᠬᠢᠨ᠎ᠡ ᠃ | | 7 . ᠭᠠᠵᠠᠷ ᠰᠢᠷᠣᠶ ᠲᠠᠲᠠᠪᠤᠷᠢᠯᠠᠬᠤ ᠬᠡᠪᠴᠢᠶᠡᠨ ᠳᠠᠬᠢ 3 ᠲᠣᠰᠬᠤᠨ ᠤ ᠳᠤᠭᠤᠶᠢᠯᠠᠩ ᠤᠨ ᠭᠠᠵᠠᠷ ᠳᠡᠭᠡᠷᠡᠬᠢ | ᠳᠠᠭᠠᠯᠲᠠ ᠪᠣᠳᠠᠰ ( ᠮᠣᠳᠣ᠂ ᠪᠤᠯᠠᠰᠢ ᠵᠡᠷᠭᠡ ᠪᠠᠭᠲᠠᠨ᠎ᠠ ) ᠢ ᠲᠣᠭᠠᠯᠠᠨ ᠪᠦᠷᠢᠳᠬᠡᠬᠦ ᠃ | 8 . 2012 ᠣᠨ ᠤ ᠰᠢᠭᠤᠶᠢᠲᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠢ ᠦᠨᠳᠦᠰᠦᠯᠡᠨ ᠪᠠᠢ ᠼᠤᠤ ᠭᠧᠤ ᠭᠠᠴᠠᠭᠠᠨ ᠤ ᠠᠷᠠᠳ ᠤᠨ ᠵᠥᠪᠯᠡᠯ ᠲᠠᠢ ᠭᠠᠵᠠᠷ | ᠰᠢᠷᠣᠢ ᠲᠠᠲᠠᠪᠤᠷᠢᠯᠠᠨ ᠬᠡᠷᠡᠭᠯᠡᠬᠦ ᠬᠡᠯᠡᠯᠴᠡᠭᠡᠷ ᠤᠨ ᠪᠢᠴᠢᠭ ᠲᠣᠭᠲᠠᠭᠠᠵᠤ᠂ ᠪᠸᠢ ᠹᠦ᠋ ᠶᠦᠩ ᠵᠢᠤᠢ ᠭᠠᠴᠠᠭᠠᠨ ᠤ | ᠳᠤᠭᠤᠶᠢᠯᠠᠩ ᠳᠤ ᠬᠤᠯᠪᠣᠭᠳᠠᠭᠰᠠᠨ 615 ᠮᠦ ( 290 . 75 ᠲᠦᠮᠡᠨ ᠲᠥᠭᠦᠷᠢᠭ ) ᠶᠢᠨ ᠵᠠᠰᠠᠮᠠᠯ ᠵᠠᠮ ᠵᠠᠰᠠᠬᠤ | ᠭᠠᠵᠠᠷ ᠰᠢᠷᠣᠢ ᠶᠢ ᠨᠢᠭᠡᠨᠲᠡ ᠨᠥᠬᠦᠪᠥᠷᠢᠯᠡᠵᠦ᠂ ᠤᠳᠤ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠲᠠᠲᠠᠪᠤᠷᠢᠯᠠᠬᠤ | ᠪᠠᠷᠢᠮᠵᠢᠶ᠎ᠠ ᠶᠣᠰᠣᠭᠠᠷ ᠵᠥᠷᠢᠶᠡᠲᠦ ᠦᠨ᠎ᠡ ᠪᠠᠷ ᠨᠥᠬᠦᠪᠥᠷᠢ ᠥᠭᠪᠡ ᠃ |