ᠱᠢ ᠹᠦ᠋ ᠠᠯᠪᠠᠨ ᠲᠠᠷᠬᠠᠭᠠᠭᠰᠠᠨ〔2021〕37 ᠳ᠋ᠤᠭᠠᠷ ᠲᠣᠭᠠᠲᠤ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 《 ᠰᠢᠭᠤᠶᠢᠲᠤ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ | ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ 》 ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠵᠢᠪᠬᠤᠯᠠᠩᠲᠤ ᠰᠤᠮᠤ᠂ ᠪᠠᠳᠺᠠᠷ ᠵᠣᠣ ᠪᠠᠯᠭᠠᠰᠤ᠂ ᠡᠯ᠎ᠡ ᠵᠡᠭᠡᠯᠢ ᠭᠤᠳᠤᠮᠵᠢ᠂ ᠡᠯ᠎ᠡ ᠬᠦᠷᠢᠶᠡᠯᠡᠩ ᠲᠣᠭᠤᠷᠢᠭ ( | ᠦᠵᠡᠮᠵᠢ ᠶᠢᠨ ᠣᠷᠣᠨ ) ᠤᠨ ᠬᠠᠮᠢᠶᠠᠷᠤᠯᠲᠠ ᠶᠢᠨ ᠵᠥᠪᠯᠡᠯ᠂ ᠣᠷᠣᠨ ᠤ ᠬᠠᠷᠢᠶ᠎ᠠ᠂ ᠲᠣᠭᠤᠷᠢᠭ ᠲᠤ ᠰᠠᠭᠤᠭ᠎ᠠ | ᠡᠯ᠎ᠡ ᠰᠠᠯᠠᠭ᠎ᠠ ᠮᠥᠴᠢᠷ᠂ ᠨᠢᠭᠡᠴᠢ᠄ | ᠡᠳᠦᠭᠡ 《 ᠰᠢᠭᠤᠶᠢᠲᠤ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ 》 ᠶᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ ᠃ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 6 ᠳ᠋ᠤᠭᠠᠷ ᠰᠠᠷ᠎ᠠ ᠶᠢᠨ 22 ᠤᠨ ᠡᠳᠦᠷ | ᠰᠢᠭᠤᠶᠢᠲᠤ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠃ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠰᠢᠭᠤᠶᠢᠲᠤ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠵᠢᠴᠢ ᠪᠠᠭᠰᠢ ᠰᠤᠷᠤᠭᠴᠢᠳ ᠤᠨ ᠪᠡᠶ᠎ᠡ᠂ | ᠡᠳ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ | ᠤᠨ ᠬᠡᠪ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ᠤᠯᠤᠰ | ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠤᠰ ᠲᠦᠷ ᠬᠡᠷᠡᠭᠵᠢᠭᠦᠯᠬᠦ ᠠᠷᠭ᠎ᠠ ᠶᠢ ᠲᠣᠭᠲᠠᠭᠠᠪᠠ ᠃ | ᠬᠤᠶᠠᠳᠤᠭᠠᠷ ᠵᠦᠶᠯ ᠲᠣᠰ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ( | ᠳᠣᠷᠣᠭᠰᠢ ᠰᠤᠷᠭᠠᠭᠤᠯᠢ ᠭᠡᠵᠦ ᠶᠡᠷᠦᠩᠬᠡᠶᠢᠯᠡᠨ ᠨᠡᠷᠡᠶᠢᠳᠦᠨ᠎ᠡ ) ᠤᠨ ᠠᠮᠤᠷ ᠲᠦᠪᠰᠢᠨ ᠤ ᠬᠠᠮᠢᠶᠠᠷᠤᠯᠲᠠ ᠳᠤ ᠲᠣᠰ | ᠠᠷᠭ᠎ᠠ ᠬᠡᠷᠡᠭᠯᠡᠭᠳᠡᠨ᠎ᠡ ᠃ | ᠭᠤᠷᠪᠠᠳᠤᠭᠠᠷ ᠵᠦᠶᠯ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠳᠤ 《 ᠬᠠᠷᠢᠶ᠎ᠠ ᠣᠷᠣᠨ ᠳᠤᠨᠢ | ᠬᠠᠮᠢᠶᠠᠷᠤᠭᠤᠯᠬᠤ 》 ᠵᠠᠷᠴᠢᠮ ᠢ ᠪᠠᠷᠢᠮᠲᠠᠯᠠᠨ᠂ 《 ᠬᠡᠨ ᠭᠤᠤᠯᠴᠢᠯᠠᠨ ᠬᠠᠮᠢᠶᠠᠷᠴᠤ ᠪᠠᠶᠢᠪᠠᠯ ᠲᠡᠷᠡ ᠬᠠᠷᠢᠭᠤᠴᠠᠬᠤ | 》 ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠬᠠᠮᠢᠶᠠᠷᠤᠭᠤᠯᠬᠤ᠂ ᠰᠤᠷᠭᠠᠭᠤᠯᠢ ᠪᠠᠷ ᠭᠤᠤᠯ ᠴᠣᠭᠴᠠ ᠪᠣᠯᠭᠠᠬᠤ | ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠬᠤ ᠵᠠᠷᠴᠢᠮ ᠢ ᠪᠠᠷᠢᠮᠲᠠᠯᠠᠨ᠎ᠠ ᠃ | ᠳᠥᠷᠪᠡᠳᠦᠭᠡᠷ ᠵᠦᠶᠯ ᠰᠤᠷᠭᠠᠭᠤᠯᠢ ᠨᠤᠭᠤᠳ ᠠᠮᠤᠷ ᠲᠦᠪᠰᠢᠨ ᠤ ᠬᠠᠮᠢᠶᠠᠷᠤᠯᠲᠠ ᠶᠢᠨ ᠣᠨᠣᠯᠵᠢᠬᠤᠨ ᠢᠶᠠᠨ | ᠴᠢᠩᠭᠠᠷᠠᠭᠤᠯᠵᠤ᠂ ᠠᠮᠤᠷ ᠲᠦᠪᠰᠢᠨ ᠢᠶᠠᠷ ᠬᠥᠭᠵᠢᠭᠦᠯᠬᠦ ᠪᠣᠯ ᠲᠡᠩᠴᠡᠭᠦᠷᠢᠲᠡᠶ ᠬᠥᠭᠵᠢᠭᠦᠯᠬᠦ᠂ ᠴᠢᠨᠠᠷ ᠰᠠᠶᠢᠲᠠᠶ | ᠬᠥᠭᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠶᠢᠨ ᠰᠠᠭᠤᠷᠢ ᠪᠣᠯᠬᠤ ᠶᠢ ᠭᠦᠶᠴᠡᠳ ᠲᠠᠨᠢᠵᠤ᠂ 《 | ᠠᠮᠤᠷ ᠲᠦᠪᠰᠢᠨ ᠢ ᠲᠡᠷᠢᠭᠦᠨ ᠳᠤ ᠲᠠᠯᠪᠢᠬᠤ 》 ᠪᠠ 《 ᠬᠠᠷᠢᠭᠤᠴᠠᠯᠭ᠎ᠠ ᠶᠢ ᠲᠠᠶᠢᠱᠠᠨ ᠠᠭᠤᠯᠠ ᠠᠴᠠ ᠬᠦᠨᠳᠦ | ᠪᠠᠶᠢᠯᠭᠠᠬᠤ 》 ᠦᠵᠡᠯ ᠰᠠᠨᠠᠭ᠎ᠠ ᠶᠢ ᠲᠣᠭᠲᠠᠭᠠᠨ᠂ 《 ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ | ᠶᠡᠷᠦᠩᠬᠡᠶᠢᠯᠡᠨ ᠵᠠᠰᠠᠬᠤ 》 ᠵᠠᠷᠴᠢᠮ ᠢ ᠪᠠᠷᠢᠮᠲᠠᠯᠠᠵᠤ᠂ ᠠᠮᠤᠷ ᠲᠦᠪᠰᠢᠨ ᠤ ᠠᠵᠢᠯ ᠢ ᠵᠡᠷᠭᠡ ᠪᠠᠷ ᠠᠳᠬᠤᠨ ᠬᠠᠮᠲᠤ | ᠪᠠᠷ ᠬᠠᠮᠢᠶᠠᠷᠬᠤ ᠲᠣᠭᠲᠠᠴᠠ ᠪᠠ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠃ | ᠲᠠᠪᠤᠳᠤᠭᠠᠷ ᠵᠦᠶᠯ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠤᠨ | ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠤ ᠠᠵᠢᠯ ᠢ 《 ᠴᠠᠭ ᠤᠨ ᠲᠠᠯ᠎ᠠ ᠪᠠᠷ ᠪᠦᠬᠦᠯᠢ ᠡᠳᠦᠷ ᠢᠶᠠᠷ᠂ | ᠲᠠᠰᠤᠯᠳᠠᠭᠤᠯᠤᠯ ᠥᠬᠡᠶ ᠬᠢᠬᠦ 》 ᠬᠦᠷᠲᠡᠯ᠎ᠡ ᠨᠠᠷᠢᠯᠢᠭᠵᠢᠭᠤᠯᠬᠤ ᠬᠡᠷᠡᠭᠲᠡᠶ︔ ᠣᠷᠣᠨ ᠵᠠᠶ ᠶᠢᠨ ᠲᠠᠯ᠎ᠠ ᠪᠠᠷ ᠪᠦᠬᠦ | ᠲᠠᠯ᠎ᠠ ᠪᠠᠷ᠂ ᠥᠨᠴᠥᠭ ᠪᠤᠯᠤᠩ ᠦᠭᠡᠢ︔ ᠭᠤᠭᠴᠤᠭ᠎ᠠ ᠶᠢᠨ ᠪᠦᠬᠦ ᠶᠠᠪᠤᠴᠠ᠂ ᠵᠠᠪᠰᠠᠷ ᠦᠭᠡᠢ︔ ᠠᠷᠭ᠎ᠠ ᠬᠡᠮᠵᠢᠶ᠎ᠡ | ᠶᠢᠨ ᠲᠠᠯ᠎ᠠ ᠪᠠᠷ ᠪᠦᠬᠦᠨ ᠢ ᠬᠠᠮᠤᠷᠴᠤ᠂ ᠥ ᠰᠠᠪ ᠥᠬᠡᠶ ᠪᠠᠶᠢᠬᠤ ᠬᠡᠷᠡᠭᠲᠡᠶ 》 ᠃ | ᠵᠢᠷᠭᠤᠳᠤᠭᠠᠷ ᠵᠦᠶᠯ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠣᠷᠣᠨ ᠤ ᠵᠠᠰᠠᠭ ᠤᠨ ᠣᠷᠳᠣᠨ ᠤ | ᠤᠳᠤᠷᠢᠳᠤᠯᠭ᠎ᠠ ᠳᠣᠤᠷ᠎ᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠤᠯᠪᠣᠭᠠᠯᠠᠨ | ᠬᠥᠳᠡᠯᠦᠯᠴᠡᠬᠦ ᠪᠠ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ ᠪᠠᠨ ᠴᠢᠩᠭᠠᠳᠬᠠᠵᠤ᠂ ᠰᠤᠷᠭᠠᠭᠤᠯᠢ ᠶᠢᠨ ᠠᠮᠤᠷ | ᠲᠦᠪᠰᠢᠨ ᠳᠤ ᠬᠢᠨᠠᠯᠲᠠ ᠲᠠᠯᠪᠢᠬᠤ᠂ ᠬᠠᠮᠢᠶᠠᠷᠬᠤ ᠪᠠ ᠰᠤᠷᠭᠠᠭᠤᠯᠢ ᠶᠢᠨ ᠬᠦᠷᠢᠶ᠎ᠡ ᠶᠢᠨ ᠡᠷᠬᠢᠨ ᠲᠣᠭᠤᠷᠢᠨ ᠤ | ᠣᠷᠴᠢᠨ ᠲᠣᠭᠤᠷᠢᠨ ᠢ ᠵᠠᠰᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠶᠴᠡᠳᠬᠡᠬᠦ ᠬᠡᠷᠡᠭᠲᠡᠶ ᠃ | ᠰᠤᠷᠭᠠᠭᠤᠯᠢ ᠠᠮᠤᠷ ᠲᠦᠪᠰᠢᠨ ᠤ ᠬᠠᠮᠢᠶᠠᠷᠤᠯᠲᠠ᠂ ᠠᠮᠤᠷ ᠲᠦᠪᠰᠢᠨ ᠤ ᠬᠥᠮᠦᠵᠢᠯ ᠪᠠ ᠠᠮᠤᠷ ᠲᠦᠪᠰᠢᠨ ᠤ | ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ᠎ᠡ ᠃ ᠰᠤᠷᠭᠠᠭᠤᠯᠢ ᠶᠢᠨ ᠵᠠᠬᠢᠷᠤᠯ ᠪᠣᠯ | ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠃ | ᠳᠣᠯᠣᠳᠤᠭᠠᠷ ᠵᠦᠢᠯ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠳᠤ ᠭᠤᠣᠯᠳᠠᠭᠤ᠄ | ( ᠨᠢᠭᠡ ) ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ | ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ᠂ ᠰᠢᠮᠳᠠᠭᠤᠯᠤᠨ ᠵᠢᠯᠣᠭᠤᠳᠬᠤ ᠲᠦᠷᠢᠮ᠂ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠦᠷᠢᠮ᠂ ᠬᠠᠮᠲᠤᠷᠠᠨ ᠬᠥᠳᠡᠯᠦᠯᠴᠡᠬᠦ ᠲᠣᠭᠲᠠᠴᠠ᠂ ᠢᠯᠡᠴᠢᠯᠡᠨ | ᠮᠡᠳᠡᠭᠦᠯᠬᠦ ᠲᠣᠭᠲᠠᠴᠠ᠂ ᠪᠣᠯᠵᠣᠨ ᠶᠠᠷᠢᠯᠴᠠᠬᠤ ᠲᠣᠭᠲᠠᠴᠠ᠂ ᠬᠠᠷᠢᠭᠤᠴᠠᠯᠭ᠎ᠠ ᠬᠡᠯᠡᠯᠴᠡᠬᠦ ᠲᠣᠭᠲᠠᠴᠠ᠂ ᠮᠡᠳᠡᠭᠡ | ᠵᠠᠩᠭᠢ ᠨᠡᠪᠲᠡᠷᠡᠯᠴᠡᠬᠦ ᠲᠣᠭᠲᠠᠴᠠ ᠪᠠ ᠠᠳᠠᠯ ᠤᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠵᠢᠷᠤᠮᠵᠢᠯ ᠲᠠᠢ᠂ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠨ᠎ᠠ ᠃ | ( ᠬᠤᠶᠠᠷ ) ᠰᠤᠷᠭᠠᠭᠤᠯᠢ ᠶᠢᠨ ᠠᠮᠤᠷ ᠲᠦᠪᠰᠢᠨ ᠤ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠬᠦᠯᠵᠦ᠂ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ᠂ ᠠᠳᠡᠯ ᠢ | ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ | ᠠᠷᠢᠯᠭᠠᠨ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠃ | ( ᠭᠤᠷᠪᠠ ) ᠰᠤᠷᠭᠠᠭᠤᠯᠢ ᠶᠢᠨ ᠬᠦᠷᠢᠶ᠎ᠡ ᠶᠢᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ ᠠᠵᠢᠯ ᠢ | ᠴᠢᠩᠭᠠᠳᠬᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ᠠᠮᠤᠷ | ᠲᠦᠪᠰᠢᠨ ᠢ ᠢᠳᠡᠪᠬᠢᠲᠡᠶ ᠬᠠᠮᠠᠭᠠᠯᠠᠬᠤ ᠬᠡᠷᠡᠭᠲᠡᠶ ᠃ | ( ᠳᠥᠷᠪᠡ ) ᠰᠤᠷᠭᠠᠭᠤᠯᠢ ᠲᠣᠰ ᠠᠷᠭ᠎ᠠ ᠶᠢ ᠦᠨᠳᠦᠰᠦᠯᠡᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ | ᠲᠦᠪᠰᠢᠨ ᠤ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠪᠠᠭᠰᠢ ᠰᠤᠷᠤᠭᠴᠢᠳ ᠤᠨ ᠠᠮᠤᠷ | ᠲᠦᠪᠰᠢᠨ ᠤ ᠦᠵᠡᠯ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ ᠃ | ( ᠲᠠᠪᠤ ) ᠠᠳᠡᠯ ᠭᠠᠷᠤᠭᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠠᠭ ᠲᠤᠬᠠᠶ | ᠳᠤᠨᠢ ᠡᠬᠢᠯᠡᠭᠦᠯᠵᠦ᠂ ᠦᠬᠦᠵᠦ ᠰᠢᠷᠬᠠᠲᠤᠭᠰᠠᠨ ᠬᠥᠮᠦᠰ ᠢ ᠠᠪᠤᠷᠠᠨ ᠵᠠᠰᠠᠵᠤ᠂ ᠠᠳᠡᠯ ᠤᠨ ᠰᠢᠯᠲᠠᠭᠠᠨ ᠢ | ᠪᠠᠶᠢᠴᠠᠭᠠᠨ ᠲᠣᠳᠣᠯᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠃ | ᠬᠤᠶᠠᠳᠤᠭᠠᠷ ᠪᠦᠯᠦᠭ | ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | ᠨᠠᠶᠮᠠᠳᠤᠭᠠᠷ ᠵᠦᠶᠯ ᠣᠷᠣᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ | ᠡᠷᠬᠢᠯᠡᠭᠴᠢ ᠪᠣᠯᠭᠠᠭᠰᠠᠨ 《 ᠰᠢᠭᠤᠶᠢᠲᠤ ᠲᠣᠭᠤᠷᠢᠭ ᠤᠨ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ | ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ 》 ( ᠳᠣᠷᠣᠭᠰᠢ᠄ | ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ | ) ᠢ ᠪᠠᠶᠢᠭᠤᠯᠵᠤ᠂ ᠰᠤᠷᠭᠠᠨ ᠬᠥᠮᠦᠵᠢᠯ᠂ ᠶᠡᠷᠦᠩᠬᠡᠶᠢᠯᠡᠨ ᠵᠠᠰᠠᠬᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ | ᠵᠠᠰᠠᠭ᠂ ᠪᠠᠴᠢᠮ ᠪᠠᠶᠢᠳᠠᠯ ᠢ ᠠᠷᠭᠠᠴᠠᠬᠤ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠬᠤᠲᠠ ᠶᠢᠨ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ᠂ ᠣᠷᠣᠨ ᠰᠠᠭᠤᠴᠠ ᠪᠠ | ᠪᠥᠲᠥᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ᠂ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠣᠷᠴᠢᠨ | ᠲᠣᠭᠤᠷᠢᠨ ᠵᠡᠷᠭᠡ ᠰᠠᠯᠠᠭ᠎ᠠ ᠮᠥᠴᠢᠷ ᠤᠨ ᠤᠳᠤᠷᠢᠳᠤᠯᠭ᠎ᠠ ᠪᠠᠷ ᠪᠦᠷᠢᠯᠳᠦᠬᠦᠨ ᠪᠣᠯᠭᠠᠨ᠎ᠠ ᠃ ᠬᠠᠮᠲᠤᠷᠠᠭᠰᠠᠨ ᠬᠤᠷᠠᠯ | ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠠᠯᠪᠠᠨ ᠬᠡᠷ ᠤᠨ ᠡᠷᠬᠢᠯᠡᠭᠴᠢ᠂ ᠬᠠᠮᠢᠶ᠎ᠠ | ᠪᠥᠬᠦᠶ ᠰᠠᠯᠠᠭ᠎ᠠ ᠮᠥᠴᠢᠷ ᠠᠴᠠ ᠬᠤᠯᠪᠣᠭᠠᠴᠢᠨ ᠲᠣᠮᠢᠯᠠᠨ᠂ ᠬᠠᠮᠲᠤᠷᠠᠨ ᠬᠥᠳᠡᠯᠦᠯᠴᠡᠬᠦ ᠡᠭᠦᠷᠭᠡ ᠬᠠᠷᠢᠭᠤᠴᠠᠯᠭ᠎ᠠ | ᠪᠠᠨ ᠦᠨᠡᠨ ᠬᠦ ᠭᠦᠶᠴᠡᠳᠬᠡᠵᠦ᠂ 《 ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠲᠤᠬᠠᠶᠢᠯᠠᠭᠰᠠᠨ ᠠᠵᠢᠯ | ᠤᠨ ᠬᠡᠪᠴᠢᠶᠡᠨ ᠳᠠᠬᠢ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠬᠠᠮᠢᠶᠠᠷᠬᠤ 》 《 ᠨᠢᠭᠡ ᠠᠵᠢᠯ ᠤᠨ | ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ | ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ 》 ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ ᠃ | ᠶᠢᠰᠦᠳᠦᠭᠡᠷ ᠵᠦᠶᠯ ᠣᠷᠣᠨ ᠤ ᠵᠠᠰᠠᠭ ᠤᠨ ᠣᠷᠳᠣᠨ ᠨᠢ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ | ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠰ ᠲᠣᠭᠤᠷᠢᠭ ᠤᠨ ᠢᠶᠠᠨ ᠰᠤᠷᠭᠠᠭᠤᠯᠢ | ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠳᠢᠭᠯᠢᠮ᠂ ᠠᠮᠤᠷ ᠲᠦᠪᠰᠢᠨ ᠤ ᠪᠠᠶᠢᠳᠠᠯ ᠪᠠ ᠰᠤᠷᠭᠠᠭᠤᠯᠢ ᠶᠢᠨ | ᠳᠣᠲᠣᠭᠠᠳᠤ ᠶᠢᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠲᠣᠭᠲᠠᠮᠠᠯ | ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠷᠤᠯᠭ᠎ᠠ ᠶᠢᠨ ᠵᠢᠯ ᠪᠦᠷᠢ ᠨᠢᠭᠡ ᠤᠳᠠᠭ᠎ᠠ ᠠᠮᠤᠷ | ᠲᠦᠪᠰᠢᠨ ᠤ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠵᠤ᠂ ᠰᠤᠷᠤᠯᠭ᠎ᠠ ᠶᠢᠨ ᠬᠤᠭᠤᠴᠠᠭ᠎ᠠ ᠪᠦᠷᠢ | ᠠᠳᠠᠭ ᠲᠠᠭᠠᠨ ᠨᠢᠭᠡ ᠤᠳᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠰᠤᠷᠭᠠᠭᠤᠯᠢ ᠶᠢᠨ | ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ ᠠᠵᠢᠯ ᠬᠢᠵᠦ᠂ ᠰᠤᠷᠭᠠᠭᠤᠯᠢ ᠶᠢᠨ ᠬᠦᠷᠢᠶᠡᠨ | ᠤ ᠡᠷᠬᠢᠨ ᠲᠣᠭᠤᠷᠢᠨ ᠤ ᠵᠠᠰᠠᠯᠲᠠ ᠪᠠ ᠰᠤᠷᠭᠠᠭᠤᠯᠢ ᠶᠢᠨ ᠠᠮᠤᠷ ᠲᠦᠪᠰᠢᠨ ᠤ ᠬᠢᠨᠠᠯᠲᠠ ᠲᠠᠯᠪᠢᠯᠲᠠ ᠬᠢᠭᠡᠳ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠶᠴᠡᠳᠬᠡᠬᠦ ᠬᠡᠷᠡᠭᠲᠡᠶ ᠃ | ᠠᠷᠪᠠᠳᠤᠭᠠᠷ ᠵᠦᠢᠯ ᠣᠷᠣᠨ ᠤ ᠵᠠᠰᠠᠭ ᠤᠨ ᠣᠷᠳᠣᠨ ᠳᠣᠣᠷᠠᠬᠢ ᠡᠭᠦᠷᠭᠡ ᠬᠠᠷᠢᠭᠤᠴᠠᠯᠭ᠎ᠠ | ᠶᠢ ᠭᠦᠢᠴᠡᠳᠬᠡᠬᠦ ᠬᠡᠷᠡᠭᠲᠡᠶ ᠃( ᠨᠢᠭᠡ ) ᠰᠤᠷᠭᠠᠭᠤᠯᠢ ᠶᠢᠨ ᠭᠠᠵᠠᠷ ᠰᠣᠩᠭᠤᠬᠤ ᠶᠢᠨ ᠠᠮᠤᠷ ᠲᠦᠪᠰᠢᠨ ᠢ | ᠪᠠᠲᠤᠯᠠᠵᠤ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠵᠤ᠂ ᠰᠤᠷᠭᠠᠭᠤᠯᠢ | ᠶᠢᠨ ᠬᠡᠷ ᠪᠠᠶᠢᠰᠢᠩ᠂ ᠬᠦᠷᠢᠶ᠎ᠡ ᠬᠡᠷᠡᠮ᠂ ᠲᠠᠯᠠᠪᠤᠷ᠂ ᠤᠤᠭᠤᠬᠤ ᠤᠰᠤᠨ ᠤ ᠡᠬᠢ ᠰᠤᠷᠪᠤᠯᠵᠢ᠂ ᠳᠤᠯᠠᠭᠠᠯᠠᠬᠤ ᠪᠠ | ᠰᠢᠲᠠᠮᠠᠬᠠᠶ ᠬᠡᠶ ᠵᠡᠷᠭᠡ ᠵᠢᠭᠠᠨ ᠰᠤᠷᠭᠠᠯᠲᠠ᠂ ᠠᠮᠢᠳᠤᠷᠠᠯ ᠤᠨ ᠪᠡᠯᠡᠳᠬᠡᠮᠵᠢ ᠶᠢᠨ ᠤᠯᠤᠰ ᠤᠨ ᠠᠮᠤᠷ ᠲᠦᠪᠰᠢᠨ ᠤ | ᠶᠠᠰᠤ ᠴᠢᠨᠠᠷ ᠤᠨ ᠪᠠᠷᠢᠮᠵᠢᠶ᠎ᠠ ᠪᠠ ᠠᠵᠢᠯ ᠲᠥᠷᠥᠯ ᠤᠨ ᠵᠢᠷᠤᠮᠵᠢᠯ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ ᠃ | ᠬᠤᠶᠠᠷ ᠰᠤᠷᠭᠠᠭᠤᠯᠢ ᠶᠢᠨ ᠬᠦᠷᠢᠶᠡᠨ ᠤ ᠬᠢᠨᠠᠨ ᠡᠵᠡᠮᠳᠡᠬᠦ ᠲᠣᠣᠷ ᠰᠦᠯᠵᠢᠶ᠎ᠡ ᠲᠣᠬᠢᠷᠠᠭᠤᠯᠵᠤ᠂ ᠬᠠᠮᠤᠷᠬᠤ | ᠬᠡᠪᠴᠢᠶ᠎ᠡ ᠶᠢ ᠨᠢ ᠤᠯᠤᠰ ᠤᠨ ᠱᠠᠭᠠᠷᠳᠠᠭᠰᠠᠨ ᠪᠠᠷᠢᠮᠵᠢᠶ᠎ᠠ ᠳᠤ ᠬᠦᠷᠦᠭᠦᠯᠬᠦ ᠶᠢᠨ ᠬᠠᠮᠲᠤ ᠰᠤᠷᠭᠠᠨ ᠬᠥᠮᠦᠵᠢᠯ᠂ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠯᠦᠭᠡ ᠰᠦᠯᠵᠢᠶ᠎ᠡ ᠬᠤᠯᠪᠣᠬᠤ ᠶᠢ ᠪᠡᠶᠡᠯᠡᠭᠦᠯᠬᠦ ᠬᠡᠷᠡᠭᠲᠡᠶ︔ ᠪᠠᠴᠢᠮ | ᠪᠠᠶᠢᠳᠠᠯ ᠢ ᠮᠡᠳᠡᠭᠦᠯᠬᠦ ᠲᠥᠬᠦᠭᠡᠷᠦᠮᠵᠢ᠂ ᠪᠠᠴᠢᠮ ᠭᠡᠷᠡᠯᠲᠦᠭᠦᠯᠭᠡ ᠶᠢᠨ ᠲᠣᠨᠣᠭᠯᠠᠯ ᠪᠣᠯᠤᠨ ᠭᠠᠯ ᠤᠨᠲᠠᠷᠠᠭᠠᠬᠤ | ᠪᠡᠯᠡᠳᠬᠡᠮᠵᠢ ᠬᠢᠭᠡᠳ ᠪᠠᠭᠠᠵᠢ ᠬᠡᠷᠡᠭᠰᠡᠯ ᠲᠣᠬᠢᠷᠠᠭᠤᠯᠵᠤ᠂ ᠰᠤᠷᠭᠠᠭᠤᠯᠢ ᠶᠢᠨ ᠡᠯ᠎ᠡ ᠭᠠᠵᠠᠷ ᠲᠠᠯᠠᠪᠤᠷ ᠤᠨ | ᠭᠡᠷᠡᠯᠲᠦᠭᠦᠯᠭᠡ᠂ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠨᠥᠬᠦᠴᠡᠯ ᠨᠢ ᠬᠤᠯᠪᠣᠭᠳᠠᠯ ᠪᠦᠬᠦᠢ ᠠᠮᠤᠷ | ᠲᠦᠪᠰᠢᠨ ᠤ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠬᠡᠷᠡᠭᠲᠡᠶ ᠃ | ᠭᠤᠷᠪᠠ ᠰᠤᠷᠭᠠᠭᠤᠯᠢ ᠶᠢᠨ ᠪᠠᠶᠢᠷᠢ ᠶᠢᠨ ᠠᠶᠤᠯ ᠦᠭᠡᠶ ᠵᠢᠴᠢ ᠪᠡᠯᠡᠳᠬᠡᠮᠵᠢ ᠲᠥᠬᠦᠭᠡᠷᠦᠮᠵᠢ ᠶᠢᠨ ᠠᠶᠤᠯ ᠦᠭᠡᠶ | ᠶᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠦᠷᠦᠭᠦᠯᠡᠨ᠂ ᠭᠤᠷᠪᠠᠳᠠᠬᠢ ᠡᠲᠡᠭᠡᠳ ᠤᠨ | ᠬᠢᠷᠢ ᠬᠡᠮ ᠲᠠᠢ ᠨᠢᠭᠡᠴᠡ ᠶᠢ ᠵᠣᠬᠢᠶᠠᠨ ᠪᠠᠶᠢᠭᠤᠯᠤᠨ ᠦᠨᠡᠯᠡᠨ ᠵᠢᠱᠢᠵᠦ ᠪᠠᠶᠢᠴᠠᠭᠠᠯᠲᠠ ᠬᠢᠵᠦ᠂ ᠲᠤᠰᠬᠠᠶ ᠵᠦᠢᠯ ᠢᠶᠠᠷ | ᠰᠡᠯᠪᠢᠨ ᠵᠠᠰᠠᠬᠤ ᠪᠡᠯᠡ ᠮᠥᠩᠭᠦ ᠪᠠᠶᠢᠭᠤᠯᠤᠨ᠂ ᠰᠢᠨᠡᠳᠬᠡᠬᠦ ᠪᠤᠶᠤ ᠰᠡᠯᠪᠢᠨ ᠵᠠᠰᠠᠬᠤ ᠴᠢᠬᠤᠯᠠ ᠲᠠᠢ ᠶᠢ ᠨᠢ ᠴᠠᠭ | ᠲᠤᠬᠠᠶ ᠳᠤᠨᠢ ᠰᠢᠨᠡᠳᠬᠡᠨ ᠰᠡᠯᠪᠢᠨ ᠵᠠᠰᠠᠬᠤ ᠬᠡᠷᠡᠭᠲᠡᠶ︔ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ | ᠪᠠᠶᠢᠭᠤᠯᠤᠭᠰᠠᠨ ᠰᠤᠷᠭᠠᠭᠤᠯᠢ ᠪᠣᠯᠤᠨ ᠰᠤᠷᠭᠠᠭᠤᠯᠢ ᠶᠢᠨ ᠠᠮᠤᠷ ᠲᠦᠪᠰᠢᠨ ᠤ ᠢᠨᠵᠧᠨᠧᠷᠢᠩ ᠳᠠᠬᠢ | ᠪᠠᠬᠢᠵᠢᠭᠦᠯᠦᠭᠰᠡᠨ ᠦᠭᠡᠶ ᠰᠤᠷᠭᠠᠭᠤᠯᠢ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠨ ᠠᠪᠤᠭᠤᠯᠵᠤ | ᠬᠢᠷᠢ ᠲᠡᠩᠴᠡᠭᠦᠯᠦᠭᠰᠡᠨ ᠦᠭᠡᠶ ᠪᠣᠯ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ︔ ᠪᠦᠬᠦᠯᠢ ᠴᠣᠭᠴᠠ | ᠪᠠᠷ ᠨᠢ ᠨᠡᠭᠦᠯᠭᠡᠬᠦ ᠪᠠᠷ ᠲᠥᠯᠥᠪᠯᠡᠵᠦ ᠪᠠᠶᠢᠭ᠎ᠠ ᠰᠤᠷᠭᠠᠭᠤᠯᠢ ᠳᠤ ᠪᠣᠯ ᠣᠳᠣᠬᠢ ᠱᠠᠲᠤ ᠦᠶ᠎ᠡ ᠶᠢᠨ ᠬᠡᠷᠡᠭᠵᠢᠭᠦᠯᠬᠦ | ᠲᠥᠬᠦᠭᠡᠷᠦᠮᠵᠢ ᠶᠢᠨ ᠬᠠᠷᠢᠴᠠᠯᠠᠰᠢ ᠦᠭᠡᠶ ᠠᠶᠤᠯ ᠦᠭᠡᠶ ᠪᠠᠶᠢᠬᠤ ᠶᠢ ᠡᠷᠬᠡᠪᠰᠢ ᠪᠠᠲᠤᠯᠠᠬᠤ ᠬᠡᠷᠡᠭᠲᠡᠶ︔ D ᠲᠠᠰ ᠤᠨ | ᠨᠤᠷᠠᠬᠤ ᠠᠶᠤᠯᠲᠠᠶ ᠬᠡᠷ ᠪᠠᠶᠢᠰᠢᠩ ᠢ ᠨᠤᠲᠠᠯᠠᠮᠠᠭᠴᠠ ᠴᠠᠭ ᠲᠤᠬᠠᠶ ᠳᠤᠨᠢ ᠨᠤᠷᠠᠭᠠᠬᠤ ᠪᠤᠶᠤ ᠪᠢᠲᠡᠭᠦᠮᠵᠢᠯᠡᠨ | ᠬᠠᠳᠠᠭᠠᠯᠠᠬᠤ ᠬᠡᠷᠡᠭᠲᠡᠶ ᠃ | ( ᠳᠥᠷᠪᠡ ) 《 ᠠᠶᠤᠯ ᠦᠭᠡᠶ ᠪᠠᠶᠢᠬᠤ ᠶᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠬᠥᠭᠵᠢᠯᠲᠡ ᠶᠢ | ᠪᠠᠲᠤᠯᠠᠬᠤ 》 ᠪᠡᠯᠡ ᠮᠥᠩᠭᠦ ᠶᠢᠨ ᠬᠡᠷᠡᠭᠯᠡᠯᠲᠡ ᠶᠢᠨ ᠵᠠᠷᠴᠢᠮ ᠤᠨ ᠶᠣᠰᠣᠭᠠᠷ᠂ ᠠᠶᠤᠯ ᠦᠭᠡᠶ ᠶᠢᠨ ᠵᠠᠷᠤᠳᠠᠯ ᠤᠨ | ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ ᠃ ᠣᠷᠣᠨ ᠤ ᠡᠳ ᠤᠨ ᠵᠠᠰᠠᠭ ᠤᠨ ᠲᠣᠪᠴᠢᠶ᠎ᠠ ᠨᠢ | ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠵᠠᠷᠤᠳᠠᠯ ᠢ ᠡᠳ ᠤᠨ ᠵᠠᠰᠠᠭ ᠤᠨ ᠲᠥᠰᠦᠪ ᠲᠡᠭᠡᠨ | ᠣᠷᠣᠭᠤᠯᠵᠤ᠂ ᠭᠤᠣᠯᠳᠠᠭᠤ ᠠᠮᠤᠷ ᠲᠦᠪᠰᠢᠨ ᠤ ᠬᠠᠮᠢᠶᠠᠷᠤᠯᠲᠠ᠂ ᠠᠮᠤᠷ ᠲᠦᠪᠰᠢᠨ ᠤ ᠬᠥᠮᠦᠵᠢᠯ ᠪᠣᠯᠤᠨ ᠪᠠᠭᠰᠢ | ᠰᠤᠷᠤᠭᠴᠢᠳ ᠤᠨ ᠠᠮᠤᠷ ᠲᠦᠪᠰᠢᠨ ᠤ ᠪᠣᠯᠪᠠᠰᠤᠷᠠᠭᠤᠯᠤᠯ ᠳᠤ ᠬᠡᠷᠡᠭᠯᠡᠬᠦ ᠶᠢᠨ ᠬᠠᠮᠲᠤ ᠴᠠᠭ ᠬᠤᠭᠤᠴᠠᠭ᠎ᠠ | ᠶᠣᠰᠣᠭᠠᠷ ᠭᠦᠢᠴᠡᠳ ᠲᠤᠭ᠎ᠠ ᠪᠠᠷ ᠰᠠᠯᠭᠠᠨ ᠥᠭᠬᠦ ᠬᠡᠷᠡᠭᠲᠡᠶ᠂ ᠡᠵᠡᠯᠡᠨ ᠬᠡᠷᠡᠭᠯᠡᠵᠦ ᠨᠡᠭᠦᠯᠭᠡᠨ ᠬᠡᠷᠡᠭᠯᠡᠵᠦ ᠪᠣᠯᠬᠤ | ᠦᠭᠡᠶ ᠃ | ( ᠲᠠᠪᠤ ) ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠤᠷᠭᠠᠭᠤᠯᠢ ᠶᠢᠨ ᠠᠮᠤᠷ ᠲᠦᠪᠰᠢᠨ | ᠤ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠲᠤᠰᠬᠠᠶ ᠬᠥᠮᠦᠨ ᠢᠶᠠᠷ | ᠬᠠᠷᠢᠭᠤᠴᠠᠭᠤᠯᠤᠨ᠂ ᠴᠢᠬᠤᠯᠠ ᠬᠡᠷᠡᠭᠴᠡᠭᠡᠨ ᠤ ᠠᠵᠢᠯ ᠤᠨ ᠲᠥᠬᠦᠭᠡᠷᠦᠮᠵᠢ ᠶᠢ ᠲᠣᠬᠢᠷᠠᠭᠤᠯᠵᠤ᠂ ᠠᠮᠤᠷ ᠲᠦᠪᠰᠢᠨ | ᠤ ᠬᠠᠮᠢᠶᠠᠷᠤᠯᠲᠠ ᠶᠢᠨ ᠠᠵᠢᠯ ᠤᠨ ᠴᠠᠭ ᠲᠤᠬᠠᠶ ᠳᠤᠨᠢ ᠪᠦᠲᠦᠮᠵᠢᠲᠡᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠃ | ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠤᠨ ᠰᠣᠨᠣᠰᠬᠤ ᠵᠡᠷᠭᠡ ᠪᠣᠯᠤᠨ᠎ᠠ ᠃ | ( ᠵᠢᠷᠭᠤᠭ᠎ᠠ ) ᠰᠤᠷᠤᠭᠴᠢ ᠵᠥᠭᠡᠭᠡᠪᠦᠷᠢᠯᠡᠬᠦ ᠲᠡᠷᠭᠡ ᠬᠡᠷᠡᠭᠯᠡᠬᠦ ᠰᠤᠷᠭᠠᠭᠤᠯᠢ ᠪᠣᠯᠤᠨ ᠰᠤᠷᠤᠭᠴᠢ ᠵᠥᠭᠡᠭᠡᠪᠦᠷᠢᠯᠡᠬᠦ | ᠲᠡᠷᠭᠡ ᠬᠡᠷᠡᠭᠯᠡᠬᠦ ᠠᠵᠤ ᠠᠬᠤᠶᠢᠯᠠᠯ ᠤᠨ ᠡᠵᠡᠩᠨᠡᠯᠲᠡ ᠶᠢᠨ ᠲᠥᠰᠦᠯ ᠢ ᠲᠡᠭᠦᠯᠳᠡᠷᠵᠢᠭᠦᠯᠵᠦ᠂ ᠭᠠᠵᠠᠷ ᠣᠷᠣᠨ ᠤ | ᠣᠨᠴᠠᠯᠢᠭ ᠲᠠᠢ ᠡᠵᠡᠩᠨᠡᠯᠲᠡ ᠶᠢᠨ ᠵᠠᠭᠪᠤᠷ ᠢ ᠪᠣᠶ ᠪᠣᠯᠭᠠᠬᠤ ᠬᠡᠷᠡᠭᠲᠡᠶ ᠃ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ | ᠲᠡᠭᠡᠭᠡᠪᠦᠷᠢ ᠡᠵᠡᠩᠨᠡᠬᠦ ᠵᠠᠷᠤᠳᠠᠯ ᠳᠤ ᠵᠠᠰᠠᠭ ᠤᠨ ᠣᠷᠳᠣᠨ ᠠᠴᠠ ᠨᠥᠬᠦᠪᠥᠷᠢ ᠥᠭᠬᠦ᠂ ᠲᠡᠷᠭᠡᠨ ᠳᠤ ᠰᠠᠭᠤᠬᠤ | ᠰᠤᠷᠤᠭᠴᠢᠳ ᠵᠣᠬᠢᠰᠲᠠᠶ ᠪᠠᠷ ᠰᠦᠢᠳᠬᠡᠯ ᠲᠤᠰᠢᠶᠠᠬᠤ ᠠᠷᠭ᠎ᠠ ᠶᠢ ᠠᠪᠴᠤ᠂ ᠬᠠᠷᠢᠶ᠎ᠠ ᠣᠷᠣᠨ ᠤ ᠪᠠᠨ ᠰᠤᠷᠤᠭᠴᠢ | ᠵᠥᠭᠡᠭᠡᠪᠦᠷᠢᠯᠡᠬᠦ ᠲᠡᠷᠭᠡᠨ ᠳᠤ ᠰᠠᠭᠤᠬᠤ ᠨᠥᠬᠦᠴᠡᠯ ᠳᠤ ᠨᠡᠶᠢᠴᠡᠬᠦ ᠰᠤᠷᠤᠭᠴᠢᠳ ᠤᠨ ᠰᠤᠷᠤᠭᠴᠢ ᠵᠥᠭᠡᠭᠡᠪᠦᠷᠢᠯᠡᠬᠦ | ᠲᠡᠷᠭᠡ ᠶᠢᠨ ᠦᠢᠯᠡᠴᠢᠯᠡᠭᠡ ᠬᠦᠷᠲᠡᠬᠦ ᠶᠢ ᠪᠠᠲᠤᠯᠠᠬᠤ ᠬᠡᠷᠡᠭᠲᠡᠶ ᠃ | ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠦᠢᠯᠡᠴᠢᠯᠡᠭᠡᠨ ᠤ ᠮᠡᠳᠡᠭᠦᠯᠦᠨ ᠬᠢᠨᠠᠭᠤᠯᠬᠤ ᠳᠡᠰ ᠳᠠᠷᠠᠭᠠᠯᠠᠯ᠂ ᠬᠡᠷᠡᠭᠯᠡᠬᠦ | ᠵᠥᠪᠰᠢᠶᠡᠷᠡᠯ᠂ ᠵᠢᠯᠣᠭᠤᠴᠢ ᠠᠶᠠᠨᠴᠢᠳ ᠤᠨ ᠨᠥᠬᠦᠴᠡᠯ ᠵᠡᠷᠭᠡ ᠶᠢ 《 ᠪᠤᠭᠤᠲᠤ ᠬᠤᠲᠠ ᠶᠢᠨ ᠰᠤᠷᠤᠭᠴᠢ | ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ 》 ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ ᠃ | ( ᠳᠣᠯᠤᠭ᠎ᠠ ) ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠢ ᠬᠡᠷᠡᠭᠯᠡᠬᠦ ᠳᠤ ᠵᠠᠰᠠᠭ ᠤᠨ | ᠣᠷᠳᠣᠨ ᠦᠶᠯᠡᠴᠢᠯᠡᠭᠡᠨ ᠬᠤᠳᠠᠯᠳᠤᠨ ᠠᠪᠬᠤ ᠬᠡᠯᠪᠡᠷᠢ ᠶᠢ ᠬᠡᠷᠡᠭᠵᠢᠭᠦᠯᠵᠦ᠂ ᠠᠮᠤᠷ ᠢ ᠬᠠᠮᠠᠭᠠᠯᠠᠬᠤ ᠺᠣᠮᠫᠠᠨᠢ ᠠᠴᠠ | ᠦᠶᠯᠡᠴᠢᠯᠡᠭᠡᠨ ᠬᠠᠩᠭᠠᠵᠤ᠂ ᠬᠥᠮᠦᠨ ᠬᠡᠷᠡᠭᠯᠡᠬᠦ ᠨᠢᠭᠡᠴᠡ ᠠᠴᠠ ᠦᠨᠡᠯᠡᠨ ᠵᠢᠱᠢᠵᠦ ᠬᠢᠨᠠᠨ ᠰᠢᠯᠭᠠᠬᠤ ᠬᠡᠷᠡᠭᠲᠡᠶ ᠃ | ᠠᠮᠤᠷ ᠢ ᠬᠠᠮᠠᠭᠠᠯᠠᠭᠴᠢ ᠶᠢᠨ ᠲᠤᠭ᠎ᠠ᠂ ᠨᠠᠰᠤ᠂ ᠪᠡᠶ᠎ᠡ ᠮᠠᠬᠠᠪᠣᠳ ᠵᠢᠴᠢ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠠᠮᠤᠷ ᠢ ᠬᠠᠮᠠᠭᠠᠯᠠᠬᠤ ᠺᠣᠮᠫᠠᠨᠢ ᠨᠢ 《 ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠥᠮᠦᠵᠢᠯ | ᠬᠢᠭᠡᠳ ᠬᠠᠮᠢᠶᠠᠷᠤᠯᠲᠠ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠨᠠᠷᠢᠨ ᠳᠦᠷᠢᠮ 》 ᠤᠨ ᠲᠣᠭᠲᠠᠭᠠᠯ ᠢ ᠴᠢᠩᠭ᠎ᠠ | ᠵᠢᠷᠤᠮᠯᠠᠨ ᠬᠡᠷᠡᠭᠵᠢᠭᠦᠯᠬᠦ ᠬᠡᠷᠡᠭᠲᠡᠶ ᠃ | ( ᠨᠠᠶᠮᠠ ) ᠰᠤᠷᠭᠠᠭᠤᠯᠢ ᠳᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠬᠤᠳᠠᠯᠳᠤᠨ ᠠᠪᠴᠤ᠂ ᠳᠠᠭᠠᠳᠬᠠᠯ ᠤᠨ ᠺᠣᠮᠫᠠᠨᠢ ᠨᠢ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ ᠶᠢᠨ ᠨᠢᠭᠡᠳᠦᠯᠲᠡᠶ ᠳᠠᠭᠠᠭᠠᠴᠢᠯᠠᠯᠲᠠ ᠵᠠᠷᠯᠠᠵᠤ ᠲᠣᠭᠲᠠᠭᠠᠭᠰᠠᠨ ᠳᠠᠭᠠᠳᠬᠠᠯ ᠤᠨ ᠺᠣᠮᠫᠠᠨᠢ ᠶᠢ ᠰᠣᠩᠭᠤᠨ | ᠬᠡᠷᠡᠭᠯᠡᠨ᠎ᠡ ᠃ | ( ᠶᠢᠰᠦ ) ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ | ᠭᠤᠷᠪᠠᠳᠠᠬᠢ ᠡᠲᠡᠭᠡᠳ ᠲᠤ ᠨᠠᠶᠢᠳᠠᠨ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠠᠯᠲᠠ ᠪᠠᠨ | ᠪᠡᠶᠡᠯᠡᠭᠦᠯᠦᠭᠰᠡᠨ᠂ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠦᠨᠡᠯᠡᠨ ᠵᠢᠱᠢᠵᠦ ᠰᠢᠯᠭᠠᠨ | ᠬᠢᠨᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠲᠤᠰᠬᠠᠶ ᠪᠤᠶᠤ ᠶᠡᠷᠦᠩᠬᠡᠶᠢᠯᠡᠨ ᠱᠠᠩᠨᠠᠵᠤ ᠲᠣᠷᠭᠠᠬᠤ ᠶᠢᠨ ᠴᠢᠬᠤᠯᠠ | ᠦᠨᠳᠦᠰᠦᠯᠡᠯ ᠪᠣᠯᠭᠠᠨ᠎ᠠ ᠃ | ᠠᠷᠪᠠᠨ ᠨᠢᠭᠡᠳᠦᠭᠡᠷ ᠵᠦᠶᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠳᠣᠤᠷᠠᠬᠢ ᠡᠭᠦᠷᠭᠡ ᠬᠠᠷᠢᠭᠤᠴᠠᠯᠭ᠎ᠠ | ᠶᠢ ᠭᠦᠶᠴᠡᠳᠬᠡᠬᠦ ᠬᠡᠷᠡᠭᠲᠡᠶ ᠃ | ( ᠨᠢᠭᠡ ) ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠰᠤᠷᠭᠠᠨ ᠬᠥᠮᠦᠵᠢᠯ ᠤᠨ | ᠲᠣᠪᠴᠢᠶ᠎ᠠ ᠨᠢ ᠡᠷᠬᠡᠪᠰᠢ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠬᠠᠮᠢᠶᠠᠷᠤᠯᠲᠠ ᠶᠢᠨ ᠲᠤᠰᠬᠠᠶ | ᠪᠠᠶᠢᠭᠤᠯᠤᠮᠵᠢ ᠲᠠᠢ ᠪᠠᠶᠢᠵᠤ᠂ ᠲᠤᠰᠬᠠᠶ ᠬᠥᠮᠦᠨ ᠲᠣᠬᠢᠷᠠᠭᠤᠯᠤᠨ ᠬᠠᠷᠢᠭᠤᠴᠠᠭᠤᠯᠵᠤ᠂ 3 . 4 ᠠᠵᠢᠯᠲᠠᠨ ᠤ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ ᠃ | ( ᠬᠤᠶᠠᠷ ) ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠴᠠᠭᠤᠯᠤᠨ ᠰᠤᠷᠭᠠᠭᠤᠯᠢ ᠶᠢᠨ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠮᠲᠤᠪᠠᠷ ᠰᠠᠶᠢᠲᠤᠷ ᠬᠢᠵᠦ᠂ ᠲᠣᠭᠤᠷᠢᠭ ᠤᠨ ᠵᠠᠰᠠᠭ ᠤᠨ | ᠣᠷᠳᠣᠨ ᠢ ᠬᠠᠮᠵᠢᠨ ᠰᠤᠷᠭᠠᠭᠤᠯᠢ ᠶᠢᠨ ᠠᠮᠤᠷ ᠲᠦᠪᠰᠢᠨ ᠤ ᠠᠳᠠᠯ ᠤᠨ ᠠᠪᠤᠷᠠᠨ ᠲᠤᠰᠠᠯᠠᠬᠤ ᠪᠠ ᠪᠠᠶᠢᠴᠠᠭᠠᠨ | ᠰᠢᠶᠳᠪᠦᠷᠢᠯᠡᠬᠦ ᠶᠢ ᠥᠷᠨᠢᠭᠦᠯᠦᠨ᠎ᠡ ᠃ | ( ᠭᠤᠷᠪᠠ ) ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ | ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ | ᠪᠠᠶᠢᠭᠤᠯᠤᠨ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ︔ ᠰᠤᠷᠭᠠᠭᠤᠯᠢ ᠶᠢᠨ | ᠠᠮᠤᠷ ᠲᠦᠪᠰᠢᠨ ᠤ ᠠᠵᠢᠯ ᠤᠨ ᠬᠢᠨᠠᠨ ᠰᠢᠯᠭᠠᠬᠤ ᠬᠠᠷᠠᠯᠲᠠ ᠶᠢ ᠲᠣᠭᠲᠠᠭᠠᠵᠤ᠂ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠨᠠᠶᠢᠳᠠᠪᠤᠷᠢᠵᠢᠭᠤᠯᠬᠤ ᠳᠤ | ᠬᠢᠨᠠᠯᠲᠠ ᠲᠠᠯᠪᠢᠬᠤ ᠬᠡᠷᠡᠭᠲᠡᠶ︔ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠠᠳᠡᠯ ᠤᠨ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠵᠤ᠂ ᠰᠤᠷᠭᠠᠭᠤᠯᠢ ᠶᠢ ᠵᠢᠯᠣᠭᠤᠳᠤᠨ ᠰᠤᠷᠤᠭᠴᠢᠳ ᠢ ᠭᠡᠮᠲᠦᠭᠡᠨ | ᠬᠤᠬᠢᠷᠠᠭᠤᠯᠤᠭᠰᠠᠨ ᠠᠳᠡᠯ ᠢ ᠲᠣᠬᠢᠲᠠᠶ ᠰᠢᠶᠳᠪᠦᠷᠢᠯᠡᠬᠦ ᠬᠡᠷᠡᠭᠲᠡᠶ ᠃ | ( ᠳᠥᠷᠪᠡ ) ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ( ᠴᠡᠴᠡᠷᠯᠢᠭ ) ᠶᠢᠨ ᠭᠠᠳᠠᠨᠠᠬᠢ | ᠲᠣᠮᠣ ᠬᠡᠯᠪᠡᠷᠢ ᠶᠢᠨ ᠴᠤᠭᠯᠠᠭᠠᠨ᠂ ᠲᠥᠪᠯᠡᠷᠡᠭᠦᠯᠦᠨ ᠪᠣᠯᠪᠠᠰᠤᠷᠠᠭᠤᠯᠵᠤ ᠰᠤᠷᠤᠯᠴᠠᠬᠤ ᠪᠠ ᠨᠡᠶᠢᠲᠡ ᠶᠢᠨ ᠠᠰᠠᠷᠠᠮᠵᠢ | ᠶᠢᠨ ᠠᠵᠢᠯᠯᠠᠭ᠎ᠠ ᠵᠡᠷᠭᠡ ᠳᠤ ᠣᠷᠣᠯᠴᠠᠭᠤᠯᠬᠤ ᠳᠤ ᠡᠷᠬᠡᠪᠰᠢ ᠠᠮᠤᠷ ᠲᠦᠪᠰᠢᠨ ᠤ ᠲᠦᠭᠰᠢᠭᠦᠷᠢ ᠶᠢᠨ ᠪᠦᠷᠢᠨ | ᠲᠡᠭᠦᠯᠳᠡᠷ ᠨᠠᠷᠢᠨ ᠪᠣᠳᠠᠲᠠᠶ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠪᠣᠳᠠᠲᠠᠶ ᠠᠷᠭ᠎ᠠ | ᠬᠡᠮᠵᠢᠶ᠎ᠡ ᠲᠠᠢ ᠪᠠᠶᠢᠬᠤ ᠬᠡᠷᠡᠭᠲᠡᠶ ᠃ ᠠᠮᠤᠷ ᠲᠦᠪᠰᠢᠨ ᠤ ᠲᠦᠭᠰᠢᠭᠦᠷᠢ ᠶᠢᠨ ᠪᠡᠯᠡᠳᠬᠡᠯ ᠲᠥᠰᠦᠯ ᠢᠶᠠᠨ ᠣᠷᠣᠨ ᠤ | ᠵᠠᠰᠠᠭ ᠤᠨ ᠣᠷᠳᠣᠨ ᠤ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠤᠨ | ᠠᠯᠪᠠᠨ ᠬᠡᠷ ᠲᠤ ᠮᠡᠳᠡᠭᠦᠯᠵᠦ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠢᠶ᠎ᠠ ᠪᠥᠬᠦᠶ | ᠠᠵᠢᠯᠯᠠᠭ᠎ᠠ ᠥᠷᠨᠢᠭᠦᠯᠵᠦ ᠪᠣᠯᠤᠨ᠎ᠠ ᠃ ᠶᠠᠮᠠᠷᠪᠠ ᠨᠢᠭᠡᠴᠡ ᠪᠣᠯᠤᠨ ᠵᠣᠬᠢᠶᠠᠨ ᠪᠠᠶᠢᠭᠤᠯᠤᠯᠲᠠ ᠭᠡᠳ ᠰᠤᠷᠭᠠᠨ | ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠶ ᠪᠠᠷ ᠰᠤᠷᠤᠭᠴᠢᠳ ᠢ | ᠳᠠᠶᠢᠴᠢᠯᠠᠨ ᠡᠯ᠎ᠡ ᠲᠥᠷᠥᠯ ᠤᠨ ᠲᠣᠮᠣ ᠬᠡᠯᠪᠡᠷᠢ ᠶᠢᠨ ᠠᠵᠢᠯᠯᠠᠭ᠎ᠠ ᠳᠤ ᠣᠷᠣᠯᠴᠠᠭᠤᠯᠵᠤ ᠪᠣᠯᠬᠤ ᠦᠭᠡᠶ ᠃ | ᠲᠠᠪᠤ ᠰᠤᠷᠭᠠᠭᠤᠯᠢ ᠶᠢ ᠲᠣᠬᠢᠷᠠᠭᠤᠯᠤᠨ ᠵᠢᠯᠣᠭᠤᠳᠴᠤ ᠪᠠᠶᠢᠭᠠᠳ ᠰᠤᠷᠤᠭᠴᠢᠳ ᠤᠨ ᠴᠡᠷᠢᠭ ᠤᠨ ᠪᠣᠯᠪᠠᠰᠤᠷᠠᠯ᠂ | ᠬᠥᠳᠡᠯᠮᠦᠷᠢ ᠶᠢᠨ ᠬᠥᠮᠦᠵᠢᠯ᠂ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢᠨ ᠠᠶᠤᠯ ᠦᠭᠡᠶ ᠶᠢᠨ ᠠᠵᠢᠯ ᠢ | ᠰᠠᠶᠢᠲᠤᠷ ᠬᠢᠯᠭᠡᠬᠦ ᠬᠡᠷᠡᠭᠲᠡᠶ ᠃ ᠰᠤᠷᠭᠠᠭᠤᠯᠢ ᠨᠤᠭᠤᠳ 《 ᠰᠤᠷᠤᠭᠴᠢᠳ ᠲᠤ ᠬᠠᠷᠢᠭᠤᠴᠠᠬᠤ᠂ ᠭᠡᠷ ᠤᠨ | ᠠᠬᠠᠮᠠᠳ ᠲᠤ ᠬᠠᠷᠢᠭᠤᠴᠠᠬᠤ᠂ ᠨᠡᠶᠢᠭᠡᠮ ᠳᠤ ᠬᠠᠷᠢᠭᠤᠴᠠᠬᠤ 》 ᠣᠪᠣᠷ ᠢᠶᠠᠷ ᠬᠡᠷᠡᠭᠵᠢᠭᠦᠯᠬᠦ ᠨᠠᠷᠢᠨ ᠨᠢᠭᠲᠠ | ᠲᠥᠰᠦᠯ ᠲᠣᠭᠲᠠᠭᠠᠵᠤ᠂ ᠬᠠᠷᠢᠭᠤᠴᠠᠬᠤ ᠤᠳᠤᠷᠢᠳᠤᠯᠭ᠎ᠠ ᠪᠣᠯᠤᠨ ᠬᠠᠷᠢᠭᠤᠴᠠᠬᠤ ᠪᠠᠭᠰᠢ ᠶᠢᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠦᠲᠦᠮᠵᠢᠲᠡᠶ ᠠᠷᠭ᠎ᠠ ᠬᠡᠮᠵᠢᠶ᠎ᠡ ᠶᠢ | ᠪᠠᠶᠢᠭᠤᠯᠵᠤ᠂ ᠨᠠᠵᠠᠭᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠬᠦ ᠬᠡᠷᠡᠭᠲᠡᠶ ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠤᠯᠪᠣᠭᠳᠠᠪᠠᠯ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ | ᠵᠥᠪᠳᠡᠯᠴᠡᠨ ᠲᠣᠭᠲᠠᠭᠠᠵᠤ᠂ ᠠᠵᠢᠯᠯᠠᠭ᠎ᠠ ᠶᠢᠨ ᠭᠠᠵᠠᠷ ᠲᠠᠯᠠᠪᠤᠷ᠂ ᠲᠥᠬᠦᠭᠡᠷᠦᠮᠵᠢ ᠪᠣᠯᠤᠨ ᠪᠠᠭᠠᠵᠢ ᠬᠡᠷᠡᠭᠰᠡᠯ ᠤᠨ | ᠠᠶᠤᠯ ᠦᠭᠡᠶ ᠶᠢᠨ ᠴᠢᠨᠠᠷ ᠢ ᠪᠠᠲᠤᠯᠠᠬᠤ ᠬᠡᠷᠡᠭᠲᠡᠶ ᠃ ᠴᠡᠷᠢᠭ ᠤᠨ ᠪᠣᠯᠪᠠᠰᠤᠷᠠᠯ᠂ ᠬᠥᠳᠡᠯᠮᠦᠷᠢ ᠶᠢᠨ ᠬᠥᠮᠦᠵᠢᠯ ᠪᠠ | ᠨᠡᠶᠢᠭᠡᠮ ᠤᠨ ᠦᠢᠯᠡᠳᠦᠯᠭᠡ ᠶᠢᠨ ᠲᠠᠯᠠᠪᠤᠷ᠂ ᠠᠵᠢᠯᠯᠠᠭ᠎ᠠ ᠶᠢᠨ ᠱᠤᠭᠤᠮ ᠢ ᠤᠷᠢᠳᠠᠪᠠᠷ ᠲᠤᠬᠠᠢ ᠶᠢᠨ ᠭᠠᠵᠠᠷ ᠲᠤᠨᠢ | ᠬᠠᠶᠢᠨ ᠪᠠᠶᠢᠴᠠᠭᠠᠬᠤ ᠬᠡᠷᠡᠭᠲᠡᠢ︔ ᠬᠥᠳᠡᠯᠭᠡᠭᠡᠨ ᠤ ᠡᠯ᠎ᠡ ᠶᠠᠪᠤᠴᠠ ᠪᠠ ᠭᠤᠭᠴᠤᠭ᠎ᠠ ᠨᠢ ᠰᠤᠷᠤᠭᠴᠢᠳ ᠲᠤ | ᠲᠣᠳᠣᠷᠬᠠᠶ ᠠᠮᠤᠷ ᠲᠦᠪᠰᠢᠨ ᠤ ᠱᠠᠭᠠᠷᠳᠠᠯᠭ᠎ᠠ ᠳᠤᠷᠠᠳᠪᠠ︔ ᠴᠡᠷᠢᠭ ᠤᠨ ᠪᠣᠯᠪᠠᠰᠤᠷᠠᠯ᠂ ᠬᠥᠳᠡᠯᠮᠦᠷᠢ ᠶᠢᠨ | ᠬᠥᠮᠦᠵᠢᠯ ᠤᠨ ᠬᠦᠴᠦᠯᠡᠴᠡ ᠶᠢ ᠰᠤᠷᠤᠭᠴᠢᠳ ᠤᠨ ᠨᠠᠰᠤ ᠵᠢᠯ᠂ ᠪᠡᠶ᠎ᠡ ᠮᠠᠬᠠᠪᠣᠳ ᠤᠨ ᠪᠠᠶᠢᠳᠠᠯ ᠢ ᠦᠨᠳᠦᠰᠦᠯᠡᠨ | ᠲᠣᠭᠲᠠᠭᠠᠵᠤ᠂ ᠴᠡᠷᠢᠭ ᠤᠨ ᠪᠣᠯᠪᠠᠰᠤᠷᠠᠯ ᠤᠨ ᠠᠵᠢᠯᠯᠠᠭ᠎ᠠ ᠳᠤ ᠲᠣᠬᠢᠷᠠᠬᠤ ᠦᠭᠡᠶ ᠡᠪᠡᠳᠴᠢᠨ ᠲᠠᠢ ᠰᠤᠷᠤᠭᠴᠢ ᠶᠢ | ᠬᠤᠷᠢᠭᠯᠠᠨ ᠵᠣᠭᠰᠣᠭᠠᠵᠤ᠂ ᠬᠡᠷᠡᠭ ᠦᠭᠡᠶ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ ᠃ | ( ᠵᠢᠷᠭᠤᠭ᠎ᠠ ) ᠰᠤᠷᠭᠠᠭᠤᠯᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠠᠵᠢᠯ ᠳᠤ | ᠬᠢᠨᠠᠯᠲᠠ ᠲᠠᠯᠪᠢᠬᠤ ᠪᠠ ᠵᠢᠭᠠᠨ ᠵᠢᠯᠣᠭᠤᠳᠴᠤ᠂ ᠰᠤᠷᠭᠠᠭᠤᠯᠢ ᠶᠢᠨ ᠬᠤᠭᠤᠯᠠᠨ ᠭᠡᠷ ᠢ ᠠᠯᠬᠤᠮ ᠠᠯᠬᠤᠮ ᠢᠶᠠᠷ | ᠡᠵᠡᠨ ᠮᠡᠳᠡᠨ ᠬᠠᠮᠢᠶᠠᠷᠴᠤ᠂ ᠡᠵᠡᠨ ᠮᠡᠳᠡᠨ ᠡᠵᠡᠩᠨᠡᠬᠦ ᠶᠢ ᠪᠡᠶᠡᠯᠡᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠤᠨ | ᠦᠶ᠎ᠡ ᠳᠤ ᠰᠤᠷᠭᠠᠭᠤᠯᠢ ᠶᠢᠨ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | ᠶᠢᠨ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠷᠡᠭᠦᠯ | ᠮᠡᠨᠳᠦ ᠶᠢᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠃ | ( ᠳᠣᠯᠤᠭ᠎ᠠ ) ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠰᠤᠷᠤᠭᠴᠢ | ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠶᠴᠡᠳᠬᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠰᠤᠷᠤᠭᠴᠢ ᠵᠥᠭᠡᠭᠡᠪᠦᠷᠢᠯᠡᠬᠦ | ᠲᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢ | ᠵᠢᠯᠣᠭᠤᠳᠤᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠢ ᠥᠷᠨᠢᠭᠦᠯᠬᠦ ᠬᠡᠷᠡᠭᠲᠡᠶ ᠃ | | ( ᠨᠠᠶᠮᠠ ) ᠰᠤᠷᠭᠠᠭᠤᠯᠢ ᠨᠢᠭᠡᠳᠦᠯᠲᠡᠶ ᠰᠤᠷᠭᠠᠭᠤᠯᠢ ᠶᠢᠨ ᠬᠤᠪᠴᠠᠰᠤ ᠬᠤᠳᠠᠯᠳᠤᠨ ᠠᠪᠬᠤ ᠴᠢᠬᠤᠯᠠ ᠲᠠᠢ ᠪᠣᠯ | ᠰᠤᠷᠭᠠᠨ ᠬᠥᠮᠦᠵᠢᠯ ᠤᠨ ᠶᠠᠮᠤᠨ᠂ ᠠᠵᠤ ᠦᠶᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ | ᠶᠢᠨ ᠶᠡᠷᠦᠩᠬᠡᠶ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠶᠡᠷᠦᠩᠬᠡᠶ ᠲᠣᠪᠴᠢᠶ᠎ᠠ᠂ ᠤᠯᠤᠰ | ᠤᠨ ᠪᠠᠷᠢᠮᠵᠢᠶ᠎ᠠ ᠶᠢᠨ ᠵᠥᠪᠯᠡᠯ ᠵᠡᠷᠭᠡ ᠳᠥᠷᠪᠡᠨ ᠰᠠᠯᠠᠭ᠎ᠠ ᠮᠥᠴᠢᠷ ᠤᠨ 《 ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠰᠤᠷᠭᠠᠭᠤᠯᠢ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠰᠠᠨᠠᠯ 》 ( ᠰᠤᠷᠭᠠᠨ ᠰᠠᠭᠤᠷᠢ 20153 ᠳ᠋ᠤᠭᠠᠷ ᠲᠣᠭᠠᠲᠤ ) ᠤᠨ ᠬᠤᠯᠪᠣᠭᠳᠠᠯ ᠪᠦᠬᠦᠢ | ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠪᠣᠯᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ 《 ᠬᠤᠶᠠᠷ ᠢ ᠰᠤᠭᠤᠴᠢᠬᠤ 》 ᠵᠠᠷᠴᠢᠮ ᠤᠨ | ᠶᠣᠰᠣᠭᠠᠷ ᠰᠤᠷᠭᠠᠭᠤᠯᠢ ᠶᠢᠨ ᠬᠤᠳᠠᠯᠳᠤᠨ ᠠᠪᠤᠭᠰᠠᠨ ᠰᠤᠷᠭᠠᠭᠤᠯᠢ ᠶᠢᠨ ᠬᠤᠪᠴᠠᠰᠤ ᠶᠢ ᠬᠢᠨᠠᠨ ᠪᠠᠶᠢᠴᠠᠭᠠᠬᠤ ᠪᠠ | ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠬᠦ ᠬᠡᠷᠡᠭᠲᠡᠶ ᠃ ᠰᠤᠷᠤᠭᠴᠢᠳ ᠤᠨ ᠬᠡᠷᠡᠭᠯᠡᠬᠦ | ᠬᠥᠨᠵᠢᠯᠡ ᠳᠡᠪᠢᠰᠬᠡᠷ ᠵᠡᠷᠭᠡ ᠠᠮᠢᠳᠤᠷᠠᠯ ᠤᠨ ᠬᠡᠷᠡᠭᠰᠡᠯ ᠢ ᠬᠤᠳᠠᠯᠳᠤᠨ ᠠᠪᠬᠤ ᠳᠤ 《 ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤᠨ ᠤ ᠬᠠᠮᠢᠶᠠᠷᠤᠯᠲᠠ ᠶᠢᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ 》 ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ | ᠬᠡᠷᠡᠭᠲᠡᠶ ᠃ | ( ᠶᠢᠰᠦ ) ᠰᠤᠷᠭᠠᠭᠤᠯᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ | ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠭᠠᠯ ᠰᠡᠷᠭᠡᠶᠢᠯᠡᠯᠲᠡ ᠶᠢᠨ ᠪᠠᠷᠢᠮᠵᠢᠶ᠎ᠠ ᠪᠠ ᠱᠠᠭᠠᠷᠳᠠᠯᠭ᠎ᠠ | ᠶᠣᠰᠣᠭᠠᠷ ᠨᠢᠭᠡᠨᠲᠡ ᠪᠠᠶᠢᠭᠤᠯᠤᠭᠰᠠᠨ ᠪᠤᠶᠤ ᠪᠠᠶᠢᠭᠤᠯᠵᠤ ᠪᠠᠶᠢᠭ᠎ᠠ ᠰᠤᠷᠭᠠᠭᠤᠯᠢ ᠶᠢᠨ ᠪᠠᠶᠢᠷᠢ ᠶᠢᠨ ᠪᠡᠯᠡᠳᠬᠡᠮᠵᠢ ᠶᠢ | ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠭᠠᠯ ᠰᠡᠷᠭᠡᠶᠢᠯᠡᠯᠲᠡ ᠶᠢᠨ ᠰᠠᠯᠠᠭ᠎ᠠ ᠮᠥᠴᠢᠷ ᠢ ᠬᠠᠮᠵᠢᠨ | ᠰᠤᠷᠭᠠᠭᠤᠯᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠳᠤ ᠵᠢᠯᠣᠭᠤᠳᠣᠯᠭ᠎ᠠ᠂ ᠬᠢᠨᠠᠯᠲᠠ ᠲᠠᠯᠪᠢᠯᠲᠠ ᠪᠠ | ᠪᠠᠶᠢᠴᠠᠭᠠᠯᠲᠠ ᠬᠢᠨ᠎ᠠ ᠃ ᠰᠤᠷᠭᠠᠭᠤᠯᠢ ᠶᠢᠨ ᠥᠪᠡᠷ ᠢᠶᠠᠨ ᠰᠢᠶᠳᠪᠦᠷᠢᠯᠡᠵᠦ ᠳᠡᠶᠢᠯᠬᠦ ᠦᠭᠡᠶ ᠭᠠᠯ ᠤᠨᠲᠠᠷᠠᠭᠠᠬᠤ | ᠪᠡᠯᠡᠳᠬᠡᠮᠵᠢ ᠲᠥᠬᠦᠭᠡᠷᠦᠮᠵᠢ ᠨᠢ ᠪᠠᠷᠢᠮᠵᠢᠶ᠎ᠠ ᠳᠤ ᠬᠦᠷᠦᠭᠡᠳᠦᠶ ᠠᠴᠠ ᠪᠣᠯᠤᠭᠰᠠᠨ ᠭᠠᠯ ᠤᠨ ᠠᠶᠤᠯ ᠤᠨ ᠳᠠᠯᠳᠠ ᠭᠡᠮ | ᠢ ᠪᠣᠯ ᠲᠣᠭᠤᠷᠢᠭ ᠤᠨ ᠵᠠᠰᠠᠭ ᠤᠨ ᠣᠷᠳᠣᠨ ᠵᠢᠴᠢ ᠭᠠᠯ ᠤᠨᠲᠠᠷᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠪᠢᠴᠢᠭ ᠢᠶᠠᠷ ᠮᠡᠳᠡᠭᠦᠯᠦᠨ ᠬᠦᠷᠭᠡᠬᠦ ᠬᠡᠷᠡᠭᠲᠡᠶ ᠃ | ( ᠠᠷᠪᠠ ) ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠵᠤ᠂ | ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠰᠤᠷᠤᠯᠭ᠎ᠠ ᠶᠢᠨ ᠬᠤᠭᠤᠴᠠᠭᠠᠨ ᠤ ᠪᠠᠶᠢᠴᠠᠭᠠᠯᠲᠠ ᠪᠠ ᠲᠤᠰᠬᠠᠶ | ᠵᠦᠶᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ | ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠳᠤ ᠵᠢᠯ | ᠤᠨ ᠡᠴᠦᠰ ᠤᠨ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢᠨ ᠬᠠᠮᠲᠤ ᠬᠢᠷᠢ ᠴᠢᠳᠠᠮᠵᠢ ᠲᠠᠢ ᠨᠡᠶᠢᠭᠡᠮ ᠤᠨ | ᠮᠡᠷᠭᠡᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠠᠴᠠ ᠨᠢᠭᠡ ᠤᠳᠠᠭᠠᠨ ᠤ ᠠᠮᠤᠷ ᠲᠦᠪᠰᠢᠨ ᠤ ᠦᠨᠡᠯᠡᠨ ᠵᠢᠱᠢᠯᠲᠡ | ᠬᠢᠵᠦ᠂ ᠣᠨ ᠤ ᠪᠠᠶᠢᠴᠠᠭᠠᠯᠲᠠ ᠶᠢᠨ ᠲᠤᠰᠬᠠᠶ ᠵᠦᠶᠯ ᠤᠨ ᠮᠡᠳᠡᠭᠦᠯᠦᠯᠲᠡ ᠶᠢᠨ ᠪᠢᠴᠢᠭ ᠬᠢᠵᠦ ᠥᠭᠭᠦᠨ᠎ᠡ︔ | ᠰᠤᠷᠭᠠᠭᠤᠯᠢ ᠶᠢᠨ ᠠᠮᠤᠷ ᠲᠦᠪᠰᠢᠨ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ | ᠪᠠᠶᠢᠴᠠᠭᠠᠬᠤ ᠬᠡᠷᠡᠭᠲᠡᠶ︔ ᠰᠤᠷᠤᠯᠭ᠎ᠠ ᠶᠢᠨ ᠬᠤᠭᠤᠴᠠᠭᠠᠨ ᠤ ᠪᠠᠶᠢᠴᠠᠭᠠᠯᠲᠠ᠂ ᠲᠤᠰᠬᠠᠶ ᠵᠦᠢᠯ ᠤᠨ ᠪᠠᠶᠢᠴᠠᠭᠠᠯᠲᠠ | ᠵᠢᠴᠢ ᠣᠨ ᠤ ᠪᠠᠶᠢᠴᠠᠭᠠᠯᠲᠠ ᠶᠢᠨ ᠦᠷ᠎ᠡ ᠳ᠋ᠦᠩ ᠢ ᠨᠡᠪᠲᠡᠷᠡᠭᠦᠯᠬᠦ ᠬᠡᠷᠡᠭᠲᠡᠶ ᠃ | ᠠᠷᠪᠠᠨ ᠨᠢᠭᠡ ᠠᠮᠤᠷ ᠲᠦᠪᠰᠢᠨ ᠤ ᠠᠳᠡᠯ᠂ ᠠᠮᠤᠷ ᠲᠦᠪᠰᠢᠨ ᠤ ᠳᠠᠯᠳᠠ ᠭᠡᠮ ᠢ ᠪᠣᠯᠵᠣᠨ ᠶᠠᠷᠢᠯᠴᠠᠬᠤ ᠳᠦᠷᠢᠮ | ᠢ ᠬᠡᠷᠡᠭᠵᠢᠭᠦᠯᠬᠦ ᠬᠡᠷᠡᠭᠲᠡᠶ ᠃ ᠬᠠᠷᠢᠭᠤᠴᠠᠯᠭ᠎ᠠ ᠶᠢᠨ ᠠᠳᠡᠯ ᠭᠠᠷᠤᠭᠰᠠᠨ ᠠᠴᠠ ᠪᠣᠯᠵᠤ ᠬᠥᠮᠦᠨ ᠦᠬᠦᠵᠦ | ᠰᠢᠷᠬᠠᠲᠤᠭᠰᠠᠨ᠂ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ᠂ ᠠᠮᠤᠷ ᠲᠦᠪᠰᠢᠨ ᠤ ᠬᠦᠨᠳᠦ | ᠶᠡᠭᠡ ᠠᠳᠡᠯ ᠭᠠᠷᠤᠭᠰᠠᠨ ᠪᠤᠶᠤ ᠠᠮᠤᠷ ᠲᠦᠪᠰᠢᠨ ᠤ ᠬᠦᠨᠳᠦ ᠶᠡᠭᠡ ᠳᠠᠯᠳᠠ ᠭᠡᠮ ᠣᠷᠣᠰᠢᠵᠤ ᠪᠠᠶᠢᠭᠠᠳ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ ᠰᠤᠷᠭᠠᠭᠤᠯᠢ᠂ ᠵᠢᠴᠢ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ | ᠦᠭᠡᠶ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠢᠭᠡ ᠪᠢᠯᠧᠲ ᠢᠶᠠᠷ ᠦᠭᠡᠶᠢᠰᠬᠡᠬᠦ ᠳᠦᠷᠢᠮ ᠢ | ᠬᠡᠷᠡᠭᠵᠢᠭᠦᠯᠬᠦ ᠬᠡᠷᠡᠭᠲᠡᠶ ᠃ | ( ᠠᠷᠪᠠᠨ ᠬᠤᠶᠠᠷ ) ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠠᠶᠤᠯ ᠦᠭᠡᠶ | ᠶᠢᠨ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠠᠷᠠᠳ ᠠᠴᠠ | ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠪᠠ ᠣᠨ ᠤ ᠪᠠᠶᠢᠴᠠᠭᠠᠯᠲᠠ ᠬᠢᠬᠦ | ᠶᠠᠪᠤᠴᠠ ᠳᠤ ᠠᠶᠤᠯ ᠦᠭᠡᠶ ᠶᠢᠨ ᠬᠢᠨᠠᠨ ᠪᠠᠶᠢᠴᠠᠭᠠᠯᠲᠠ ᠶᠢ ᠤᠷᠢᠳᠠᠴᠢ ᠨᠥᠬᠦᠴᠡᠯ ᠪᠣᠯᠭᠠᠬᠤ ᠬᠡᠷᠡᠭᠲᠡᠶ︔ ᠠᠷᠠᠳ | ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ | ᠪᠠᠶᠢᠭᠤᠯᠤᠨ ᠠᠶᠤᠯ ᠦᠭᠡᠶ ᠶᠢᠨ ᠪᠣᠯᠪᠠᠰᠤᠷᠠᠭᠤᠯᠤᠯ ᠬᠢᠯᠭᠡᠨ᠎ᠡ ᠃ | ( ᠠᠷᠪᠠᠨ ᠭᠤᠷᠪᠠ ) ᠰᠢᠭᠤᠶᠢᠲᠤ ᠲᠣᠭᠤᠷᠢᠭ ᠤᠨ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠤᠨ ᠬᠠᠮᠲᠤᠷᠠᠭᠰᠠᠨ ᠬᠤᠷᠠᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠬᠤᠯᠪᠣᠭᠳᠠᠯ ᠪᠥᠬᠦᠶ | ᠲᠣᠭᠲᠠᠭᠠᠯ ᠪᠠ ᠱᠠᠭᠠᠷᠳᠠᠯᠭ᠎ᠠ ᠶᠣᠰᠣᠭᠠᠷ ᠬᠠᠮᠢᠶᠠᠷᠤᠯᠲᠠ ᠪᠠᠨ ᠵᠢᠷᠤᠮᠵᠢᠭᠤᠯᠵᠤ᠂ ᠰᠤᠷᠭᠠᠭᠤᠯᠢ ᠶᠢᠨ ᠠᠮᠤᠷ | ᠲᠦᠪᠰᠢᠨ ᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠣᠭᠲᠠᠭᠠᠯ | ᠪᠠ ᠠᠷᠭ᠎ᠠ ᠶᠢ ᠦᠨᠳᠦᠰᠦᠯᠡᠨ᠂ ᠬᠢᠨᠠᠨ ᠬᠠᠮᠢᠶᠠᠷᠬᠤ ᠠᠵᠢᠯᠲᠠᠨ ᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ | ᠂ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠦᠨᠡᠯᠡᠨ ᠵᠢᠱᠢᠬᠦ ᠠᠷᠭ᠎ᠠ ᠶᠢ ᠲᠡᠭᠦᠯᠳᠡᠷᠵᠢᠭᠦᠯᠦᠨ | ᠬᠡᠷᠡᠭᠵᠢᠭᠦᠯᠬᠦ ᠬᠡᠷᠡᠭᠲᠡᠶ ᠃ | ( ᠠᠷᠪᠠᠨ ᠳᠥᠷᠪᠡ ) ᠰᠤᠷᠤᠭᠴᠢᠳ ᠤᠨ ᠰᠠᠨᠠᠭᠠᠨ ᠳᠤ ᠦᠭᠡᠶ ᠭᠡᠮᠲᠦᠯ ᠤᠨ ᠳᠠᠭᠠᠳᠬᠠᠯ ᠤᠨ ᠠᠵᠢᠯ ᠢ | ᠵᠢᠷᠤᠮᠵᠢᠭᠤᠯᠤᠨ ᠬᠠᠮᠢᠶᠠᠷᠬᠤ ᠪᠠ ᠰᠢᠰᠲ ᠧᠮᠵᠢᠭᠦᠯᠦᠨ ᠬᠠᠮᠢᠶᠠᠷᠬᠤ ᠠᠵᠢᠯ ᠢ ᠴᠢᠩᠭᠠᠳᠬᠠᠵᠤ᠂ ᠰᠤᠷᠤᠭᠴᠢᠳ ᠤᠨ | ᠰᠠᠨᠠᠭᠠᠨ ᠳᠤ ᠦᠭᠡᠶ ᠭᠡᠮᠲᠦᠯ ᠤᠨ ᠳᠠᠭᠠᠳᠬᠠᠯ ᠤᠨ ᠳᠠᠭᠠᠳᠬᠠᠯ ᠳᠤ ᠰᠠᠶᠢᠨ ᠳᠤᠷ᠎ᠠ ᠠᠴᠠ ᠪᠠᠨ ᠣᠷᠣᠯᠴᠠᠬᠤ ᠶᠢ | ᠵᠣᠷᠢᠭᠵᠢᠭᠤᠯᠤᠨ ᠰᠠᠨᠠᠭᠠᠴᠢᠯᠠᠭᠰᠠᠨ ᠤᠷᠢᠲᠠᠯ ᠳᠣᠣᠷ᠎ᠠ᠂ ᠪᠣᠳᠠᠲᠤ ᠬᠦᠴᠦᠨ ᠢᠶᠠᠷ ᠴᠢᠩᠭ᠎ᠠ᠂ ᠲᠣᠣᠷ ᠴᠢᠭ ᠨᠢ | ᠥᠷᠭᠡᠨ᠂ ᠲᠥᠯᠥᠪᠦᠷᠢᠯᠡᠬᠦ ᠳᠤ ᠲᠦᠷᠭᠡᠨ᠂ ᠦᠢᠯᠡᠴᠢᠯᠡᠭᠡᠨ ᠨᠢ ᠪᠦᠷᠢᠨ ᠭᠦᠢᠴᠡᠳ ᠳᠠᠭᠠᠳᠬᠠᠯ ᠤᠨ ᠺᠣᠮᠫᠠᠨᠢ ᠶᠢ | ᠲᠣᠭᠲᠠᠭᠠᠨ ᠳᠠᠭᠠᠳᠬᠠᠭᠤᠯᠬᠤ ᠬᠡᠷᠡᠭᠲᠡᠶ ᠃ | ( ᠠᠷᠪᠠᠨ ᠲᠠᠪᠤ ) ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠤᠷᠭᠠᠨ ᠬᠥᠮᠦᠵᠢᠯ ᠤᠨ | ᠬᠢᠨᠠᠨ ᠵᠢᠯᠣᠭᠤᠳᠬᠤ ᠰᠢᠰᠲ᠋ᠧᠮᠵᠢ ᠳᠤ ᠣᠷᠣᠭᠤᠯᠵᠤ᠂ ᠠᠵᠢᠯ ᠲᠥᠷᠥᠯ ᠤᠨ ᠠᠮᠤᠷ ᠲᠦᠪᠰᠢᠨ ᠤ ᠳᠦᠷᠢᠮ | ᠲᠣᠭᠲᠠᠭᠠᠯ ᠢ ᠨᠠᠶᠢᠳᠠᠪᠤᠷᠢᠵᠢᠭᠤᠯᠤᠨ᠎ᠠ ᠃ ᠲᠤᠰᠬᠠᠶ ᠰᠢᠮᠳᠠᠭᠤᠯᠤᠨ ᠵᠢᠯᠣᠭᠤᠳᠬᠤ ᠶᠢ ᠥᠷᠨᠢᠭᠦᠯᠵᠦ᠂ ᠰᠢᠮᠳᠠᠭᠤᠯᠤᠨ | ᠵᠢᠯᠣᠭᠤᠳᠤᠭᠰᠠᠨ ᠦᠷ᠎ᠡ ᠳ᠋ᠦᠩ ᠢᠶᠠᠨ ᠴᠠᠭ ᠲᠤᠬᠠᠶ ᠳᠤᠨᠢ ᠮᠡᠳᠡᠭᠡᠯᠡᠵᠦ᠂ ᠠᠮᠤᠷ ᠲᠦᠪᠰᠢᠨ ᠤ ᠬᠡᠮ ᠰᠣᠭᠤᠭ | ᠣᠷᠣᠰᠢᠵᠤ ᠪᠠᠶᠢᠭ᠎ᠠ ᠰᠤᠷᠭᠠᠭᠤᠯᠢ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ | ᠮᠥᠷᠳᠡᠨ ᠬᠠᠷᠢᠭᠤ ᠰᠤᠷᠪᠤᠯᠵᠢᠯᠠᠬᠤ ᠬᠡᠷᠡᠭᠲᠡᠶ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠮᠥᠨ ᠬᠦ ᠪᠣᠳᠠᠲᠠᠶᠢᠵᠢᠭᠠᠳᠤᠶ | ᠪᠠᠶᠢᠪᠠᠯ᠂ ᠰᠢᠭᠤᠶᠢᠲᠤ ᠲᠣᠭᠤᠷᠢᠭ ᠤᠨ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ | ᠬᠠᠮᠲᠤᠷᠠᠭᠰᠠᠨ ᠬᠤᠷᠠᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠪᠣᠯᠵᠣᠨ ᠶᠠᠷᠢᠯᠴᠠᠬᠤ ᠪᠤᠶᠤ | ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ ᠃ | ᠠᠷᠪᠠᠨ ᠬᠤᠶᠠᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠣᠣᠷᠠᠬᠢ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠶ ᠃ | ( ᠨᠢᠭᠡ ) ᠶᠡᠷᠦᠩᠬᠡᠶᠢᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ᠂ ᠳᠣᠲᠣᠭᠠᠳᠤ ᠶᠢ ᠬᠠᠮᠠᠭᠠᠯᠠᠬᠤ᠂ ᠭᠠᠯ | ᠤᠨᠲᠠᠷᠠᠭᠠᠬᠤ᠂ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ᠂ | ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠳ ᠣᠷᠣᠨ ᠤ ᠵᠠᠰᠠᠭ | ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠪᠠ ᠠᠷᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠬᠢᠨᠠᠮᠠᠭᠠᠶ ᠭᠦᠶᠴᠡᠳᠬᠡᠵᠦ᠂ ᠲᠣᠰ ᠰᠠᠯᠠᠭ᠎ᠠ ᠮᠥᠴᠢᠷ ᠤᠨ ᠢᠶᠠᠨ ᠰᠤᠷᠭᠠᠭᠤᠯᠢ ᠶᠢᠨ ᠠᠮᠤᠷ | ᠲᠦᠪᠰᠢᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠬᠤ ᠬᠡᠷᠡᠭᠲᠡᠶ ᠃ | | ( ᠬᠤᠶᠠᠷ ) ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠬᠤ ᠵᠡᠷᠭᠡ | ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢ ᠢᠳᠡᠪᠬᠢᠲᠡᠶ ᠪᠠᠷ ᠳᠠᠮᠵᠢᠨ ᠬᠠᠮᠵᠢᠯᠴᠠᠵᠤ᠂ | ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ᠂ ᠰᠡᠯᠪᠢᠨ ᠵᠠᠰᠠᠬᠤ ᠪᠠ ᠲᠥᠬᠦᠭᠡᠷᠦᠮᠵᠢ ᠪᠡᠯᠡᠳᠬᠡᠮᠵᠢ | ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠣᠶᠢᠯᠠᠭᠠᠵᠤ᠂ | ᠰᠤᠷᠭᠠᠭᠤᠯᠢ ᠶᠢ ᠬᠠᠪᠰᠤᠷᠤᠨ ᠴᠠᠭ ᠲᠤᠬᠠᠶ ᠳᠤᠨᠢ ᠠᠷᠢᠯᠭᠠᠵᠤ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠥᠬᠦᠴᠡᠯ ᠢ ᠵᠢᠷᠤᠮᠵᠢᠯ ᠤᠨ ᠪᠠᠷᠢᠮᠵᠢᠶ᠎ᠠ ᠳᠤ ᠬᠦᠷᠦᠭᠦᠯᠬᠦ ᠶᠢ ᠬᠠᠮᠲᠤᠪᠠᠷ ᠪᠠᠲᠤᠯᠠᠵᠤ᠂ ᠡᠯ᠎ᠡ ᠱᠠᠲᠤᠨ ᠤ ᠠᠮᠤᠷ | ᠲᠦᠪᠰᠢᠨ ᠤ ᠬᠠᠮᠢᠶᠠᠷᠤᠯᠲᠠ᠂ ᠠᠮᠤᠷ ᠲᠦᠪᠰᠢᠨ ᠤ ᠪᠠᠶᠢᠴᠠᠭᠠᠯᠲᠠ᠂ ᠠᠮᠤᠷ ᠲᠦᠪᠰᠢᠨ ᠤ ᠬᠥᠮᠦᠵᠢᠯ ᠪᠣᠯᠤᠨ ᠠᠮᠤᠷ | ᠲᠦᠪᠰᠢᠨ ᠤ ᠪᠣᠯᠪᠠᠰᠤᠷᠠᠭᠤᠯᠤᠯ ᠤᠨ ᠠᠵᠢᠯ ᠤᠨ ᠬᠡᠪ ᠤᠨ ᠶᠣᠰᠣᠭᠠᠷ ᠥᠷᠨᠢᠬᠦ ᠶᠢ ᠪᠠᠲᠤᠯᠠᠬᠤ ᠬᠡᠷᠡᠭᠲᠡᠶ ᠃ | ( ᠭᠤᠷᠪᠠ ) ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠰᠤᠷᠭᠠᠭᠤᠯᠢ ᠶᠢᠨ ᠠᠮᠤᠷ ᠲᠦᠪᠰᠢᠨ ᠤ ᠠᠵᠢᠯ | ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠢ ᠰᠢᠭᠤᠶᠢᠲᠤ ᠣᠷᠣᠨ ᠤ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠵᠢᠯ ᠤᠨ ᠮᠡᠳᠡᠭᠦᠯᠦᠯᠲᠡ ᠬᠢᠵᠦ᠂ ᠰᠢᠭᠤᠶᠢᠲᠤ ᠣᠷᠣᠨ ᠤ | ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ ᠃ | ᠭᠤᠷᠪᠠᠳᠤᠭᠠᠷ ᠪᠦᠯᠦᠭ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ | ᠠᠷᠪᠠᠨ ᠭᠤᠷᠪᠠᠳᠤᠭᠠᠷ ᠵᠦᠶᠯ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠤᠨ ᠬᠠᠮᠢᠶᠠᠷᠤᠯᠲᠠ ᠶᠢᠨ ᠠᠯᠪᠠᠨ | ᠬᠡᠷ ᠢ ᠪᠠᠶᠢᠭᠤᠯᠵᠤ᠂ ᠰᠤᠷᠭᠠᠭᠤᠯᠢ ᠶᠢᠨ ᠵᠠᠬᠢᠷᠤᠯ ᠡᠷᠬᠢᠯᠡᠭᠴᠢ ᠪᠣᠯᠵᠣ᠂ ᠰᠤᠷᠭᠠᠭᠤᠯᠢ ᠶᠢᠨ ᠤᠳᠤᠷᠢᠳᠬᠤ ᠪᠠᠭ ᠤᠨ | ᠪᠦᠷᠢᠯᠳᠦᠬᠦᠨ ᠳᠡᠳ᠋ ᠡᠷᠬᠢᠯᠡᠭᠴᠢ ᠪᠣᠯᠵᠣ᠂ 23 ᠨᠡᠷᠡᠰ ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠪᠣᠳᠠᠲᠠᠶ | ᠠᠵᠢᠯᠲᠠᠨ ᠳᠣᠭᠢᠷᠠᠭᠤᠯᠵᠤ᠂ ᠰᠤᠷᠭᠠᠨ ᠬᠥᠮᠦᠵᠢᠯ ᠤᠨ ᠶᠠᠮᠤᠨ ᠤ 《 ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ | ᠤᠨ ᠪᠠᠶᠢᠷᠢ ᠶᠢᠨ ᠠᠮᠤᠷ ᠲᠦᠪᠰᠢᠨ ᠤ ᠠᠵᠢᠯ ᠤᠨ ᠵᠦᠭᠯᠡᠭᠦᠷ 》 ( ᠰᠤᠷᠭᠠᠨ ᠰᠠᠭᠤᠷᠢ ᠨᠢᠭᠡᠳᠦᠭᠡᠷ ᠲᠢᠩᠬᠢᠮ | 20134 ᠳ᠋ᠦ᠋ᠭᠡᠷ ᠲᠣᠭᠠᠲᠤ ) ᠤᠨ ᠱᠠᠭᠠᠷᠳᠠᠯᠭ᠎ᠠ ᠶᠣᠰᠣᠭᠠᠷ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ | ᠭᠦᠶᠴᠡᠳᠬᠡᠨ᠎ᠡ ᠃ | ᠠᠷᠪᠠᠨ ᠳᠥᠷᠪᠡᠳᠦᠭᠡᠷ ᠵᠦᠶᠯ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ ᠵᠦᠶᠯ ᠤᠨ ᠲᠣᠭᠲᠠᠭᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠪᠣᠳᠠᠲᠠᠶ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ | ᠲᠥᠰᠦᠯ ᠢ ᠲᠣᠭᠲᠠᠭᠠᠨ᠎ᠠ ᠃ | ᠠᠷᠪᠠᠨ ᠲᠠᠪᠤᠳᠤᠭᠠᠷ ᠵᠦᠶᠯ ᠬᠠᠯᠠᠮᠰᠢᠯ ᠰᠤᠷᠭᠠᠭᠤᠯᠢ᠂ ᠬᠡᠦᠬᠡᠳ ᠤᠨ ᠴᠡᠴᠡᠷᠯᠢᠭ ᠨᠢ ᠤᠯᠤᠰ᠂ ᠥᠪᠡᠷᠲᠡᠭᠡᠨ | ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠠᠩᠭᠢ ᠶᠢᠨ ᠪᠠᠭᠲᠠᠭᠠᠮᠵᠢ ᠶᠢ ᠰᠠᠶᠢᠲᠤᠷ ᠡᠵᠡᠮᠳᠡᠬᠦ | ᠬᠡᠷᠡᠭᠲᠡᠶ ᠃ ᠠᠩᠭᠢ ᠶᠢᠨ ᠲᠤᠭ᠎ᠠ ᠨᠢ ᠨᠢᠭᠡᠨᠲᠡ ᠪᠠᠷᠢᠮᠵᠢᠶ᠎ᠠ ᠠᠴᠠ ᠬᠡᠲᠦᠷᠡᠭᠰᠡᠨ ᠪᠣᠯ ᠰᠤᠷᠤᠭᠴᠢ ᠨᠢᠭᠡᠪᠦᠷᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠨᠢ ᠡᠷᠬᠡᠪᠰᠢ ᠰᠤᠷᠤᠭᠴᠢᠳ ᠤᠨ ᠰᠤᠷᠤᠯᠴᠠᠬᠤ᠂ ᠡᠷᠡᠭᠦᠯ ᠬᠠᠮᠠᠭᠠᠯᠠᠯ ᠡᠷᠡᠭᠦᠯ | ᠮᠡᠨᠳᠦ ᠪᠣᠯᠤᠨ ᠠᠵᠢᠯᠯᠠᠭ᠎ᠠ ᠶᠢᠨ ᠱᠠᠭᠠᠷᠳᠠᠯᠭ᠎ᠠ ᠶᠢ ᠬᠠᠩᠭᠠᠵᠤ᠂ ᠰᠤᠷᠤᠭᠴᠢᠳ ᠤᠨ ᠠᠮᠤᠷ ᠲᠦᠪᠰᠢᠨ ᠢᠶᠠᠷ | ᠬᠥᠮᠦᠵᠢᠯ ᠬᠦᠷᠲᠡᠬᠦ ᠶᠢ ᠪᠠᠲᠤᠯᠠᠬᠤ ᠬᠡᠷᠡᠭᠲᠡᠶ ᠃ | ᠠᠷᠪᠠᠨ ᠵᠢᠷᠭᠤᠳᠤᠭᠠᠷ ᠵᠦᠶᠯ ᠰᠤᠷᠭᠠᠭᠤᠯᠢ ᠨᠤᠭᠤᠳ ᠪᠢᠲᠡᠭᠦᠮᠵᠢᠲᠦ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ | ᠪᠠᠷᠢᠮᠵᠢᠶᠠᠵᠢᠭᠤᠯᠤᠭᠰᠠᠨ ᠰᠤᠷᠭᠠᠭᠤᠯᠢ ᠶᠢᠨ ᠬᠦᠷᠢᠶᠡᠨ ᠤ ᠴᠠᠭᠳᠠᠭᠠᠨ ᠤ ᠶᠠᠪᠤᠳᠠᠯ ᠤᠨ ᠲᠠᠰᠤᠭ ᠪᠠᠶᠢᠭᠤᠯᠤᠨ᠂ | ᠰᠤᠯᠠ ᠬᠥᠮᠦᠰ᠂ ᠠᠮᠢᠲᠠᠨ ᠪᠣᠯᠤᠨ ᠰᠤᠷᠭᠠᠭᠤᠯᠢ ᠶᠢᠨ ᠭᠠᠳᠠᠨᠠᠬᠢ ᠮᠠᠰᠢᠨᠲᠤ ᠲᠡᠷᠭᠡ ᠶᠢᠨ ᠳᠣᠲᠣᠭᠰᠢ ᠣᠷᠣᠬᠤ ᠶᠢ | ᠴᠠᠭᠠᠵᠠᠯᠠᠵᠤ᠂ ᠵᠢᠭᠠᠨ ᠰᠤᠷᠭᠠᠬᠤ ᠳᠤ ᠬᠡᠷᠡᠭᠯᠡᠬᠦ ᠪᠤᠰᠤ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ᠂ ᠬᠤᠤᠷᠲᠤ | ᠡᠳ᠋ ᠪᠣᠳᠠᠰ ᠪᠣᠯᠤᠨ ᠵᠠᠬᠢᠷᠤᠨ ᠬᠠᠮᠢᠶᠠᠷᠬᠤ ᠪᠠᠭᠠᠵᠢ ᠬᠡᠷᠡᠭᠰᠡᠯ ᠵᠡᠷᠭᠡ ᠠᠶᠤᠯ ᠲᠠᠢ ᠡᠳ᠋ ᠪᠣᠳᠠᠰ ᠢ ᠰᠤᠷᠭᠠᠭᠤᠯᠢ ᠶᠢᠨ | ᠬᠦᠷᠢᠶᠡᠨ ᠳᠤ ᠠᠪᠴᠤ ᠣᠷᠣᠬᠤ ᠶᠢ ᠴᠠᠭᠠᠵᠠᠯᠠᠬᠤ ᠬᠡᠷᠡᠭᠲᠡᠶ ᠃ | ᠠᠷᠪᠠᠨ ᠳᠣᠯᠣᠳᠤᠭᠠᠷ ᠵᠦᠶᠯ ᠠᠰᠠᠷ ᠤᠨ ᠵᠠᠮ ᠤᠨ ᠠᠰᠠᠷ ᠤᠨ ᠱᠠᠲᠤᠨ ᠤ ᠭᠡᠷᠡᠯᠲᠦᠭᠦᠯᠭᠡ ᠪᠣᠯᠤᠨ ᠪᠠᠴᠢᠮ ᠪᠠᠶᠢᠳᠠᠯ | ᠢ ᠠᠷᠭᠠᠴᠠᠬᠤ ᠳ᠋ᠧᠩ ᠤᠨ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠵᠤ᠂ ᠭᠡᠷᠡᠯ ᠪᠦᠳᠡᠭᠢ ᠠᠴᠠ ᠪᠣᠯᠵᠤ | ᠰᠢᠬᠠᠯᠳᠤᠨ ᠭᠢᠰᠬᠢᠯᠳᠦᠬᠦ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ ᠃ ᠲᠤᠷᠰᠢᠯᠲᠠ ᠶᠢᠨ ᠲᠠᠰᠤᠭ᠂ ᠴᠠᠬᠢᠯᠭᠠᠨ | ᠤ ᠬᠢᠴᠢᠶᠡᠯ ᠤᠨ ᠭᠡᠷ ᠵᠡᠷᠭᠡ ᠭᠤᠣᠯᠳᠠᠯᠭ᠎ᠠ ᠲᠠᠢ ᠭᠠᠵᠠᠷ ᠲᠠᠯᠠᠪᠤᠷ ᠤᠨ ᠠᠵᠢᠯᠯᠠᠬᠤ ᠪᠠ ᠪᠠᠶᠢᠴᠠᠭᠠᠨ ᠵᠠᠰᠠᠬᠤ | ᠬᠠᠮᠢᠶᠠᠷᠤᠯᠲᠠ ᠶᠢ ᠵᠢᠷᠤᠮᠵᠢᠭᠤᠯᠵᠤ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠲᠤᠷᠰᠢᠯᠲᠠ ᠶᠢᠨ ᠭᠡᠷ ᠤᠨ ᠠᠶᠤᠯ ᠦᠭᠡᠶ ᠶᠢᠨ ᠠᠵᠢᠯ ᠤᠨ ᠳᠦᠷᠢᠮ 》 ᠢ ᠴᠢᠩᠭ᠎ᠠ | ᠨᠠᠶᠢᠳᠠᠪᠤᠷᠢᠵᠢᠭᠤᠯᠵᠤ᠂ ᠬᠤᠣᠷ ᠲᠠᠢ᠂ ᠬᠥᠨᠥᠭᠡᠯ ᠲᠠᠢ᠂ ᠨᠣᠴᠣᠮᠠᠲᠠᠭᠠᠶ ᠳᠡᠯᠪᠡᠷᠡᠮᠡᠲᠡᠭᠡᠶ ᠪᠠ ᠴᠢᠩᠭ᠎ᠠ ᠢᠳᠡᠮᠡᠬᠡᠶ | ᠴᠢᠨᠠᠷᠲᠠᠶ ᠵᠡᠷᠭᠡ ᠠᠶᠤᠯ ᠲᠠᠢ ᠬᠢᠮᠢ ᠶᠢᠨ ᠡᠮ ᠤᠨ ᠵᠦᠢᠯ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠰᠠᠨᠠᠭᠠᠨ ᠳᠤ | ᠦᠭᠡᠶ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ ᠃ | ᠠᠷᠪᠠᠨ ᠨᠠᠶᠮᠠᠳᠤᠭᠠᠷ ᠵᠦᠶᠯ ᠰᠤᠷᠭᠠᠭᠤᠯᠢ ᠶᠢᠨ ᠳᠣᠲᠣᠭᠠᠳᠤ ᠶᠢᠨ ᠠᠮᠤᠷ ᠲᠦᠪᠰᠢᠨ ᠤ ᠠᠵᠢᠯ ᠤᠨ ᠡᠬᠡ | ᠲᠠᠩᠰᠠ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠲᠦᠷᠢᠮ ᠢ ᠪᠠᠶᠢᠭᠤᠯᠵᠤ᠂ ᠲᠤᠰᠬᠠᠶ ᠬᠥᠮᠦᠨ ᠵᠢᠭᠠᠨ | ᠲᠣᠭᠲᠠᠭᠠᠵᠤ ᠡᠳᠦᠷ ᠪᠦᠷᠢ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠡᠳᠦᠷ ᠤᠨ ᠲᠡᠮᠳᠡᠭᠯᠡᠯ ᠢ | ᠲᠠᠭᠯᠠᠭᠤᠯᠬᠤ ᠬᠡᠷᠡᠭᠲᠡᠶ ᠃ ᠰᠤᠷᠭᠠᠭᠤᠯᠢ ᠶᠢᠨ ᠠᠮᠤᠷ ᠲᠦᠪᠰᠢᠨ ᠤ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠨᠢ ᠡᠳᠦᠷ ᠪᠦᠷᠢ ᠠᠳᠠᠭ ᠲᠠᠭᠠᠨ ᠨᠢᠭᠡ ᠤᠳᠠᠭ᠎ᠠ ᠪᠡᠯᠡᠳᠬᠡᠮᠵᠢ ᠲᠥᠬᠦᠭᠡᠷᠦᠮᠵᠢ᠂ ᠲᠠᠯᠠᠪᠤᠷ ᠭᠠᠵᠠᠷ | ᠤᠨ ᠬᠥᠮᠥᠷᠭᠡ᠂ ᠬᠢᠯᠪᠠᠷᠬᠠᠨ ᠠᠳᠡᠯ ᠭᠠᠷᠬᠤ ᠵᠠᠩᠭᠢᠯᠠᠭ᠎ᠠ ᠶᠢᠨ ᠭᠠᠵᠠᠷ ᠵᠡᠷᠭᠡ ᠭᠠᠵᠠᠷ ᠤᠨ ᠠᠮᠤᠷ ᠲᠦᠪᠰᠢᠨ ᠤ | ᠠᠵᠢᠯ ᠢ ᠲᠣᠭᠤᠷᠢᠨ ᠪᠠᠶᠢᠴᠠᠭᠠᠬᠤ ᠬᠡᠷᠡᠭᠲᠡᠶ︔ ᠰᠤᠷᠭᠠᠭᠤᠯᠢ ᠶᠢᠨ ᠵᠠᠬᠢᠷᠤᠯ ᠬᠤᠯᠪᠣᠭᠳᠠᠯ ᠪᠦᠬᠦᠢ ᠬᠥᠮᠦᠰ ᠢ | ᠳᠠᠭᠠᠭᠤᠯᠤᠨ ᠭᠠᠷᠠᠭ ᠪᠦᠷᠢ ᠨᠢᠭᠡ ᠤᠳᠠᠭ᠎ᠠ ᠲᠣᠭᠤᠷᠢᠨ ᠪᠠᠶᠢᠴᠠᠭᠠᠵᠤ᠂ ᠠᠰᠠᠭᠤᠳᠠᠯ ᠢᠯᠡᠷᠡᠪᠡᠯ ᠴᠠᠭ ᠲᠤᠬᠠᠢ ᠳᠤᠨᠢ | ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠰᠤᠷᠭᠠᠭᠤᠯᠢ ᠶᠢᠨ ᠶᠠᠪᠤᠳᠠᠯ ᠤᠨ ᠬᠤᠷᠠᠯ ᠰᠠᠷ᠎ᠠ ᠪᠦᠷᠢ ᠠᠮᠤᠷ ᠲᠦᠪᠰᠢᠨ ᠤ | ᠠᠵᠢᠯ ᠶᠢᠨ ᠶᠠᠷᠢᠯᠴᠠᠬᠤ ᠰᠡᠳᠦᠪ ᠲᠠᠢ ᠃ | ᠠᠷᠪᠠ ᠶᠢᠰᠦᠳᠦᠭᠡᠷ ᠵᠦᠶᠯ ᠰᠤᠷᠭᠠᠭᠤᠯᠢ ᠶᠢᠨ ᠬᠤᠭᠤᠯᠠᠨ ᠬᠡᠷ ᠬᠢᠭᠡᠳ ᠰᠤᠷᠤᠭᠴᠢᠳ ᠤᠨ ᠬᠠᠮᠲᠤ ᠪᠠᠷ | ᠬᠤᠭᠤᠯᠠᠯᠠᠬᠤ ᠵᠡᠷᠭᠡ ᠰᠤᠷᠭᠠᠭᠤᠯᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠡᠯ᠎ᠡ | ᠵᠦᠶᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠠᠵᠢᠯᠯᠠᠭᠠᠨ ᠤ ᠵᠢᠷᠤᠮᠵᠢᠯ ᠢ ᠴᠢᠩᠭ᠎ᠠ | ᠵᠢᠷᠤᠮᠯᠠᠬᠤ ᠬᠡᠷᠡᠭᠲᠡᠶ ᠃ ᠰᠤᠷᠭᠠᠭᠤᠯᠢ ᠶᠢᠨ ᠬᠤᠭᠤᠯᠠᠨ ᠭᠡᠷ ᠤᠨ ᠴᠠᠬᠢᠯᠭᠠᠨ ᠬᠡᠷᠡᠭᠰᠡᠯ᠂ ᠰᠢᠲᠠᠮᠠᠬᠠᠶ ᠬᠡᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠰᠤᠷᠤᠯᠭ᠎ᠠ ᠶᠢᠨ ᠬᠤᠭᠤᠴᠠᠭ᠎ᠠ ᠪᠦᠷᠢ ᠬᠤᠶᠠᠷ ᠤᠳᠠᠭ᠎ᠠ ᠲᠣᠰᠣ ᠤᠲᠤᠭ᠎ᠠ ᠶᠢᠨ | ᠬᠤᠭᠤᠯᠠᠶ ᠤᠬᠢᠶᠠᠬᠤ ᠬᠡᠷᠡᠭᠲᠡᠶ ᠃ ᠰᠤᠷᠤᠭᠴᠢᠳ ᠤᠨ ᠬᠤᠭᠤᠯᠠᠨ ᠭᠡᠷ ᠨᠢ ᠡᠭᠡᠯᠵᠢ ᠳᠠᠭᠠᠭᠤᠯᠬᠤ ᠤᠳᠤᠷᠢᠳᠤᠯᠭ᠎ᠠ | ᠶᠢᠨ ᠬᠤᠭᠤᠯᠠ ᠢᠳᠡᠬᠦ ᠠᠴᠠ ᠡᠮᠦᠨ᠎ᠡ ᠪᠠᠶᠢᠴᠠᠭᠠᠬᠤ ᠪᠠ ᠬᠠᠮᠲᠤ ᠬᠤᠭᠤᠯᠠᠯᠠᠬᠤ ᠳᠦᠷᠢᠮ ᠢ ᠬᠡᠷᠡᠭᠵᠢᠭᠦᠯᠵᠦ᠂ | ᠪᠠᠶᠢᠴᠠᠭᠠᠭᠰᠠᠨ ᠵᠢᠴᠢ ᠲᠤᠷᠰᠢᠨ ᠬᠤᠭᠤᠯᠠ ᠢᠳᠡᠭᠰᠡᠨ ᠲᠡᠮᠳᠡᠭᠯᠡᠯ ᠢ ᠨᠢᠭᠡ ᠵᠢᠯ ᠦᠯᠡᠳᠡᠭᠡᠬᠦ ᠬᠡᠷᠡᠭᠲᠡᠶ ᠃ | ᠬᠤᠷᠢᠳᠤᠭᠠᠷ ᠵᠦᠢᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠡᠷᠬᠢᠯᠡᠬᠦ ᠬᠢᠷᠢ ᠬᠡᠮ ᠲᠠᠢ | ᠲᠤᠰᠬᠠᠶ ᠲᠤᠰᠢᠶᠠᠯ ᠲᠠᠢ ᠡᠮᠨᠡᠯᠭᠡ ᠶᠢᠨ ᠠᠵᠢᠯᠲᠠᠨ ( ᠡᠷᠡᠭᠦᠯ ᠮᠡᠨᠳᠦ ᠶᠢ ᠬᠠᠮᠠᠭᠠᠯᠠᠬᠤ ) ᠪᠤᠶᠤ ᠲᠤᠰᠢᠶᠠᠯ | ᠬᠠᠪᠰᠤᠷᠭᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠪᠠᠭᠰᠢ ᠲᠣᠬᠢᠷᠠᠭᠤᠯᠵᠤ᠂ ᠪᠠᠴᠢᠮ ᠠᠪᠤᠷᠠᠬᠤ | ᠴᠢᠬᠤᠯᠠ ᠪᠦᠬᠦᠢ ᠪᠠᠭᠠᠵᠢ ᠬᠡᠷᠡᠭᠰᠡᠯ ᠪᠣᠯᠤᠨ ᠡᠮ ᠤᠨ ᠵᠦᠢᠯ ᠬᠤᠳᠠᠯᠳᠤᠨ ᠠᠪᠤᠭᠤᠯᠵᠤ᠂ ᠰᠤᠷᠤᠭᠴᠢᠳ ᠤᠨ | ᠭᠡᠨᠡᠳᠲᠡ ᠡᠭᠦᠰᠬᠦ ᠡᠪᠡᠳᠴᠢᠨ ᠢ ᠠᠪᠤᠷᠠᠨ ᠵᠠᠰᠠᠬᠤ ᠪᠠ ᠭᠡᠮᠲᠦᠯ ᠢ ᠰᠢᠶᠳᠪᠦᠷᠢᠯᠡᠬᠦ ᠶᠢ ᠪᠠᠲᠤᠯᠠᠬᠤ ᠶᠢᠨ ᠬᠠᠮᠲᠤ | ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠵᠢᠴᠢ ᠪᠤᠰᠤᠳ ᠭᠡᠨᠡᠳᠲᠡ ᠡᠭᠦᠰᠬᠦ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠮᠡᠳᠡᠭᠦᠯᠦᠯᠲᠡ ᠶᠢ ᠬᠠᠷᠢᠭᠤᠴᠠᠵᠤ᠂ ᠰᠤᠷᠤᠭᠴᠢᠳ ᠤᠨ ᠪᠡᠶ᠎ᠡ ᠶᠢᠨ | ᠪᠠᠶᠢᠴᠠᠭᠠᠯᠲᠠ ᠶᠢᠨ ᠮᠡᠳᠡᠭᠦᠯᠦᠯᠲᠡ ᠶᠢ ᠨᠡᠪᠲᠡᠷᠡᠭᠦᠯᠬᠦ ᠪᠠ ᠵᠣᠬᠢᠴᠠᠩᠭᠤᠶ ᠰᠡᠷᠭᠡᠶᠢᠯᠡᠬᠦ ᠠᠷᠭ᠎ᠠ ᠲᠣᠭᠲᠠᠭᠠᠬᠤ ᠶᠢ | ᠬᠠᠷᠢᠭᠤᠴᠠᠨ᠎ᠠ ᠃ | ᠬᠤᠷᠢᠳᠤᠭᠠᠷ ᠵᠦᠢᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠡᠷᠬᠢᠯᠡᠬᠦ ᠬᠢᠷᠢ ᠬᠡᠮ | ᠲᠠᠢ ᠲᠤᠰᠬᠠᠶ ᠲᠤᠰᠢᠶᠠᠯ ᠲᠠᠢ ᠡᠮᠨᠡᠯᠭᠡ ᠶᠢᠨ ᠠᠵᠢᠯᠲᠠᠨ ( ᠡᠷᠡᠭᠦᠯ ᠮᠡᠨᠳᠦ ᠶᠢ ᠬᠠᠮᠠᠭᠠᠯᠠᠬᠤ ) ᠪᠤᠶᠤ ᠲᠤᠰᠢᠶᠠᠯ | ᠬᠠᠪᠰᠤᠷᠭᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠪᠠᠭᠰᠢ ᠲᠣᠬᠢᠷᠠᠭᠤᠯᠵᠤ᠂ ᠪᠠᠴᠢᠮ ᠠᠪᠤᠷᠠᠬᠤ | ᠴᠢᠬᠤᠯᠠ ᠪᠦᠬᠦᠢ ᠪᠠᠭᠠᠵᠢ ᠬᠡᠷᠡᠭᠰᠡᠯ ᠪᠣᠯᠤᠨ ᠡᠮ ᠤᠨ ᠵᠦᠢᠯ ᠬᠤᠳᠠᠯᠳᠤᠨ ᠠᠪᠤᠭᠤᠯᠵᠤ᠂ ᠰᠤᠷᠤᠭᠴᠢᠳ ᠤᠨ | ᠭᠡᠨᠡᠳᠲᠡ ᠡᠭᠦᠰᠬᠦ ᠡᠪᠡᠳᠴᠢᠨ ᠢ ᠠᠪᠤᠷᠠᠨ ᠵᠠᠰᠠᠬᠤ ᠪᠠ ᠭᠡᠮᠲᠦᠯ ᠢ ᠰᠢᠶᠳᠪᠦᠷᠢᠯᠡᠬᠦ ᠶᠢ ᠪᠠᠲᠤᠯᠠᠬᠤ ᠶᠢᠨ ᠬᠠᠮᠲᠤ | ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠵᠢᠴᠢ ᠪᠤᠰᠤᠳ ᠭᠡᠨᠡᠳᠲᠡ ᠡᠭᠦᠰᠬᠦ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠮᠡᠳᠡᠭᠦᠯᠦᠯᠲᠡ ᠶᠢ ᠬᠠᠷᠢᠭᠤᠴᠠᠵᠤ᠂ ᠰᠤᠷᠤᠭᠴᠢᠳ ᠤᠨ ᠪᠡᠶ᠎ᠡ ᠶᠢᠨ | ᠪᠠᠶᠢᠴᠠᠭᠠᠯᠲᠠ ᠶᠢᠨ ᠮᠡᠳᠡᠭᠦᠯᠦᠯᠲᠡ ᠶᠢ ᠨᠡᠪᠲᠡᠷᠡᠭᠦᠯᠬᠦ ᠪᠠ ᠵᠣᠬᠢᠴᠠᠩᠭᠤᠶ ᠰᠡᠷᠭᠡᠶᠢᠯᠡᠬᠦ ᠠᠷᠭ᠎ᠠ ᠲᠣᠭᠲᠠᠭᠠᠬᠤ ᠶᠢ | ᠬᠠᠷᠢᠭᠤᠴᠠᠨ᠎ᠠ ᠃ | ᠬᠤᠷᠢᠨ ᠨᠢᠭᠡᠳᠦᠭᠡᠷ ᠵᠦᠢᠯ ᠰᠤᠷᠭᠠᠭᠤᠯᠢ ᠨᠤᠭᠤᠳ ᠡᠷᠡᠭᠦᠯ ᠬᠠᠮᠠᠭᠠᠯᠠᠯ ( ᠡᠷᠡᠭᠦᠯ ᠮᠡᠨᠳᠦ ᠶᠢ ᠬᠠᠮᠠᠭᠠᠯᠠᠬᠤ ) | ᠤᠨ ᠲᠠᠰᠤᠭ ᠭᠠᠷᠭᠠᠬᠤ ᠬᠡᠷᠡᠭᠲᠡᠢ ᠃ ᠰᠢᠨ᠎ᠡ ᠰᠣᠷᠣᠭᠴᠢ ᠰᠤᠷᠭᠠᠭᠤᠯᠢ ᠳᠤ ᠣᠷᠣᠬᠤ ᠳᠤ ᠰᠤᠷᠭᠠᠭᠤᠯᠢ ᠳᠤ ᠪᠡᠶ᠎ᠡ | ᠶᠢᠨ ᠪᠠᠶᠢᠴᠠᠭᠠᠯᠲᠠ ᠶᠢᠨ ᠬᠢᠷᠢ ᠬᠡᠮ ᠲᠠᠢ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠪᠡᠶ᠎ᠡ ᠶᠢᠨ ᠪᠠᠶᠢᠴᠠᠭᠠᠯᠲᠠ | ᠶᠢᠨ ᠭᠡᠷᠡᠴᠢ ᠶᠢ ᠲᠤᠰᠢᠶᠠᠬᠤ ᠬᠡᠷᠡᠭᠲᠡᠶ᠂ ᠪᠡᠶ᠎ᠡ ᠶᠢᠨ ᠪᠠᠶᠢᠴᠠᠭᠠᠯᠲᠠ ᠶᠢᠨ ᠴᠠᠭ ᠨᠢ ᠵᠢᠯ ᠪᠦᠷᠢ ᠶᠢᠨ 9 ᠳ᠋ᠦ᠋ᠭᠡᠷ ᠰᠠᠷ᠎ᠠ | ᠶᠢᠨ 1 ᠤ ᠡᠳᠦᠷ ᠠᠴᠠ ᠡᠮᠦᠨ᠎ᠡ 3 ᠰᠠᠷ᠎ᠠ ᠶᠢᠨ ᠳᠣᠲᠣᠷ᠎ᠠ ᠪᠣᠯᠤᠨ᠎ᠠ ᠃ ᠬᠡᠦᠬᠡᠳ ᠰᠠᠭᠠᠲᠠᠭᠤᠯᠬᠤ ᠪᠠᠶᠢᠭᠤᠯᠤᠮᠵᠢ | ᠪᠣᠯᠤᠨ ᠪᠠᠭ᠎ᠠ ᠰᠤᠷᠭᠠᠭᠤᠯᠢ ᠴᠡᠴᠡᠷᠯᠢᠭ ᠲᠤ ᠣᠷᠣᠬᠤ᠂ ᠰᠤᠷᠭᠠᠭᠤᠯᠢ ᠳᠤ ᠣᠷᠣᠬᠤ ᠦᠶᠡᠰ ᠤᠷᠢᠳᠴᠢᠯᠠᠨ | ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠢ ᠪᠠᠶᠢᠴᠠᠭᠠᠨ ᠰᠢᠯᠭᠠᠬᠤ ᠬᠡᠷᠡᠭᠲᠡᠶ ᠃ ᠰᠤᠷᠭᠠᠭᠤᠯᠢ ᠨᠤᠭᠤᠳ ᠰᠤᠷᠤᠭᠴᠢᠳ | ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠪᠠᠶᠢᠭᠤᠯᠵᠤ᠂ ᠰᠤᠷᠤᠭᠴᠢᠳ ᠢ ᠵᠣᠬᠢᠶᠠᠨ ᠪᠠᠶᠢᠭᠤᠯᠤᠨ ᠲᠣᠭᠲᠠᠮᠠᠯ | ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠯᠭᠡᠵᠦ᠂ ᠬᠠᠯᠳᠠᠪᠤᠷᠢᠲᠤ ᠡᠪᠡᠳᠴᠢᠨ᠂ ᠡᠳᠦᠷ ᠲᠤᠲᠤᠮ ᠤᠨ | ᠬᠢᠨᠠᠯᠲᠠ ᠪᠠᠶᠢᠴᠠᠭᠠᠯᠲᠠ ᠬᠢᠬᠦ ᠬᠡᠷᠡᠭᠲᠡᠶ ᠃ | ᠬᠤᠷᠢᠨ ᠬᠤᠶᠠᠳᠤᠭᠠᠷ ᠵᠦᠢᠯ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠨᠢ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠮᠠᠯᠯᠠᠨ ᠶᠠᠪᠤᠭᠤᠯᠤᠭᠰᠠᠨ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠠᠷᠭ᠎ᠠ 》 ( ᠥᠪᠥᠷ ᠰᠤᠷᠭᠠᠨ ᠰᠠᠭᠤᠷᠢ ᠦᠰᠦᠭ 201338 ᠳ᠋ᠤᠭᠠᠷ | ᠲᠣᠭᠠᠲᠤ ) ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠷᠢ ᠳᠤ ᠰᠠᠭᠤᠬᠤ ᠰᠤᠷᠤᠭᠴᠢ | ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠪᠠᠶᠢᠷᠢ ᠳᠤ ᠰᠠᠭᠤᠬᠤ ᠰᠤᠷᠤᠭᠴᠢ ᠶᠢᠨ | ᠠᠮᠢᠳᠤᠷᠠᠯ ᠤᠨ ᠬᠠᠮᠢᠶᠠᠷᠤᠯᠲᠠ ᠪᠣᠯᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠲᠤᠰᠬᠠᠶ ᠬᠥᠮᠦᠨ | ᠲᠣᠬᠢᠷᠠᠭᠤᠯᠤᠨ ᠬᠠᠷᠢᠭᠤᠴᠠᠭᠤᠯᠵᠤ᠂ ᠡᠷᠡᠭᠲᠡᠶ ᠪᠠᠭᠰᠢ ᠠᠴᠠ ᠡᠮᠡᠭᠲᠡᠶ ᠰᠤᠷᠤᠭᠴᠢ ᠶᠢᠨ ᠪᠠᠶᠢᠷᠢ ᠶᠢ ᠠᠰ ᠲᠤᠨᠢ | ᠬᠠᠮᠢᠶᠠᠷᠬᠤ ᠶᠢ ᠲᠠᠰᠤ ᠵᠣᠭᠰᠣᠭᠠᠬᠤ ᠬᠡᠷᠡᠭᠲᠡᠶ ᠃ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠪᠣᠯᠤᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠰᠤᠷᠤᠭᠴᠢᠳ ᠲᠠᠢ | ᠬᠠᠮᠲᠤ ᠢᠳᠡᠵᠦ ᠬᠠᠮᠲᠤ ᠰᠠᠭᠤᠬᠤ ᠬᠡᠷᠡᠭᠲᠡᠢ ᠃ | ᠰᠤᠷᠤᠭᠴᠢᠳ ᠤᠨ ᠪᠠᠶᠢᠷᠢ ᠳᠤ ᠰᠥᠨᠢ ᠪᠠᠷ ᠲᠣᠭᠤᠷᠢᠨ ᠪᠠᠶᠢᠴᠠᠭᠠᠬᠤ᠂ ᠵᠢᠵᠢᠭᠦᠷᠯᠡᠬᠦ ᠳᠦᠷᠢᠮ ᠢ ᠬᠡᠷᠡᠭᠵᠢᠭᠦᠯᠬᠦ | ᠶᠢᠨ ᠬᠠᠮᠲᠤ ᠡᠮᠡᠭᠲᠡᠶ ᠰᠤᠷᠤᠭᠴᠢᠳ ᠤᠨ ᠪᠠᠶᠢᠷᠢ ᠶᠢᠨ ᠠᠮᠤᠷ ᠲᠦᠪᠰᠢᠨ ᠤ ᠠᠵᠢᠯ ᠤᠨ ᠣᠨᠴᠣᠭᠤᠶ ᠴᠢᠨᠠᠷ ᠲᠠᠢ | ᠤᠶᠠᠯᠳᠤᠭᠤᠯᠤᠨ᠂ ᠡᠮᠡᠭᠲᠡᠶ ᠰᠤᠷᠤᠭᠴᠢᠳ ᠤᠨ ᠪᠠᠶᠢᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ ᠃ ᠡᠮᠡᠭᠲᠡᠶ ᠰᠣᠷᠣᠭᠴᠢ ᠶᠢᠨ ᠪᠠᠶᠢᠷᠢ ᠶᠢᠨ ᠠᠰᠠᠷ ( ᠬᠡᠷ ) ᠲᠤ ᠠᠷᠢᠭᠤᠨ ᠴᠡᠪᠡᠷ ᠤᠨ ᠲᠠᠰᠤᠯᠭ᠎ᠠ | ᠭᠠᠷᠭᠠᠬᠤ ᠬᠡᠷᠡᠭᠲᠡᠶ᠂ ᠠᠷᠢᠭᠤᠨ ᠴᠡᠪᠡᠷ ᠤᠨ ᠲᠠᠰᠤᠯᠭ᠎ᠠ ᠭᠠᠷᠭᠠᠭᠰᠠᠨ ᠥᠬᠡᠶ ᠪᠠᠶᠢᠷᠢ ᠳᠤ ᠡᠮᠡᠭᠲᠡᠶ ᠰᠣᠷᠣᠭᠴᠢ | ᠰᠥᠨᠢ ᠪᠠᠷ ᠬᠡᠷ ᠤᠨ ᠭᠠᠳᠠᠨᠠᠬᠢ ᠵᠣᠷᠯᠣᠩ ᠳᠤ ᠣᠴᠢᠬᠤ ᠳᠤ ᠡᠷᠬᠡᠪᠰᠢ ᠬᠤᠶᠠᠷ ᠠᠴᠠ ᠳᠡᠭᠡᠭᠰᠢ ᠡᠮᠡᠭᠲᠡᠶ ᠪᠠᠭᠰᠢ | ᠪᠥᠬᠦ ᠶᠠᠪᠤᠴᠠ ᠳᠤ ᠪᠠᠷ᠎ᠠ ᠪᠣᠯᠬᠤ ᠬᠡᠷᠡᠭᠲᠡᠶ ᠃ ᠰᠤᠷᠤᠭᠴᠢ ᠶᠢᠨ ᠪᠠᠶᠢᠷᠢ ᠶᠢᠨ ᠠᠰᠠᠷ ᠤᠨ ᠡᠭᠦᠳᠡ ᠴᠣᠩᠬᠤ ᠶᠢ | ᠡᠷᠬᠡᠪᠰᠢ ᠪᠠᠴᠢᠮ ᠪᠠᠶᠢᠳᠠᠯ ᠳᠣᠣᠷ᠎ᠠ ᠭᠡᠷ ᠳᠣᠲᠣᠷ᠎ᠠ ᠠᠴᠠ ᠬᠡᠵᠢᠶ᠎ᠡ ᠴᠦ ᠨᠡᠭᠡᠭᠡᠬᠦ ᠪᠤᠶᠤ ᠰᠢᠯ ᠢ ᠬᠠᠭᠠᠯᠪᠠᠯ ᠰᠢᠭᠤᠳ | ᠠᠮᠢ ᠵᠢᠭᠤᠲᠠᠵᠤ ᠳᠡᠶᠢᠯᠬᠦ ᠶᠢ ᠪᠡᠶᠡᠯᠡᠭᠦᠯᠬᠦ ᠬᠡᠷᠡᠭᠲᠡᠶ ᠃ | ᠬᠤᠷᠢᠨ ᠭᠤᠷᠪᠠᠳᠤᠭᠠᠷ ᠵᠦᠢᠯ ᠠᠮᠤᠷ ᠲᠦᠪᠰᠢᠨ ᠤ ᠠᠵᠢᠯ ᠤᠨ ᠳᠠᠩᠰᠠ ᠡᠪᠬᠡᠮᠡᠯ ᠪᠠᠶᠢᠭᠤᠯᠵᠤ᠂ ᠡᠳᠦᠷ | ᠲᠤᠲᠤᠮ ᠤᠨ ᠠᠮᠤᠷ ᠲᠦᠪᠰᠢᠨ ᠤ ᠠᠵᠢᠯ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ | ᠠᠮᠤᠷ ᠲᠦᠪᠰᠢᠨ ᠤ ᠪᠠᠶᠢᠴᠠᠭᠠᠯᠲᠠ ᠬᠢᠭᠰᠡᠨ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠭᠰᠠᠨ ᠵᠡᠷᠭᠡ ᠪᠠᠶᠢᠳᠠᠯ ᠢ | ᠦᠨᠡᠨ ᠪᠣᠳᠠᠲᠠᠶ ᠪᠠᠷ ᠲᠡᠮᠳᠡᠭᠯᠡᠬᠦ ᠬᠡᠷᠡᠭᠲᠡᠶ ᠃ ᠠᠶᠤᠯ ᠦᠭᠡᠶ ᠶᠢᠨ ᠳᠠᠩᠰᠠ ᠡᠪᠬᠡᠮᠡᠯ ᠢ ᠠᠶᠤᠯ ᠦᠭᠡᠶ ᠶᠢᠨ ᠠᠵᠢᠯ | ᠤᠨ ᠬᠠᠷᠠᠯᠲᠠ ᠶᠢᠨ ᠬᠢᠨᠠᠨ ᠰᠢᠯᠭᠠᠬᠤ᠂ ᠬᠠᠷᠢᠭᠤᠴᠠᠯᠭ᠎ᠠ ᠨᠡᠬᠡᠮᠵᠢᠯᠡᠬᠦ ᠪᠠ ᠠᠳᠡᠯ ᠢ ᠰᠢᠶᠳᠪᠦᠷᠢᠯᠡᠬᠦ ᠶᠢᠨ ᠴᠢᠬᠤᠯᠠ | ᠦᠨᠳᠦᠰᠦᠯᠡᠯ ᠪᠣᠯᠭᠠᠬᠤ ᠬᠡᠷᠡᠭᠲᠡᠶ ᠃ | ᠰᠤᠷᠭᠠᠭᠤᠯᠢ᠂ ᠠᠩᠭᠢ ᠶᠢᠨ ᠡᠷᠬᠢᠯᠡᠭᠴᠢ ᠨᠡᠷ ᠭᠡᠷ ᠤᠨ ᠠᠬᠠᠮᠠᠳ ᠤᠨ ᠬᠠᠷᠢᠯᠴᠠᠬᠤ ᠮᠡᠳᠡᠭᠡ ᠵᠠᠩᠭᠢ ᠶᠢᠨ ᠲᠣᠣᠷ | ᠰᠦᠯᠵᠢᠶ᠎ᠡ ᠶᠢ ᠪᠠᠶᠢᠭᠤᠯᠵᠤ᠂ ᠰᠤᠷᠤᠭᠴᠢᠳ ᠤᠨ ᠰᠤᠷᠭᠠᠭᠤᠯᠢ ᠳᠤ ᠪᠠᠶᠢᠭ᠎ᠠ ᠠᠮᠤᠷ ᠲᠦᠪᠰᠢᠨ ᠤ ᠪᠠᠶᠢᠳᠠᠯ ᠢ ᠴᠠᠭ | ᠲᠤᠬᠠᠶ ᠳᠤᠨᠢ ᠨᠡᠪᠲᠡᠷᠡᠯᠴᠡᠬᠦ ᠬᠡᠷᠡᠭᠲᠡᠶ ᠃ | ᠬᠤᠷᠢᠨ ᠳᠥᠷᠪᠡᠳᠦᠭᠡᠷ ᠵᠦᠶᠯ ᠪᠠᠭᠰᠢ ᠰᠤᠷᠤᠭᠴᠢᠳ ᠤᠨ ᠲᠣᠮᠣ ᠬᠡᠯᠪᠡᠷᠢ ᠶᠢᠨ ᠬᠠᠮᠲᠤ ᠶᠢᠨ ᠠᠵᠢᠯᠯᠠᠭ᠎ᠠ᠂ | ᠰᠤᠷᠭᠠᠭᠤᠯᠢ ᠶᠢᠨ ᠭᠠᠳᠠᠨᠠᠬᠢ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ ᠳᠣᠤᠷᠠᠬᠢ ᠮᠡᠲᠦ ᠠᠮᠤᠷ ᠲᠦᠪᠰᠢᠨ ᠤ | ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠄ | ( ᠨᠢᠭᠡ ) ᠲᠦᠷ ᠴᠠᠭ ᠤᠨ ᠠᠶᠤᠯᠭᠦᠢ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠪᠠᠶᠢᠭᠤᠯᠬᠤ ᠃ | ( ᠬᠤᠶᠠᠷ ) ᠰᠤᠷᠤᠭᠴᠢᠳ ᠲᠤ ᠴᠢᠭᠯᠡᠭᠦᠯᠬᠦ ᠴᠢᠨᠠᠷᠲᠠᠶ ᠪᠠᠷ ᠠᠮᠤᠷ ᠲᠦᠪᠰᠢᠨ ᠤ ᠬᠥᠮᠦᠵᠢᠯ ᠬᠢᠬᠦ ᠬᠡᠷᠡᠭᠲᠡᠶ ᠃ | ( ᠭᠤᠷᠪᠠ ) ᠴᠢᠬᠤᠯᠠ ᠪᠦᠬᠦᠢ ᠬᠠᠮᠢᠶᠠᠷᠤᠯᠲᠠ ᠶᠢᠨ ᠠᠵᠢᠯᠳᠡᠠ ᠲᠤᠬᠢᠷᠡᠭᠤᠯᠦᠠ᠂ ᠡᠭᠦᠷᠭᠡᠯᠡᠵᠦ ᠪᠠᠶᠢᠭ᠎ᠠ | ᠠᠶᠤᠯᠭᠦᠢ ᠶᠢᠨ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠢ ᠪᠣᠯᠭᠠᠬᠤ ᠃ | ( ᠳᠥᠷᠪᠡ ) ᠠᠶᠤᠯ ᠦᠭᠡᠶ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ | ᠵᠣᠬᠢᠴᠠᠩᠭᠤᠶ ᠪᠡᠯᠡᠳᠬᠡᠮᠵᠢ ᠲᠣᠬᠢᠷᠠᠭᠤᠯᠬᠤ ᠬᠡᠷᠡᠭᠲᠡᠶ ᠃ | ( ᠲᠠᠪᠤ ) ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ | ᠤ ᠠᠯᠪᠠᠨ ᠬᠡᠷ ᠲᠤ ᠮᠡᠳᠡᠭᠦᠯᠵᠦ ᠵᠥᠪᠰᠢᠶᠡᠷᠡᠭᠦᠯᠦᠨ᠎ᠡ ᠃ | ( ᠵᠢᠷᠭᠤᠭ᠎ᠠ ) ᠰᠤᠷᠭᠠᠭᠤᠯᠢ ᠶᠢᠨ ᠭᠠᠳᠠᠨᠠᠬᠢ ᠲᠣᠮᠣ ᠬᠡᠯᠪᠡᠷᠢ ᠶᠢᠨ ᠠᠵᠢᠯᠯᠠᠭ᠎ᠠ ᠳᠤ ᠣᠷᠣᠯᠴᠠᠬᠤ ᠳᠤ᠂ ᠳᠠᠭᠠᠭᠠᠨ | ᠬᠢᠬᠦ ᠨᠢᠭᠡᠴᠢ ᠠᠴᠠ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ | ᠬᠠᠮᠠᠭᠠᠯᠠᠬᠤ ᠵᠥᠪᠰᠢᠶᠡᠷᠡᠯ ᠭᠤᠶᠤᠴᠢᠯᠠᠬᠤ ᠬᠡᠷᠡᠭᠲᠡᠶ ᠃ | ᠬᠤᠷᠢᠨ ᠲᠠᠪᠤᠳᠤᠭᠠᠷ ᠵᠦᠶᠯ ᠰᠤᠷᠤᠭᠴᠢᠳ ᠢ ᠵᠣᠬᠢᠶᠠᠨ ᠪᠠᠶᠢᠭᠤᠯᠤᠨ ᠠᠶᠤᠯ ᠠᠴᠠ ᠠᠪᠤᠷᠠᠬᠤ᠂ ᠭᠠᠯ | ᠤᠨᠲᠠᠷᠠᠭᠠᠬᠤ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠪᠤᠶᠤ ᠨᠠᠰᠤᠨ ᠳᠤ ᠬᠦᠷᠦᠭᠰᠡᠳ ᠤᠨ ᠬᠢᠬᠦ ᠶᠣᠰᠣᠲᠠᠶ | ᠠᠵᠢᠯᠯᠠᠭ᠎ᠠ ᠳᠤ ᠣᠷᠣᠯᠴᠠᠭᠤᠯᠵᠤ ᠪᠣᠯᠬᠤ ᠦᠭᠡᠶ᠂ ᠰᠤᠷᠤᠭᠴᠢᠳ ᠢ ᠵᠣᠬᠢᠶᠠᠨ ᠪᠠᠶᠢᠭᠤᠯᠤᠨ ᠬᠤᠸᠠᠷ ᠫᠤᠤᠵᠢᠩ | ᠦᠶᠯᠡᠳᠬᠦ᠂ ᠬᠤᠤᠷᠲᠤ ᠬᠢᠮᠢ ᠶᠢᠨ ᠵᠦᠶᠯ ᠦᠶᠯᠡᠳᠬᠦ ᠵᠡᠷᠭᠡ ᠠᠶᠤᠯ ᠲᠠᠢ ᠠᠵᠢᠯᠯᠠᠭ᠎ᠠ ᠳᠤ ᠣᠷᠣᠯᠴᠠᠭᠤᠯᠵᠤ ᠪᠣᠯᠬᠤ | ᠦᠭᠡᠶ᠂ ᠰᠤᠷᠤᠭᠴᠢᠳ ᠢ ᠵᠣᠬᠢᠶᠠᠨ ᠪᠠᠶᠢᠭᠤᠯᠤᠨ ᠬᠤᠳᠠᠯᠳᠤᠭᠠᠨ ᠤ ᠴᠢᠨᠠᠷᠲᠠᠶ ᠠᠵᠢᠯᠯᠠᠭ᠎ᠠ ᠳᠤ ᠣᠷᠣᠯᠴᠠᠭᠤᠯᠵᠤ | ᠪᠣᠯᠬᠤ ᠦᠭᠡᠶ ᠃ | ᠬᠤᠷᠢᠨ ᠵᠢᠷᠭᠤᠳᠤᠭᠠᠷ ᠵᠦᠢᠯ ᠬᠢᠯᠪᠠᠷᠬᠠᠨ ᠭᠠᠷᠬᠤ ᠠᠳᠡᠯ ᠤᠨ ᠵᠠᠩᠭᠢᠯᠠᠭ᠎ᠠ ᠶᠢᠨ ᠴᠢᠭ ᠤᠨ ᠵᠢᠵᠢᠭᠦᠷᠯᠡᠬᠦ᠂ | ᠲᠣᠭᠤᠷᠢᠨ ᠪᠠᠶᠢᠴᠠᠭᠠᠬᠤ ᠪᠠ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠤᠳᠤᠷᠢᠳᠤᠯᠭ᠎ᠠ ᠠᠩᠭᠢ ᠳᠠᠭᠠᠭᠤᠯᠬᠤ | ᠪᠠ ᠪᠠᠭᠰᠢ ᠵᠢᠵᠢᠭᠦᠷᠯᠡᠬᠦ ᠳᠦᠷᠢᠮ ᠪᠠᠶᠢᠭᠤᠯᠵᠤ᠂ 《 ᠰᠤᠷᠭᠠᠭᠤᠯᠢ ᠶᠢᠨ ᠲᠣᠭᠤᠷᠢᠨ ᠪᠠᠶᠢᠴᠠᠭᠠᠬᠤ ᠠᠩᠭᠢ 》 | ᠪᠠᠶᠢᠭᠤᠯᠬᠤ ᠬᠡᠷᠡᠭᠲᠡᠶ ᠃ ᠠᠰᠠᠷ ᠤᠨ ᠵᠠᠮ ᠤᠨ ᠮᠤᠷᠤᠶᠢᠯᠲᠠ ᠶᠢᠨ ᠭᠠᠵᠠᠷ᠂ ᠪᠠᠶᠢᠷᠢ ᠳᠤ ᠰᠠᠭᠤᠬᠤ ᠳᠦᠷᠢᠮᠲᠦ | ᠰᠤᠷᠭᠠᠭᠤᠯᠢ ᠶᠢᠨ ᠰᠤᠷᠤᠭᠴᠢᠳ ᠤᠨ ᠰᠥᠨᠢ ᠶᠢᠨ ᠳᠠᠪᠲᠠᠯᠭ᠎ᠠ ᠶᠢᠨ ᠳᠠᠷᠠᠭ᠎ᠠ ᠪᠠᠶᠢᠷᠢ ᠶᠢᠨ ᠭᠡᠷ ᠵᠦᠭ ᠶᠠᠪᠤᠬᠤ ᠵᠠᠮ᠂ | ᠬᠠᠭᠤᠷᠠᠶ ᠵᠣᠷᠯᠣᠩ᠂ ᠬᠥᠮᠥᠷᠭᠡ ᠵᠡᠷᠭᠡ ᠶᠢᠨ ᠮᠤᠬᠤᠷ ᠭᠠᠵᠠᠷ ᠲᠤ ᠨᠡᠭᠦᠳᠡᠯ ᠲᠣᠭᠤᠷᠢᠨ ᠪᠠᠶᠢᠴᠠᠭᠠᠬᠤ ᠠᠵᠢᠯ ᠤᠨ | ᠪᠠᠶᠢᠷᠢ ᠭᠠᠷᠭᠠᠬᠤ ᠬᠡᠷᠡᠭᠲᠡᠶ︔ ᠰᠤᠷᠭᠠᠭᠤᠯᠢ ᠶᠢᠨ ᠲᠣᠮᠣ ᠬᠡᠯᠪᠡᠷᠢ ᠶᠢᠨ ᠬᠥᠳᠡᠯᠭᠡᠭᠡᠨ ᠤ ᠰᠤᠷᠤᠭᠴᠢᠳ ᠤᠨ | ᠴᠤᠭᠯᠠᠷᠠᠬᠤ ᠭᠠᠵᠠᠷ ᠲᠤ ᠲᠤᠰᠬᠠᠶ ᠬᠥᠮᠦᠨ ᠢᠶᠠᠷ ᠵᠢᠵᠢᠭᠦᠷᠯᠡᠭᠦᠯᠵᠦ ᠬᠥᠲᠥᠯᠥᠨ ᠵᠢᠯᠣᠭᠤᠳᠬᠤ ᠬᠡᠷᠡᠭᠲᠡᠶ ᠃ | ᠰᠤᠷᠭᠠᠭᠤᠯᠢ ᠳᠤ ᠪᠠᠷᠢᠯᠭ᠎ᠠ ᠶᠢᠨ ᠭᠠᠵᠠᠷ᠂ ᠴᠠᠬᠢᠯᠭᠠᠨ ᠬᠠᠭᠠᠯᠲᠠ ᠶᠢᠨ ᠢᠯᠡ ᠭᠠᠵᠠᠷ ᠵᠢᠴᠢ ᠲᠦᠷ ᠴᠠᠭ | ᠰᠢᠶᠳᠪᠦᠷᠢᠯᠡᠵᠦ ᠳᠡᠶᠢᠯᠬᠦ ᠦᠭᠡᠶ ᠠᠮᠤᠷ ᠲᠦᠪᠰᠢᠨ ᠤ ᠳᠠᠯᠳᠠ ᠭᠡᠮ ᠲᠠᠢ ᠭᠠᠵᠠᠷ ᠲᠤ ᠰᠡᠷᠡᠮᠵᠢ ᠶᠢᠨ ᠲᠡᠮᠳᠡᠭ | ᠲᠠᠯᠪᠢᠵᠤ᠂ ᠰᠤᠷᠤᠭᠴᠢᠳ ᠤᠨ ᠰᠠᠨᠠᠭᠠᠨ ᠳᠤ ᠦᠭᠡᠶ ᠦᠬᠦᠵᠦ ᠰᠢᠷᠬᠠᠲᠤᠬᠤ ᠠᠳᠡᠯ ᠭᠠᠷᠬᠤ ᠶᠢ ᠰᠡᠷᠭᠡᠶᠢᠯᠡᠨ | ᠬᠤᠷᠢᠭᠯᠠᠬᠤ ᠬᠡᠷᠡᠭᠲᠡᠶ ᠃ | ᠬᠤᠷᠢᠨ ᠳᠣᠯᠣᠳᠤᠭᠠᠷ ᠵᠦᠢᠯ ᠬᠢᠨᠠᠨ ᠬᠠᠮᠠᠭᠠᠯᠠᠭᠴᠢ ᠶᠢᠨ ᠰᠠᠶᠢᠨ ᠳᠤᠷ᠎ᠠ ᠠᠴᠠ ᠪᠠᠨ ᠰᠤᠷᠤᠭᠴᠢᠳ ᠲᠤ ᠰᠠᠨᠠᠭᠠᠨ | ᠳᠤ ᠦᠭᠡᠶ ᠭᠡᠮᠲᠦᠯ ᠤᠨ ᠳᠠᠭᠠᠳᠬᠠᠯ ᠬᠤᠳᠠᠯᠳᠤᠨ ᠠᠪᠬᠤ ᠶᠢ ᠵᠣᠷᠢᠭᠵᠢᠭᠤᠯᠬᠤ ᠪᠠ ᠰᠠᠨᠠᠭᠠᠴᠢᠯᠠᠬᠤ ᠶᠢᠨ ᠬᠠᠮᠲᠤ | ᠦᠨ᠎ᠡ ᠲᠥᠯᠥᠪᠦᠷᠢ ᠦᠭᠡᠶ ᠪᠠᠷ ᠴᠢᠨᠠᠷ ᠰᠠᠶᠢᠲᠠᠶ ᠦᠢᠯᠡᠴᠢᠯᠡᠭᠡᠨ ᠬᠠᠩᠭᠠᠬᠤ ᠬᠡᠷᠡᠭᠲᠡᠶ ᠃ | ᠳᠥᠷᠪᠡᠳᠦᠭᠡᠷ ᠪᠦᠯᠦᠭ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ | ᠬᠤᠷᠢᠨ ᠨᠠᠶᠮᠠᠳᠤᠭᠠᠷ ᠵᠦᠶᠯ ᠡᠯ᠎ᠡ ᠰᠤᠷᠭᠠᠭᠤᠯᠢ ᠨᠤᠭᠤᠳ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ | ᠡᠷᠴᠢᠮ ᠢᠶᠠᠨ ᠨᠡᠮᠡᠭᠳᠡᠭᠦᠯᠵᠦ᠂ ᠤᠷᠢᠶ᠎ᠠ ᠯᠣᠽᠦ᠋ᠩ᠂ ᠰᠠᠮᠪᠠᠷ᠎ᠠ ᠶᠢᠨ ᠰᠣᠨᠢᠨ᠂ ᠲᠤᠰᠬᠠᠶ ᠪᠤᠯᠤᠩ᠂ ᠳᠡᠯᠭᠡᠭᠦᠷᠭᠡ | ᠵᠡᠷᠭᠡ ᠰᠤᠷᠭᠠᠭᠤᠯᠢ ᠶᠢᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠠᠰᠢᠭᠯᠠᠨ᠂ ᠬᠢᠴᠢᠶᠡᠯ ᠤᠨ ᠲᠠᠩᠬᠢᠮ᠂ | ᠲᠠᠶᠢᠯᠤᠮᠵᠢ᠂ ᠲᠣᠭᠯᠠᠯᠲᠠ᠂ ᠤᠬᠠᠭᠤᠯᠭ᠎ᠠ ᠶᠢᠨ ᠮᠠᠲ᠋ᠧᠷᠢᠶᠠᠯ ᠳᠠᠷᠤᠮᠠᠯᠯᠠᠬᠤ᠂ ᠴᠢᠯᠥᠭᠡ ᠲᠠᠯᠪᠢᠬᠤ ᠰᠤᠷᠭᠠᠭᠤᠯᠢ | ᠲᠠᠷᠬᠠᠬᠤ ᠠᠴᠠ ᠡᠮᠦᠨᠡᠬᠢ ᠰᠠᠨᠠᠭᠤᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ᠡᠯ᠎ᠡ ᠲᠥᠷᠥᠯ ᠤᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠤᠬᠠᠭᠤᠯᠭ᠎ᠠ ᠬᠥᠮᠦᠵᠢᠯ ᠢ ᠦᠷᠭᠦᠯᠵᠢ ᠬᠢᠬᠦ ᠬᠡᠷᠡᠭᠲᠡᠶ ᠃ | ᠬᠤᠷᠢ ᠶᠢᠰᠦᠳᠦᠭᠡᠷ ᠵᠦᠶᠯ ᠤᠯᠤᠰ ᠤᠨ ᠬᠢᠴᠢᠶᠡᠯ ᠤᠨ ᠪᠠᠷᠢᠮᠵᠢᠶ᠎ᠠ ᠪᠣᠯᠤᠨ ᠣᠷᠣᠨ ᠨᠤᠲᠤᠭ ᠤᠨ ᠬᠢᠴᠢᠶᠡᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠶᠤᠯ ᠦᠭᠡᠶ ᠶᠢᠨ ᠬᠥᠮᠦᠵᠢᠯ ᠢ ᠵᠢᠭᠠᠨ ᠰᠤᠷᠭᠠᠬᠤ ᠠᠭᠤᠯᠭ᠎ᠠ | ᠳᠤ ᠣᠷᠣᠭᠤᠯᠵᠤ᠂ ᠬᠢᠴᠢᠶᠡᠯ ᠤᠨ ᠴᠠᠭ ᠢ ᠭᠠᠷᠠᠭ ᠠᠯᠤᠰᠯᠠᠬᠤ ᠪᠠᠷ ᠲᠣᠭᠲᠠᠭᠠᠬᠤ ᠬᠡᠷᠡᠭᠲᠡᠶ ᠃ | ᠭᠤᠴᠢᠳᠤᠭᠠᠷ ᠵᠦᠶᠯ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠪᠣᠯᠤᠨ ᠰᠤᠷᠭᠠᠭᠤᠯᠢ ᠶᠢᠨ ᠠᠮᠤᠷ | ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠵᠤ ᠪᠠᠶᠢᠭ᠎ᠠ ᠬᠥᠮᠦᠰ ᠬᠤᠯᠪᠣᠭᠳᠠᠯ ᠪᠦᠬᠦᠢ ᠠᠮᠤᠷ ᠲᠦᠪᠰᠢᠨ ᠤ | ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠬᠦᠷᠲᠡᠵᠦ᠂ ᠵᠢᠯ ᠪᠦᠷᠢ 16 | ᠬᠢᠴᠢᠶᠡᠯ ᠤᠨ ᠴᠠᠭ ᠠᠴᠠ ᠳᠤᠲᠠᠭᠤ ᠦᠭᠡᠶ ᠠᠮᠤᠷ ᠲᠦᠪᠰᠢᠨ ᠤ ᠪᠣᠯᠪᠠᠰᠤᠷᠠᠭᠤᠯᠤᠯ ᠢ ᠬᠦᠷᠲᠡᠭᠡᠬᠦ ᠬᠡᠷᠡᠭᠲᠡᠶ︔ | ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠰᠤᠷᠤᠯᠭ᠎ᠠ ᠶᠢᠨ ᠬᠤᠭᠤᠴᠠᠭ᠎ᠠ ᠪᠦᠷᠢ ᠳᠤ 12 ᠬᠢᠴᠢᠶᠡᠯ ᠤᠨ | ᠴᠠᠭ ᠠᠴᠠ ᠳᠣᠣᠷ᠎ᠠ ᠪᠠᠶᠢᠯᠭᠠᠵᠤ ᠪᠣᠯᠬᠤ ᠦᠭᠡᠶ ( ᠡᠯ᠎ᠡ ᠵᠦᠢᠯ ᠤᠨ ᠰᠣᠷᠢᠯᠲᠠ᠂ ᠪᠣᠯᠪᠠᠰᠤᠷᠠᠯ ᠪᠠᠭᠲᠠᠨ᠎ᠠ )᠂ 《 | ᠬᠥᠲᠥᠯᠪᠦᠷᠢ ᠲᠠᠢ᠂ ᠲᠥᠯᠥᠪᠯᠡᠭᠡ ᠲᠠᠢ᠂ ᠬᠢᠴᠢᠶᠡᠯ ᠲᠠᠢ᠂ ᠪᠠᠭᠰᠢ ᠲᠠᠢ᠂ ᠵᠢᠭᠠᠬᠤ ᠮᠠᠲ᠋ᠧᠷᠢᠶᠠᠯ ᠲᠠᠢ᠂ ᠵᠢᠭᠠᠬᠤ | ᠲᠥᠰᠦᠯ ᠲᠠᠢ᠂ ᠪᠠᠶᠢᠴᠠᠭᠠᠨ ᠬᠡᠮᠵᠢᠯᠲᠡ ᠲᠠᠢ ᠪᠠᠶᠢᠬᠤ 》 ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠪᠣᠳᠠᠲᠤ | ᠦᠷ᠎ᠡ ᠪᠦᠲᠦᠮᠵᠢ ᠪᠣᠯᠤᠨ ᠭᠡᠨᠡᠳᠲᠡ ᠡᠭᠦᠰᠦᠭᠰᠡᠨ ᠬᠡᠷᠡᠭ ᠢ ᠰᠢᠶᠳᠪᠦᠷᠢᠯᠡᠬᠦ ᠴᠢᠳᠠᠪᠤᠷᠢ ᠶᠢ ᠲᠠᠰᠤᠷᠠᠯᠲᠠ ᠤᠢᠭᠡᠢ | ᠳᠡᠭᠡᠭᠰᠢᠯᠡᠭᠦᠯᠬᠦ ᠬᠡᠷᠡᠭᠲᠡᠶ ᠃ | ᠭᠤᠴᠢᠨ ᠨᠢᠭᠡᠳᠦᠭᠡᠷ ᠵᠦᠶᠯ ᠰᠤᠷᠭᠠᠭᠤᠯᠢ ᠨᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠠᠨ | ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠣᠶᠣᠯ ᠢ ᠰᠤᠷᠭᠠᠭᠤᠯᠢ ᠶᠢᠨ ᠬᠦᠷᠢᠶᠡᠨ ᠤ | ᠰᠣᠶᠣᠯ ᠤᠨ ᠪᠠᠶᠢᠭᠤᠯᠤᠯᠲᠠ ᠳᠠᠭᠠᠨ ᠠᠭᠤᠰᠬᠠᠨ ᠣᠷᠣᠭᠤᠯᠵᠤ᠂ ᠰᠤᠷᠤᠭᠴᠢᠳ ᠤᠨ ᠦᠵᠡᠵᠦ ᠰᠣᠨᠣᠰᠬᠤ ᠶᠢ | ᠨᠥᠯᠥᠭᠡᠯᠡᠨ ᠰᠤᠷᠭᠠᠨ ᠬᠥᠮᠦᠵᠢᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠢ ᠤᠬᠠᠮᠰᠠᠷ ᠠᠴᠠ ᠪᠠᠨ ᠵᠢᠷᠤᠮᠯᠠᠬᠤ᠂ | ᠪᠡᠶ᠎ᠡ ᠪᠠᠨ ᠳᠠᠭᠠᠭᠠᠵᠤ ᠬᠠᠮᠠᠭᠠᠯᠠᠬᠤ ᠳᠠᠳᠬᠠᠯ ᠪᠠ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠃ | ᠭᠤᠴᠢᠨ ᠬᠤᠶᠠᠳᠤᠭᠠᠷ ᠵᠦᠶᠯ ᠰᠤᠷᠭᠠᠭᠤᠯᠢ ᠡᠬᠢᠯᠡᠬᠦ ᠦᠶ᠎ᠡ᠂ ᠴᠢᠯᠥᠭᠡ ᠲᠠᠯᠪᠢᠬᠤ ᠠᠴᠠ ᠡᠮᠦᠨ᠎ᠡ᠂ ᠪᠦᠬᠦ | ᠰᠤᠷᠤᠭᠴᠢᠳ ᠲᠤ ᠨᠢᠭᠡ ᠤᠳᠠᠭᠠᠨ ᠤ ᠠᠮᠤᠷ ᠲᠦᠪᠰᠢᠨ ᠤ ᠰᠡᠷᠡᠮᠵᠢ ᠶᠢᠨ ᠬᠥᠮᠦᠵᠢᠯ ᠬᠢᠵᠦ᠂ ᠰᠤᠷᠤᠯᠭ᠎ᠠ ᠶᠢᠨ | ᠬᠤᠭᠤᠴᠠᠭ᠎ᠠ ᠪᠦᠷᠢ ᠶᠢᠨ ᠡᠬᠢᠨ ᠳᠤ ᠨᠢᠭᠡ ᠤᠳᠠᠭᠠᠨ ᠤ ᠠᠮᠤᠷ ᠲᠦᠪᠰᠢᠨ ᠤ ᠭᠠᠷᠠᠭ ᠤᠨ ᠬᠥᠮᠦᠵᠢᠯ ᠤᠨ | ᠠᠵᠢᠯᠯᠠᠭ᠎ᠠ ᠥᠷᠨᠢᠭᠦᠯᠬᠦ ᠬᠡᠷᠡᠭᠲᠡᠶ ᠃ ᠰᠢᠨ᠎ᠡ ᠰᠤᠷᠤᠭᠴᠢ ᠰᠤᠷᠭᠠᠭᠤᠯᠢ ᠳᠤ ᠤᠷᠤᠭᠰᠠᠨ ᠤ ᠳᠠᠷᠠᠭ᠎ᠠ᠂ | ᠰᠤᠷᠤᠭᠴᠢᠳ ᠢ ᠬᠠᠪᠰᠤᠷᠤᠨ ᠰᠤᠷᠭᠠᠭᠤᠯᠢ ᠶᠢᠨ ᠬᠠᠮᠢᠶ᠎ᠠ ᠪᠦᠬᠦᠢ ᠠᠮᠤᠷ ᠲᠦᠪᠰᠢᠨ ᠤ ᠳᠦᠷᠢᠮ ᠪᠣᠯᠤᠨ ᠠᠮᠤᠷ | ᠲᠦᠪᠰᠢᠨ ᠤ ᠲᠣᠭᠲᠠᠭᠠᠯ ᠢ ᠴᠠᠭ ᠲᠤᠬᠠᠶ ᠳᠤᠨᠢ ᠣᠶᠢᠯᠠᠭᠠᠭᠤᠯᠬᠤ ᠬᠡᠷᠡᠭᠲᠡᠶ ᠃ | ᠭᠤᠴᠢᠨ ᠭᠤᠷᠪᠠᠳᠤᠭᠠᠷ ᠵᠦᠶᠯ ᠰᠤᠷᠭᠠᠭᠤᠯᠢ ᠨᠤᠭᠤᠳ ᠰᠤᠷᠭᠠᠨ ᠬᠥᠮᠦᠵᠢᠯ ᠤᠨ ᠶᠠᠮᠤᠨ ᠤ 《 ᠳᠤᠮᠳᠠᠳᠤ ᠪᠠᠭ᠎ᠠ | ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠢᠯᠣᠭᠤᠳᠬᠤ ᠲᠣᠪᠴᠢ ( 2012 ᠣᠨ | ᠳᠤ ᠵᠠᠰᠠᠪᠤᠷᠢ ᠣᠷᠣᠭᠤᠯᠤᠭᠰᠠᠨ ) 》 ᠶᠢ ᠦᠨᠳᠦᠰᠦᠯᠡᠨ᠂ ᠰᠡᠳᠬᠢᠴᠡ ᠶᠢᠨ ᠯᠠᠪᠯᠠᠯᠭ᠎ᠠ ᠶᠢᠨ ᠲᠠᠰᠤᠭ ᠪᠠᠶᠢᠭᠤᠯᠵᠤ | ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠂ ᠰᠤᠷᠤᠭᠴᠢᠳ | ᠬᠤᠭᠤᠷᠣᠨᠳᠣ ᠪᠠᠨ ᠬᠠᠷᠢᠯᠴᠠᠨ ᠰᠣᠯᠢᠯᠴᠠᠬᠤ᠂ ᠨᠡᠪᠲᠡᠷᠡᠯᠴᠡᠬᠦ᠂ ᠪᠦᠯᠬᠦᠮᠳᠡᠨ ᠨᠥᠬᠦᠷᠯᠡᠬᠦ᠂ ᠬᠠᠷᠢᠯᠴᠠᠨ | ᠬᠠᠪᠰᠤᠷᠤᠯᠴᠠᠬᠤ᠂ ᠬᠠᠮᠲᠤᠷᠠᠨ ᠰᠤᠷᠤᠯᠴᠠᠬᠤ᠂ ᠬᠠᠮᠲᠤ ᠪᠠᠷ ᠳᠠᠪᠰᠢᠬᠤ ᠶᠢ ᠰᠠᠨᠠᠭᠠᠴᠢᠯᠠᠵᠤ᠂ ᠰᠤᠷᠤᠭᠴᠢᠳ | ᠬᠤᠭᠤᠷᠣᠨᠳᠣ ᠪᠠᠨ ᠪᠠᠭ᠎ᠠ ᠰᠠᠭ᠎ᠠ ᠵᠥᠷᠢᠴᠡᠯ ᠵᠢᠭᠤᠷᠠᠯᠳᠤᠭᠠᠨ ᠠᠴᠠ ᠪᠣᠯᠵᠤ ᠬᠡᠲᠦᠷᠡᠮᠡᠬᠡᠶ ᠠᠵᠢᠯᠯᠠᠭ᠎ᠠ ᠡᠭᠦᠰᠬᠦ ᠠᠴᠠ | ᠰᠡᠷᠭᠡᠶᠢᠯᠡᠬᠦ ᠬᠡᠷᠡᠭᠲᠡᠶ ᠃ | ᠭᠤᠴᠢᠨ ᠳᠥᠷᠪᠡᠳᠦᠭᠡᠷ ᠵᠦᠶᠯ ᠰᠤᠷᠭᠠᠭᠤᠯᠢ ᠨᠤᠭᠤᠳ ᠠᠳᠠᠯᠢ ᠪᠤᠰᠤ ᠬᠢᠴᠢᠶᠡᠯ ᠤᠨ ᠲᠤᠷᠰᠢᠯᠲᠠ ᠶᠢᠨ ᠬᠢᠴᠢᠶᠡᠯ | ᠤᠨ ᠣᠨᠴᠠᠯᠢᠭ ᠪᠣᠯᠤᠨ ᠱᠠᠭᠠᠷᠳᠠᠯᠭ᠎ᠠ ᠳᠤ ᠴᠢᠭᠯᠡᠭᠦᠯᠦᠨ᠂ ᠰᠤᠷᠤᠭᠴᠢᠳ ᠲᠤ ᠲᠤᠷᠰᠢᠯᠲᠠ ᠶᠢᠨ ᠬᠡᠷᠡᠭᠰᠡᠯ ᠤᠨ | ᠬᠤᠤᠷ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ᠂ ᠰᠠᠴᠤᠷᠠᠭ ᠠᠴᠠ ᠰᠡᠷᠭᠡᠶᠢᠯᠡᠬᠦ᠂ ᠰᠢᠲᠠᠬᠤ ᠠᠴᠠ ᠰᠡᠷᠭᠡᠶᠢᠯᠡᠬᠦ᠂ | ᠪᠣᠬᠢᠷᠲᠤᠯ ᠢ ᠰᠡᠷᠭᠡᠶᠢᠯᠡᠬᠦ ᠵᠡᠷᠭᠡ ᠠᠶᠤᠯ ᠦᠭᠡᠶ ᠶᠢᠨ ᠬᠠᠮᠠᠭᠠᠯᠠᠯᠲᠠ ᠶᠢᠨ ᠬᠥᠮᠦᠵᠢᠯ ᠬᠢᠬᠦ ᠬᠡᠷᠡᠭᠲᠡᠶ ᠃ | ᠭᠤᠴᠢᠨ ᠲᠠᠪᠤᠳᠤᠭᠠᠷ ᠵᠦᠶᠯ ᠰᠤᠷᠭᠠᠭᠤᠯᠢ ᠠᠴᠠ ᠰᠤᠷᠤᠭᠴᠢᠳ ᠲᠤ ᠠᠶᠤᠯᠭᠦᠶ ᠶᠢᠨ ᠰᠡᠷᠭᠡᠶᠢᠯᠡᠯᠲᠡ ᠶᠢᠨ | ᠬᠥᠮᠦᠵᠢᠯ ᠥᠷᠨᠢᠭᠦᠯᠵᠦ᠂ ᠰᠤᠷᠤᠭᠴᠢᠳ ᠲᠤ ᠥᠪᠡᠷ ᠢ ᠪᠠᠨ ᠬᠠᠮᠠᠭᠠᠯᠠᠬᠤ ᠦᠨᠳᠦᠰᠦᠨ ᠤᠷ᠎ᠠ ᠴᠢᠳᠠᠪᠤᠷᠢ ᠶᠢ | ᠡᠵᠡᠮᠰᠢᠭᠦᠯᠵᠦ᠂ ᠬᠠᠤᠯᠢ ᠪᠤᠰᠤ ᠬᠠᠯᠳᠠᠯᠭ᠎ᠠ ᠶᠢ ᠠᠷᠭᠠᠴᠠᠬᠤ ᠬᠡᠷᠡᠭᠲᠡᠶ ᠃ | ᠰᠤᠷᠭᠠᠭᠤᠯᠢ ᠨᠢ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠰᠡᠷᠭᠡᠶᠢᠯᠡᠯᠲᠡ ᠶᠢᠨ ᠠᠮᠤᠷ | ᠲᠦᠪᠰᠢᠨ ᠵᠡᠷᠭᠡ ᠶᠢᠨ ᠬᠥᠮᠦᠵᠢᠯ ᠬᠢᠵᠦ᠂ ᠢᠳᠡᠭᠡᠨ ᠳᠤ ᠬᠤᠤᠷᠳᠠᠭᠳᠠᠬᠤ ᠶᠢ ᠰᠡᠷᠭᠡᠶᠢᠯᠡᠬᠦ᠂ ᠰᠢᠬᠠᠯᠳᠤᠵᠤ | ᠭᠢᠰᠬᠢᠯᠡᠬᠦ ᠶᠢ ᠰᠡᠷᠭᠡᠶᠢᠯᠡᠬᠦ᠂ ᠭᠠᠯ ᠤᠨ ᠠᠶᠤᠯ ᠢ ᠰᠡᠷᠭᠡᠶᠢᠯᠡᠬᠦ᠂ ᠤᠰᠤᠨ ᠳᠤ ᠴᠠᠴᠠᠬᠤ ᠶᠢ ᠰᠡᠷᠭᠡᠶᠢᠯᠡᠬᠦ᠂ | ᠨᠡᠭᠦᠷᠡᠰᠦᠨ ᠬᠡᠶ ᠳᠤ ᠬᠤᠤᠷᠳᠠᠭᠳᠠᠬᠤ ᠶᠢ ᠰᠡᠷᠭᠡᠶᠢᠯᠡᠬᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠪᠡᠯᠭᠡ ᠶᠢᠨ | ᠬᠠᠯᠳᠠᠯᠭ᠎ᠠ ᠶᠢ ᠰᠡᠷᠭᠡᠶᠢᠯᠡᠬᠦ᠂ ᠬᠠᠤᠯᠢ ᠪᠤᠰᠤ ᠡᠲᠡᠭᠡᠳ ᠤᠨ ᠬᠠᠯᠳᠠᠯᠭ᠎ᠠ ᠶᠢ ᠰᠡᠷᠭᠡᠶᠢᠯᠡᠬᠦ᠂ ᠬᠦᠴᠦᠷᠬᠡᠭᠯᠡᠯ | ᠰᠦᠷᠳᠡᠭᠦᠯᠦᠯ ᠤᠨ ᠲᠠᠭᠠᠷᠢᠯᠲᠠ ᠶᠢ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ ᠪᠠ ᠬᠥᠮᠦᠨ ᠤ ᠪᠡᠶ᠎ᠡ ᠶᠢ | ᠬᠠᠮᠠᠭᠠᠯᠠᠬᠤ ᠬᠥᠮᠦᠵᠢᠯ ᠬᠢᠵᠦ᠂ ᠦᠶᠡᠷ ᠤᠰᠤᠲᠤᠯ ᠢ ᠰᠡᠷᠭᠡᠶᠢᠯᠡᠬᠦ᠂ ᠰᠢᠪᠠᠷ ᠴᠢᠯᠠᠭᠤᠨ ᠤ ᠤᠷᠤᠰᠬᠠᠯ ᠢ | ᠰᠡᠷᠭᠡᠶᠢᠯᠡᠬᠦ᠂ ᠮᠥᠨᠳᠥᠷ ᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢ | ᠰᠡᠷᠭᠡᠶᠢᠯᠡᠬᠦ᠂ ᠡᠯᠡᠰᠦ ᠲᠣᠭᠤᠰᠣ ᠶᠢ ᠰᠡᠷᠭᠡᠶᠢᠯᠡᠬᠦ᠂ ᠪᠣᠷᠣᠭᠠᠨ ᠴᠠᠰᠤ ᠶᠢ ᠰᠡᠷᠭᠡᠶᠢᠯᠡᠬᠦ᠂ ᠠᠶᠤᠩᠭ᠎ᠠ ᠴᠠᠬᠢᠯᠭᠠᠨ ᠢ | ᠰᠡᠷᠭᠡᠶᠢᠯᠡᠬᠦ ᠵᠡᠷᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠥᠮᠦᠵᠢᠯ ᠬᠢᠵᠦ᠂ ᠤᠰᠤ︔ ᠲᠤᠬᠠᠶ ᠶᠢᠨ ᠭᠠᠵᠠᠷ ᠤᠨ | ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠤᠷᠤᠭᠴᠢᠳ ᠲᠤ ᠭᠤᠤᠯ ᠮᠥᠷᠡᠨ᠂ ᠤᠰᠤᠨ ᠴᠥᠭᠦᠷᠥᠮ ᠵᠡᠷᠭᠡ ᠣᠷᠣᠨ | ᠨᠤᠲᠤᠭ ᠤᠨ ᠤᠰᠤ᠂ ᠤᠮᠪᠠᠯᠲᠠ ᠶᠢᠨ ᠠᠮᠤᠷ ᠲᠦᠪᠰᠢᠨ ᠡᠷᠡᠭᠦᠯ ᠬᠠᠮᠠᠭᠠᠯᠠᠯ ᠤᠨ ᠬᠥᠮᠦᠵᠢᠯ ᠢ ᠴᠢᠭᠯᠡᠭᠦᠯᠬᠦ | ᠴᠢᠨᠠᠷᠲᠠᠶ ᠪᠠᠷ ᠥᠷᠨᠢᠭᠦᠯᠬᠦ ᠬᠡᠷᠡᠭᠲᠡᠶ ᠃ | ᠭᠤᠴᠢᠨ ᠵᠢᠷᠭᠤᠳᠤᠭᠠᠷ ᠵᠦᠶᠯ ᠰᠤᠷᠭᠠᠭᠤᠯᠢ ᠨᠤᠭᠤᠳ ᠪᠠᠭᠰᠢ ᠠᠵᠢᠯᠲᠠᠨ ᠠᠵᠢᠯᠴᠢᠨ ᠤ ᠠᠶᠤᠯ ᠦᠭᠡᠶ ᠶᠢᠨ | ᠬᠥᠮᠦᠵᠢᠯ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠵᠤ᠂ ᠣᠯᠠᠨ ᠵᠦᠶᠯ ᠤᠨ ᠠᠷᠭ᠎ᠠ ᠵᠠᠮ ᠪᠣᠯᠤᠨ ᠠᠷᠭ᠎ᠠ | ᠪᠠᠷ ᠳᠠᠮᠵᠢᠭᠤᠯᠤᠨ ᠪᠠᠭᠰᠢ ᠠᠵᠢᠯᠲᠠᠨ ᠠᠵᠢᠯᠴᠢᠨ ᠳᠤ ᠠᠶᠤᠯ ᠦᠭᠡᠶ ᠶᠢᠨ ᠳᠦᠷᠢᠮ ᠲᠣᠭᠲᠠᠭᠠᠯ ᠢ ᠣᠶᠢᠯᠠᠭᠠᠭᠤᠯᠵᠤ | ᠂ ᠠᠶᠤᠯ ᠦᠭᠡᠶ ᠶᠢᠨ ᠠᠪᠤᠷᠠᠬᠤ ᠶᠡᠷᠦ ᠶᠢᠨ ᠮᠡᠳᠡᠯᠭᠡ ᠶᠢ ᠡᠵᠡᠮᠰᠢᠭᠦᠯᠬᠦ ᠬᠡᠷᠡᠭᠲᠡᠶ ᠃ ᠰᠤᠷᠭᠠᠭᠤᠯᠢ ᠨᠤᠭᠤᠳ ᠦᠶᠡᠷ | ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠪᠣᠯᠤᠨ ᠭᠠᠯ ᠤᠨ ᠠᠶᠤᠯ᠂ ᠢᠳᠡᠭᠡᠨ ᠳᠤ ᠬᠤᠣᠷᠳᠠᠭᠳᠠᠬᠤ᠂ | ᠬᠦᠴᠦᠷᠬᠡᠭᠯᠡᠯ ᠰᠦᠷᠳᠡᠭᠦᠯᠦᠯ ᠢ ᠰᠡᠷᠭᠡᠶᠢᠯᠡᠬᠦ᠂ ᠰᠢᠬᠠᠯᠳᠤᠵᠤ ᠭᠢᠰᠬᠢᠯᠡᠬᠦ ᠵᠡᠷᠭᠡ ᠠᠳᠡᠯ ᠢ ᠠᠷᠭᠠᠴᠠᠬᠤ ᠰᠣᠷᠢᠯᠲᠠ ᠶᠢ | ᠰᠠᠷ᠎ᠠ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠪᠠᠭᠰᠢ ᠰᠤᠷᠤᠭᠴᠢᠳ ᠲᠤ ᠠᠶᠤᠯ ᠠᠴᠠ ᠵᠠᠶᠢᠯᠠᠬᠤ᠂ ᠠᠮᠢ | ᠵᠢᠭᠤᠲᠠᠬᠤ᠂ ᠥᠪᠡᠷ ᠢ ᠪᠠᠨ ᠠᠪᠤᠷᠠᠬᠤ ᠠᠷᠭ᠎ᠠ ᠶᠢ ᠡᠵᠡᠮᠰᠢᠭᠦᠯᠬᠦ ᠬᠡᠷᠡᠭᠲᠡᠶ ᠃ ᠪᠠᠴᠢᠮ ᠠᠳᠡᠯ ᠢ ᠠᠷᠭᠠᠴᠠᠬᠤ | ᠴᠢᠳᠠᠪᠤᠷᠢ ᠶᠢᠨ ᠪᠣᠯᠪᠠᠰᠤᠷᠠᠯ ᠰᠣᠷᠢᠯᠲᠠ ᠬᠢᠵᠦ᠂ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ ᠃ | ᠭᠤᠴᠢᠨ ᠳᠣᠯᠣᠳᠤᠭᠠᠷ ᠵᠦᠶᠯ ᠣᠷᠣᠨ ᠤ ᠶᠡᠷᠦᠩᠬᠡᠶᠢᠯᠡᠨ ᠵᠠᠰᠠᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠪᠠ ᠳᠣᠲᠣᠭᠠᠳᠤ ᠶᠢ | ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠵᠦ᠂ ᠰᠢᠯᠢᠳᠡᠭ | ᠬᠠᠤᠯᠢ ᠴᠠᠭᠠᠵᠠ ᠶᠢᠨ ᠠᠵᠢᠯᠲᠠᠨ ᠢ ᠰᠣᠩᠭᠤᠨ ᠤᠷᠢᠵᠤ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠬᠠᠤᠯᠢ | ᠪᠠᠷ ᠵᠠᠰᠠᠬᠤ ᠳᠡᠳ᠋ ᠵᠠᠬᠢᠷᠤᠯ ᠪᠤᠶᠤ ᠬᠠᠤᠯᠢ ᠪᠠᠷ ᠵᠠᠰᠠᠬᠤ ᠬᠠᠪᠰᠤᠷᠤᠨ ᠵᠢᠯᠣᠭᠤᠳᠣᠭᠴᠢ ᠪᠣᠯᠭᠠᠬᠤ ᠬᠡᠷᠡᠭᠲᠡᠶ ᠃ | ᠲᠤᠰᠢᠶᠠᠯ ᠬᠠᠪᠰᠤᠷᠭᠠᠭᠰᠠᠨ ᠬᠠᠤᠯᠢ ᠪᠠᠷ ᠵᠠᠰᠠᠬᠤ ᠳᠡᠳ᠋ ᠵᠠᠬᠢᠷᠤᠯ ᠪᠤᠶᠤ ᠬᠠᠤᠯᠢ ᠪᠠᠷ ᠵᠠᠰᠠᠬᠤ ᠶᠢᠨ ᠬᠠᠪᠰᠤᠷᠤᠨ | ᠵᠢᠯᠣᠭᠤᠳᠣᠭᠴᠢ ᠨᠢ ᠪᠠᠭᠰᠢ ᠰᠤᠷᠤᠭᠴᠢᠳ ᠲᠤ ᠬᠠᠤᠯᠢ ᠪᠠᠷ ᠵᠠᠰᠠᠬᠤ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ | ᠪᠠᠷ ᠬᠢᠵᠦ᠂ ᠰᠤᠷᠭᠠᠭᠤᠯᠢ ᠶᠢ ᠬᠠᠮᠵᠢᠨ ᠠᠮᠤᠷ ᠲᠦᠪᠰᠢᠨ ᠤ ᠲᠦᠷᠢᠮ ᠪᠠ ᠠᠮᠤᠷ ᠲᠦᠪᠰᠢᠨ ᠤ ᠠᠳᠠᠯ ᠢ | ᠪᠠᠶᠢᠴᠠᠭᠠᠨ ᠨᠠᠶᠢᠳᠠᠪᠤᠷᠢᠵᠢᠭᠤᠯᠬᠤ ᠶᠢ ᠰᠢᠶᠳᠪᠦᠷᠢᠯᠡᠬᠦ ᠬᠡᠷᠡᠭᠲᠡᠶ ᠃ ᠰᠤᠷᠭᠠᠭᠤᠯᠢ ᠲᠡᠭᠦᠨ ᠤ ᠠᠵᠢᠯ ᠢ ᠬᠢᠨᠠᠨ | ᠰᠢᠯᠭᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠲᠣᠮᠢᠯᠠᠭᠰᠠᠨ ᠨᠢᠭᠡᠴᠢ ᠶᠢᠨ ᠠᠵᠢᠯ ᠢ ᠬᠢᠨᠠᠨ ᠰᠢᠯᠭᠠᠬᠤ ᠠᠭᠤᠯᠭ᠎ᠠ | ᠳᠤ ᠣᠷᠣᠭᠤᠯᠤᠨ᠎ᠠ ᠃ | ᠭᠤᠴᠢᠨ ᠨᠠᠶᠮᠠᠳᠤᠭᠠᠷ ᠵᠦᠶᠯ ᠰᠤᠷᠤᠭᠴᠢ ᠶᠢᠨ ᠬᠢᠨᠠᠨ ᠬᠠᠮᠠᠭᠠᠯᠠᠭᠴᠢ ᠨᠢ ᠰᠤᠷᠭᠠᠭᠤᠯᠢ ᠲᠠᠢ ᠬᠠᠷᠢᠯᠴᠠᠨ | ᠬᠠᠮᠵᠢᠯᠴᠠᠵᠤ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠬᠢᠨᠠᠨ ᠬᠠᠮᠠᠭᠠᠯᠠᠭᠳᠠᠭᠴᠢ ᠶᠢᠨ ᠡᠯ᠎ᠡ ᠵᠦᠶᠯ ᠤᠨ | ᠠᠮᠤᠷ ᠲᠦᠪᠰᠢᠨ ᠤ ᠬᠥᠮᠦᠵᠢᠯ ᠢ ᠴᠢᠩᠬᠠᠳᠬᠠᠬᠤ ᠬᠡᠷᠡᠭᠲᠡᠶ ᠃ | ᠲᠠᠪᠤᠳᠤᠭᠠᠷ ᠪᠦᠯᠦᠭ ᠰᠤᠷᠭᠠᠭᠤᠯᠢ ᠶᠢᠨ ᠡᠷᠭᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠃ᠭᠤᠴᠢ | ᠶᠢᠰᠦᠳᠦᠭᠡᠷ ᠵᠦᠶᠯ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ | ᠬᠠᠮᠠᠭᠠᠯᠠᠬᠤ᠂ ᠭᠠᠯ ᠤᠨᠲᠠᠷᠠᠭᠠᠬᠤ᠂ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠰᠤᠷᠭᠠᠭᠤᠯᠢ ᠶᠢᠨ | ᠬᠦᠷᠢᠶᠡᠨ ᠤ ᠡᠷᠭᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠪᠠᠨ ᠴᠢᠩᠭᠠᠳᠬᠠᠵᠤ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠤ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠪᠠᠷᠢᠮᠵᠢᠶ᠎ᠠ ᠠᠴᠠ ᠵᠥᠷᠢᠴᠡᠨ᠂ ᠰᠤᠷᠭᠠᠭᠤᠯᠢ ᠶᠢᠨ | ᠬᠦᠷᠢᠶ᠎ᠡ ᠬᠡᠷᠡᠮ ᠪᠤᠶᠤ ᠪᠠᠷᠢᠯᠭ᠎ᠠ ᠶᠢᠨ ᠬᠠᠵᠠᠭᠤ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠰᠤᠷᠭᠠᠭᠤᠯᠢ | ᠶᠢᠨ ᠬᠦᠷᠢᠶᠡᠨ ᠤ ᠡᠷᠭᠢᠨ ᠲᠣᠭᠤᠷᠢᠨ ᠳᠤ ᠨᠣᠴᠣᠮᠠᠲᠠᠭᠠᠶ ᠳᠡᠯᠪᠡᠷᠡᠮᠡᠲᠡᠭᠡᠶ᠂ ᠳᠣᠭᠰᠢᠨ ᠬᠤᠤᠷᠲᠠᠶ᠂ ᠰᠠᠴᠤᠷᠠᠭ | ᠴᠢᠨᠠᠷᠲᠠᠶ᠂ ᠢᠳᠡᠮᠡᠬᠡᠶ ᠴᠢᠨᠠᠷᠲᠠᠶ ᠵᠡᠷᠭᠡ ᠠᠶᠤᠯ ᠲᠠᠢ ᠡᠳ᠋ ᠪᠣᠳᠠᠰ ᠦᠶᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ | ᠬᠡᠷᠡᠭᠯᠡᠬᠦ ᠭᠠᠵᠠᠷ ᠲᠠᠯᠠᠪᠤᠷ ᠪᠤᠶᠤ ᠪᠡᠯᠡᠳᠬᠡᠮᠵᠢ ᠵᠢᠴᠢ ᠰᠤᠷᠭᠠᠭᠤᠯᠢ ᠶᠢᠨ ᠠᠮᠤᠷ ᠲᠦᠪᠰᠢᠨ ᠢ ᠨᠥᠯᠥᠭᠡᠯᠡᠵᠦ ᠮᠡᠳᠡᠬᠦ | ᠪᠤᠰᠤᠳ ᠲᠠᠯᠠᠪᠤᠷ ᠪᠤᠶᠤ ᠪᠡᠯᠡᠳᠬᠡᠮᠵᠢ ᠪᠠᠶᠢᠭᠤᠯᠬᠤ ᠶᠢ ᠴᠠᠭᠠᠵᠠᠯᠠᠬᠤ ᠬᠡᠷᠡᠭᠲᠡᠶ ᠃ | ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠢ ᠡᠯ᠎ᠡ ᠰᠤᠷᠭᠠᠭᠤᠯᠢ ( ᠴᠡᠴᠡᠷᠯᠢᠭ ) ᠶᠢᠨ ᠭᠡᠨᠡᠳᠲᠡ | ᠶᠢᠨ ᠬᠡᠷᠡᠭ ᠤᠨ ᠠᠪᠤᠷᠠᠨ ᠲᠤᠰᠠᠯᠠᠵᠤ ᠰᠢᠶᠳᠪᠦᠷᠢᠯᠡᠬᠦ ᠠᠵᠢᠯ ᠢ ᠬᠠᠷᠢᠭᠤᠴᠠᠨ᠎ᠠ︔ ᠡᠯ᠎ᠡ ᠰᠤᠷᠭᠠᠭᠤᠯᠢ ( ᠴᠡᠴᠡᠷᠯᠢᠭ ) | ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ ᠃ | | ᠳᠥᠴᠢᠳᠦᠭᠡᠷ ᠵᠦᠶᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠤᠷᠭᠠᠭᠤᠯᠢ ᠶᠢᠨ ᠬᠦᠷᠢᠶᠡᠨ ᠤ ᠡᠷᠭᠢᠨ | ᠲᠣᠭᠤᠷᠢᠨ ᠤ ᠭᠠᠵᠠᠷ ᠣᠷᠣᠨ ᠢ ᠠᠮᠤᠷ ᠢ ᠬᠠᠮᠠᠭᠠᠯᠠᠬᠤ ᠭᠤᠤᠯᠳᠠᠯᠭ᠎ᠠ ᠲᠠᠢ ᠴᠠᠭᠳᠠᠨ ᠪᠠᠶᠢᠴᠠᠭᠠᠬᠤ ᠣᠷᠣᠨ ᠪᠣᠯᠭᠠᠵᠤ | ᠂ ᠰᠤᠷᠭᠠᠭᠤᠯᠢ ᠳᠤ ᠣᠷᠣᠬᠤ ᠰᠤᠷᠭᠠᠭᠤᠯᠢ ᠲᠠᠷᠬᠠᠬᠤ ᠦᠶ᠎ᠡ ᠶᠢᠨ ᠰᠤᠷᠭᠠᠭᠤᠯᠢ ᠶᠢᠨ ᠬᠦᠷᠢᠶᠡᠨ ᠤ ᠡᠭᠦᠳᠡᠨ ᠳᠤ | 《 ᠴᠠᠭᠳᠠᠭ᠎ᠠ ᠲᠠᠢ ᠠᠭᠤᠯᠵᠠᠬᠤ᠂ ᠴᠠᠭᠳᠠᠭᠠᠨ ᠤ ᠲᠡᠷᠭᠡ ᠲᠠᠢ ᠠᠭᠤᠯᠵᠠᠬᠤ᠂ ᠴᠠᠭᠳᠠᠭᠠᠨ ᠤ ᠳ᠋ᠧᠩ ᠲᠠᠢ | ᠠᠭᠤᠯᠵᠠᠬᠤ 》 ᠶᠢ ᠪᠡᠶᠡᠯᠡᠭᠦᠯᠬᠦ ᠬᠡᠷᠡᠭᠲᠡᠶ︔ ᠠᠮᠤᠷ ᠲᠦᠪᠰᠢᠨ ᠤ ᠪᠠᠶᠢᠳᠠᠯ ᠨᠢ ᠪᠤᠳᠤᠯᠢᠶᠠᠨᠲᠠᠶ ᠰᠤᠷᠭᠠᠭᠤᠯᠢ ᠶᠢᠨ | ᠬᠦᠷᠢᠶᠡᠨ ᠤ ᠡᠷᠭᠢᠨ ᠲᠣᠭᠤᠷᠢᠨ ᠤ ᠭᠠᠵᠠᠷ ᠣᠷᠣᠨ ᠳᠤ ᠠᠮᠤᠷ ᠲᠦᠪᠰᠢᠨ ᠤ ᠬᠠᠷᠠᠭᠤᠯ ᠤᠨ ᠮᠤᠬᠤᠯᠠᠭ ᠪᠣᠯᠤᠨ | ᠰᠡᠷᠡᠮᠵᠢ ᠶᠢᠨ ᠳᠣᠬᠢᠶᠠᠨ ᠤ ᠴᠢᠭ ᠨᠡᠮᠡᠨ ᠭᠠᠷᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠴᠠᠭ | ᠲᠤᠬᠠᠶ ᠳᠤᠨᠢ ᠣᠯᠵᠤ ᠮᠡᠳᠡᠨ ᠠᠷᠢᠯᠭᠠᠵᠤ᠂ ᠰᠤᠷᠭᠠᠭᠤᠯᠢ ᠶᠢᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠪᠠ | ᠰᠤᠷᠤᠭᠴᠢᠳ ᠤᠨ ᠪᠡᠶ᠎ᠡ᠂ ᠡᠳ ᠬᠥᠷᠥᠩᠭᠡ ᠶᠢᠨ ᠠᠮᠤᠷ ᠲᠦᠪᠰᠢᠨ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠰᠢᠶᠳᠪᠦᠷᠢᠯᠡᠬᠦ ᠬᠡᠷᠡᠭᠲᠡᠶ ᠃ | ᠳᠥᠴᠢᠨ ᠨᠢᠭᠡᠳᠦᠭᠡᠷ ᠵᠦᠶᠯ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠤᠨ ᠵᠠᠮ ᠬᠠᠷᠢᠯᠴᠠᠭᠠᠨ ᠤ | ᠰᠠᠯᠠᠭ᠎ᠠ ᠮᠥᠴᠢᠷ ᠤᠳ ᠰᠤᠷᠭᠠᠭᠤᠯᠢ ᠶᠢᠨ ᠡᠭᠦᠳᠡᠨ ᠤ ᠡᠮᠦᠨ᠎ᠡ ᠵᠢᠴᠢ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ ᠲᠣᠭᠲᠠᠭᠠᠭᠰᠠᠨ ᠰᠤᠷᠭᠠᠭᠤᠯᠢ ᠶᠢᠨ | ᠲᠡᠷᠭᠡᠨ ᠥᠷᠲᠡᠭᠡᠨ ᠤ ᠴᠢᠭ ᠤᠨ ᠣᠷᠣᠨ ᠪᠠᠶᠢᠷᠢ ᠳᠤ ᠵᠠᠮ ᠬᠠᠷᠢᠯᠴᠠᠭᠠᠨ ᠤ ᠪᠡᠯᠡᠳᠬᠡᠮᠵᠢ ᠶᠢ ᠬᠠᠮᠢᠶᠠᠷᠴᠤ | ᠠᠷᠠᠴᠢᠯᠠᠨ ᠬᠠᠮᠠᠭᠠᠯᠠᠬᠤ ᠨᠢᠭᠡᠴᠡ ᠨᠢ ᠵᠠᠮ ᠤᠨ ᠬᠠᠷᠢᠶ᠎ᠠ ᠬᠡᠪᠴᠢᠶᠡᠨ ᠤ ᠣᠳᠣ ᠶᠢᠨ ᠪᠠᠶᠢᠭ᠎ᠠ ᠪᠠᠷᠢᠮᠵᠢᠶ᠎ᠠ ᠶᠣᠰᠣᠭᠠᠷ᠂ | ᠵᠢᠷᠤᠮᠵᠢᠭᠰᠠᠨ ᠵᠠᠮ ᠬᠠᠷᠢᠯᠴᠠᠭᠠᠨ ᠤ ᠰᠡᠷᠡᠮᠵᠢ ᠶᠢᠨ ᠲᠡᠮᠳᠡᠭ ᠪᠠᠶᠢᠷᠢᠯᠠᠭᠤᠯᠵᠤ᠂ ᠶᠠᠪᠠᠭᠠᠨ ᠬᠥᠮᠦᠨ ᠤ ᠬᠥᠨᠳᠡᠯᠡᠨ | ᠱᠤᠭᠤᠮ ᠬᠢᠭᠡᠳ ᠵᠣᠭᠰᠣᠬᠤ ᠥᠷᠲᠡᠭᠡᠨ ᠤ ᠴᠢᠭ ᠤᠨ ᠲᠡᠮᠳᠡᠭ ᠱᠤᠭᠤᠮ ᠵᠢᠷᠤᠵᠤ᠂ ᠬᠡᠷᠡᠭᠴᠡᠭᠡ ᠪᠠᠨ ᠦᠨᠳᠦᠰᠦᠯᠡᠨ | ᠵᠠᠮ ᠬᠠᠷᠢᠯᠴᠠᠭᠠᠨ ᠤ ᠳᠣᠬᠢᠶᠠᠨ ᠳ᠋ᠧᠩ᠂ ᠳᠣᠷᠭᠢᠯᠲᠠ ᠶᠢᠨ ᠬᠤᠷᠳᠤᠴᠠ ᠤᠳᠠᠭᠠᠰᠢᠷᠠᠭᠤᠯᠬᠤ ᠲᠡᠮᠳᠡᠭ ᠱᠤᠭᠤᠮ | ᠵᠡᠷᠭᠡ ᠪᠡᠯᠡᠳᠬᠡᠮᠵᠢ ᠲᠣᠬᠢᠷᠠᠭᠤᠯᠬᠤ ᠬᠡᠷᠡᠭᠲᠡᠶ ᠃ | ᠳᠥᠴᠢᠨ ᠬᠤᠶᠠᠳᠤᠭᠠᠷ ᠵᠦᠶᠯ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠬᠥᠳᠡᠭᠡ ᠲᠣᠰᠬᠤᠨ ᠤ ᠭᠠᠵᠠᠷ ᠣᠷᠣᠨ ᠤ ᠰᠤᠷᠤᠭᠴᠢᠳ ᠢ ᠲᠤᠰᠴᠤ ᠬᠦᠷᠭᠡᠬᠦ ᠵᠠᠮ ᠬᠠᠷᠢᠯᠴᠠᠭᠠᠨ ᠤ | ᠪᠠᠭᠠᠵᠢ ᠶᠢᠨ ᠬᠢᠨᠠᠯᠲᠠ ᠬᠠᠮᠢᠶᠠᠷᠤᠯᠲᠠ ᠪᠠᠨ ᠬᠠᠤᠯᠢ ᠶᠣᠰᠣᠭᠠᠷ ᠴᠢᠩᠭᠠᠳᠭᠠᠵᠤ᠂ ᠰᠤᠷᠤᠭᠴᠢ ᠵᠥᠭᠡᠭᠡᠪᠦᠷᠢᠯᠡᠬᠦ | ᠲᠡᠷᠭᠡᠨ ᠤ ᠵᠠᠮ ᠱᠤᠭᠤᠮ ᠤᠨ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠪᠠᠨ ᠴᠢᠩᠭᠠᠳᠭᠠᠵᠤ᠂ | ᠰᠤᠷᠤᠭᠴᠢ ᠵᠥᠭᠡᠭᠡᠪᠦᠷᠢᠯᠡᠬᠦ ᠲᠡᠷᠭᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠬᠡᠷᠡᠭᠲᠡᠶ︔ ᠰᠤᠷᠤᠭᠴᠢ ᠶᠢ ᠲᠤᠰᠴᠤ | ᠬᠦᠷᠭᠡᠬᠦ ᠲᠡᠷᠭᠡ ᠬᠥᠰᠬᠡ ᠪᠣᠯᠭᠠᠨ ᠬᠡᠷᠡᠭᠯᠡᠬᠦ ᠨᠡᠶᠢᠯᠡᠭᠦᠯᠵᠦ ᠤᠭᠰᠠᠷᠠᠭᠰᠠᠨ ᠲᠡᠷᠭᠡ ᠪᠤᠶᠤ ᠬᠡᠷᠡᠭᠴᠡᠭᠡ ᠠᠴᠠ ᠭᠠᠷᠭᠠᠬᠤ | ᠪᠠᠷᠢᠮᠵᠢᠶ᠎ᠠ ᠳᠤ ᠬᠦᠷᠦᠭᠰᠡᠨ ᠮᠠᠰᠢᠨᠲᠤ ᠲᠡᠷᠭᠡ ᠶᠢ ᠬᠤᠷᠢᠶᠠᠬᠤ ᠶᠢᠨ ᠬᠠᠮᠲᠤ ᠠᠯᠪᠠᠳᠠᠯᠭ᠎ᠠ ᠪᠠᠷ ᠬᠡᠷᠡᠭᠴᠡᠭᠡ ᠠᠴᠠ | ᠭᠠᠷᠭᠠᠬᠤ ᠬᠡᠷᠡᠭᠲᠡᠶ︔ ᠰᠤᠷᠤᠭᠴᠢ ᠵᠥᠭᠡᠭᠡᠪᠦᠷᠢᠯᠡᠬᠦ ᠲᠡᠷᠭᠡᠨ ᠤ ᠲᠡᠮᠳᠡᠭ ᠫᠠᠶᠢᠰᠠ ᠣᠯᠤᠭᠠᠳᠤᠶ ᠲᠡᠷᠭᠡ ᠶᠢ ᠬᠡᠷᠡᠭᠯᠡᠨ | ᠰᠤᠷᠤᠭᠴᠢ ᠵᠥᠭᠡᠭᠡᠪᠦᠷᠢᠯᠡᠬᠦ ᠲᠡᠷᠭᠡᠨ ᠤ ᠦᠢᠯᠡᠴᠢᠯᠡᠭᠡ ᠬᠠᠩᠭᠠᠬᠤ᠂ ᠰᠤᠷᠤᠭᠴᠢ ᠵᠥᠭᠡᠭᠡᠪᠦᠷᠢᠯᠡᠬᠦ ᠲᠡᠷᠭᠡ | ᠵᠢᠯᠣᠭᠤᠳᠬᠤ ᠬᠢᠷᠢ ᠬᠡᠮ ᠣᠯᠤᠭᠠᠳᠤᠶ ᠬᠥᠮᠦᠰ ᠰᠤᠷᠤᠭᠴᠢ ᠵᠥᠭᠡᠭᠡᠪᠦᠷᠢᠯᠡᠬᠦ ᠲᠡᠷᠭᠡ ᠶᠢ ᠵᠢᠯᠣᠭᠤᠳᠬᠤ᠂ | ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ ᠰᠤᠷᠤᠭᠴᠢ ᠵᠥᠭᠡᠭᠡᠪᠦᠷᠢᠯᠡᠬᠦ ᠲᠡᠷᠭᠡᠨ ᠤ ᠲᠡᠮᠳᠡᠭ | ᠫᠠᠶᠢᠰᠠ ᠶᠢ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠃ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠤᠯᠪᠣᠭᠠᠯᠠᠵᠤ᠂ ᠬᠠᠷ᠎ᠠ ᠰᠤᠷᠭᠠᠭᠤᠯᠢ ᠶᠢᠨ | ᠲᠡᠷᠭᠡᠨ ᠳᠤ ᠴᠣᠬᠢᠯᠲᠠ ᠥᠭᠭᠦᠨ᠎ᠡ ᠃ | ᠳᠥᠴᠢᠨ ᠭᠤᠷᠪᠠᠳᠤᠭᠠᠷ ᠵᠦᠶᠯ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ᠂ ᠳᠣᠲᠣᠭᠠᠳᠤ ᠶᠢ ᠬᠠᠮᠠᠭᠠᠯᠠᠬᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠬᠦᠷᠢᠶᠡᠨ ᠤ ᠡᠷᠭᠢᠨ | ᠲᠣᠭᠤᠷᠢᠨ ᠤ 200 ᠮᠧᠲᠷ ᠤᠨ ᠬᠡᠪᠴᠢᠶᠡᠨ ᠳᠣᠲᠣᠷ᠎ᠠ ᠢᠨᠲ᠋ᠧᠷ ᠰᠦᠯᠵᠢᠶᠡᠨ ᠳᠤ ᠭᠠᠷᠬᠤ ᠦᠶᠯᠡᠴᠢᠯᠡᠭᠡᠨ ᠤ | ᠡᠵᠡᠩᠨᠡᠯᠲᠡ ᠶᠢᠨ ᠲᠠᠯᠠᠪᠤᠷ ᠭᠠᠵᠠᠷ᠂ ᠡᠯᠧᠺᠲᠷᠣᠨ ᠲᠣᠭᠯᠠᠭᠠᠮ ᠤᠨ ᠡᠵᠡᠩᠨᠡᠯᠲᠡ ᠶᠢᠨ ᠲᠠᠯᠠᠪᠤᠷ ᠭᠠᠵᠠᠷ ᠪᠠᠶᠢᠭᠤᠯᠬᠤ | ᠶᠢ ᠬᠠᠤᠯᠢ ᠶᠣᠰᠣᠭᠠᠷ ᠴᠠᠭᠠᠵᠠᠯᠠᠬᠤ ᠶᠢᠨ ᠬᠠᠮᠲᠤ ᠨᠠᠰᠤᠨ ᠳᠤ ᠦᠯᠦ ᠬᠦᠷᠦᠭᠰᠡᠳ ᠤᠨ ᠣᠷᠣᠬᠤ ᠶᠢ ᠬᠦᠯᠢᠶᠡᠨ | ᠠᠪᠤᠭᠰᠠᠨ ᠢᠨᠲ᠋ᠧᠷ ᠰᠦᠯᠵᠢᠶᠡᠨ ᠳᠤ ᠭᠠᠷᠬᠤ ᠦᠶᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠢ ᠬᠠᠤᠯᠢ | ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠲᠡᠷᠰᠯᠡᠭᠦᠦ᠂ ᠱᠠᠯᠢᠭ ᠵᠠᠪᠬᠠᠶ᠂ ᠱᠠᠯᠢᠭ ᠵᠠᠪᠬᠠᠶ᠂ ᠬᠦᠴᠦᠷᠬᠡᠭᠯᠡᠯ ᠤᠨ | ᠠᠭᠤᠯᠭ᠎ᠠ ᠳᠤ ᠬᠤᠯᠪᠣᠭᠳᠠᠬᠤ ᠡᠯ᠎ᠡ ᠵᠦᠶᠯ ᠤᠨ ᠰᠣᠶᠣᠯ ᠤᠨ ᠡᠵᠡᠩᠨᠡᠯᠲᠡ ᠶᠢᠨ ᠠᠵᠢᠯᠯᠠᠭ᠎ᠠ ᠶᠢ ᠴᠠᠭᠠᠵᠠᠯᠠᠬᠤ | ᠬᠡᠷᠡᠭᠲᠡᠶ ᠃ | ᠳᠥᠴᠢᠨ ᠳᠥᠷᠪᠡᠳᠦᠭᠡᠷ ᠵᠦᠶᠯ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ᠂ ᠳᠣᠲᠣᠭᠠᠳᠤ ᠶᠢ ᠬᠠᠮᠠᠭᠠᠯᠠᠬᠤ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠤᠳ ᠰᠤᠷᠭᠠᠭᠤᠯᠢ ᠶᠢᠨ ᠬᠦᠷᠢᠶ᠎ᠡ ᠶᠢᠨ ᠡᠷᠭᠢᠨ | ᠲᠣᠭᠤᠷᠢᠨ ᠤ ᠬᠠᠤᠯᠢ ᠪᠤᠰᠤ ᠬᠡᠪᠯᠡᠭᠳᠡᠬᠦᠨ ᠤ ᠪᠣᠷᠣᠯᠠᠭᠤᠯᠭ᠎ᠠ ᠬᠢᠵᠦ ᠪᠠᠶᠢᠭ᠎ᠠ ᠶᠠᠪᠤᠭᠤᠯ ᠬᠤᠳᠠᠯᠳᠤᠭᠠᠴᠢᠨ ᠪᠣᠯᠤᠨ | ᠭᠡᠷᠡᠴᠢ ᠦᠨᠡᠮᠯᠡᠯ ᠦᠭᠡᠶ ᠳᠡᠯᠭᠡᠴᠡ ᠴᠢᠭ ᠢ ᠬᠠᠤᠯᠢ ᠶᠣᠰᠣᠭᠠᠷ ᠦᠭᠡᠶᠢᠰᠬᠡᠵᠦ᠂ ᠰᠤᠷᠭᠠᠭᠤᠯᠢ ᠶᠢᠨ ᠬᠦᠷᠢᠶ᠎ᠡ ᠶᠢᠨ | ᠡᠷᠭᠢᠨ ᠲᠣᠭᠤᠷᠢᠨ ᠤ ᠱᠠᠯᠢᠭ ᠵᠠᠪᠬᠠᠶ᠂ ᠠᠯᠠᠵᠤ ᠬᠢᠳᠤᠬᠤ ᠬᠦᠴᠦᠷᠬᠡᠭᠯᠡᠯ ᠤᠨ ᠬᠡᠪᠯᠡᠭᠳᠡᠬᠦᠨ ᠲᠠᠢ ᠨᠢᠭᠡᠴᠡ ᠵᠢᠴᠢ | ᠬᠤᠪᠢ ᠬᠥᠮᠦᠨ ᠢ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠃ | ᠳᠥᠴᠢᠨ ᠲᠠᠪᠤᠳᠤᠭᠠᠷ ᠵᠦᠶᠯ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠰᠤᠷᠭᠠᠭᠤᠯᠢ ᠶᠢᠨ | ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠬᠠᠩᠬᠠᠭᠴᠢ ᠶᠢᠨ ᠠᠷᠢᠭᠤᠨ ᠴᠡᠪᠡᠷ ᠤᠨ ᠪᠠᠶᠢᠳᠠᠯ ᠢ ᠬᠠᠤᠯᠢ ᠶᠣᠰᠣᠭᠠᠷ | ᠬᠢᠨᠠᠨ ᠪᠠᠶᠢᠴᠠᠭᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠬᠠᠤᠯᠢ ᠶᠣᠰᠣᠭᠠᠷ | ᠪᠠᠶᠢᠴᠠᠭᠠᠨ ᠰᠢᠶᠳᠪᠦᠷᠢᠯᠡᠬᠦ ᠬᠡᠷᠡᠭᠲᠡᠶ︔ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ | ᠤᠳ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠳᠡᠯᠭᠡᠭᠦᠷᠴᠢᠨ ᠤ ᠬᠠᠮᠢᠶᠠᠷᠤᠯᠲᠠ ᠪᠠᠨ ᠴᠢᠩᠭᠠᠳᠬᠠᠵᠤ᠂ | ᠦᠨᠡᠮᠯᠡᠯ ᠦᠭᠡᠶ ᠨᠡᠭᠦᠳᠡᠯ ᠳᠡᠯᠭᠡᠭᠦᠷ ᠤᠳ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ ᠬᠦᠴᠦᠨ ᠦᠭᠡᠶ | ᠪᠣᠯᠭᠠᠬᠤ ᠬᠡᠷᠡᠭᠲᠡᠶ ᠃ | ᠬᠠᠤᠯᠢ ᠴᠠᠭᠠᠵᠠ ᠶᠢᠨ ᠰᠠᠯᠠᠭ᠎ᠠ ᠮᠥᠴᠢᠷ ᠰᠤᠷᠭᠠᠭᠤᠯᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ | ᠣᠷᠣᠰᠢᠵᠤ ᠪᠠᠶᠢᠭ᠎ᠠ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠳᠤ ᠣᠷᠣᠯᠴᠠᠵᠤ᠂ ᠰᠤᠷᠭᠠᠭᠤᠯᠢ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠬᠡᠪ ᠤᠨ ᠡᠮᠬᠢ ᠵᠢᠷᠤᠮ ᠢ ᠬᠠᠮᠠᠭᠠᠯᠠᠬᠤ ᠬᠡᠷᠡᠭᠲᠡᠢ ᠃ | ᠰᠤᠮᠤ᠂ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠮᠢᠶ᠎ᠠ ᠪᠥᠬᠦᠶ ᠰᠠᠯᠠᠭ᠎ᠠ ᠮᠥᠴᠢᠷ ᠢ | ᠬᠠᠮᠵᠢᠨ ᠬᠠᠷᠢᠶᠠᠲᠤ ᠣᠷᠣᠨ ᠤ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠰᠠᠶᠢᠲᠤᠷ ᠬᠢᠬᠦ ᠶᠢ ᠬᠠᠷᠢᠭᠤᠴᠠᠨ᠎ᠠ ᠃ | ᠳᠥᠴᠢᠨ ᠵᠢᠷᠭᠤᠳᠤᠭᠠᠷ ᠵᠦᠶᠯ ᠪᠠᠴᠢᠮ ᠪᠠᠶᠢᠳᠠᠯ ᠢ ᠠᠷᠭᠠᠴᠠᠬᠤ ᠳᠤ᠂ ᠲᠠᠷᠢᠶᠠᠯᠠᠩ ᠮᠠᠯ ᠠᠵᠤ ᠠᠬᠤᠶ ᠶᠢᠨ | ᠰᠠᠯᠠᠭ᠎ᠠ ᠮᠥᠴᠢᠷ ᠨᠢ ᠣᠷᠣᠨ ᠤ ᠵᠠᠰᠠᠭ ᠤᠨ ᠣᠷᠳᠣᠨ᠂ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ | ᠰᠤᠷᠭᠠᠭᠤᠯᠢ ᠳᠤ ᠣᠨᠴᠣᠭᠤᠶ ᠴᠠᠭ ᠠᠭᠤᠷ ᠪᠣᠯᠤᠨ ᠭᠠᠵᠠᠷ ᠬᠥᠳᠡᠯᠦᠯᠲᠡ ᠶᠢᠨ ᠪᠠᠶᠢᠳᠠᠯ ᠢ ᠴᠠᠭ ᠲᠤᠬᠠᠶ ᠳᠤᠨᠢ | ᠨᠡᠪᠲᠡᠷᠡᠭᠦᠯᠵᠦ᠂ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠤ ᠪᠠᠶᠢᠳᠠᠯ | ᠢᠶᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠡᠬᠢᠯᠡᠭᠦᠯᠬᠦ ᠬᠡᠷᠡᠭᠲᠡᠶ ᠃ | ᠳᠥᠴᠢᠨ ᠳᠣᠯᠣᠳᠤᠭᠠᠷ ᠵᠦᠶᠯ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠰᠤᠷᠭᠠᠭᠤᠯᠢ ᠶᠢᠨ | ᠡᠷᠬᠢᠨ ᠲᠣᠭᠤᠷᠢᠨ ᠤ ᠣᠷᠴᠢᠨ ᠲᠣᠭᠤᠷᠢᠨ ᠤ ᠪᠣᠬᠢᠷᠲᠤᠯ ᠪᠠ ᠠᠵᠤ ᠦᠶᠯᠡᠳᠪᠦᠷᠢ ᠶᠢᠨ ᠱᠤᠤᠭᠢᠶᠠᠨ ᠤ ᠪᠣᠬᠢᠷᠲᠤᠯ | ᠢ ᠬᠠᠤᠯᠢ ᠶᠣᠰᠣᠭᠠᠷ ᠵᠠᠰᠠᠵᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠃ | ᠳᠥᠴᠢᠨ ᠨᠠᠶᠮᠠᠳᠤᠭᠠᠷ ᠵᠦᠶᠯ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠵᠡᠷᠭᠡ ᠨᠡᠶᠢᠭᠡᠮ ᠤᠨ ᠪᠦᠯᠬᠦᠮ ᠪᠠ | ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠨᠦᠭᠦᠳ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ | ᠪᠣᠶᠢᠵᠢᠬᠤ ᠶᠢ ᠬᠠᠯᠠᠮᠵᠢᠯᠠᠵᠤ᠂ ᠰᠤᠷᠭᠠᠭᠤᠯᠢ ᠪᠠ ᠪᠠᠭᠰᠢ ᠰᠤᠷᠤᠭᠴᠢᠳ ᠤᠨ ᠠᠮᠤᠷ ᠲᠦᠪᠰᠢᠨ ᠢ ᠬᠦᠴᠦ ᠪᠠᠨ | ᠬᠠᠮᠲᠤᠳᠬᠠᠨ ᠬᠠᠮᠠᠭᠠᠯᠠᠵᠤ᠂ ᠠᠮᠤᠷ ᠲᠦᠪᠰᠢᠨ᠂ ᠡᠷᠡᠭᠦᠯ ᠮᠡᠨᠳᠦ᠂ ᠪᠣᠯᠪᠠᠰᠤᠨ᠂ ᠡᠶ᠎ᠡ ᠵᠣᠬᠢᠴᠠᠯ ᠲᠠᠢ ᠰᠤᠷᠭᠠᠭᠤᠯᠢ | ᠶᠢᠨ ᠬᠦᠷᠢᠶ᠎ᠡ ᠶᠢ ᠬᠠᠮᠲᠤ ᠪᠠᠷ ᠡᠭᠦᠳᠦᠨ ᠪᠠᠶᠢᠭᠤᠯᠬᠤ ᠬᠡᠷᠡᠭᠲᠡᠶ ᠃ | ᠵᠢᠷᠭᠤᠳᠤᠭᠠᠷ ᠪᠦᠯᠦᠭ ᠠᠶᠤᠯᠭᠦᠢ ᠶᠢᠨ ᠠᠳᠡᠯ ᠢ ᠰᠢᠢᠳᠪᠦᠷᠢᠯᠡᠬᠦ | ᠳᠥᠴᠢ ᠶᠢᠰᠦᠳᠦᠭᠡᠷ ᠵᠦᠶᠯ ᠰᠤᠷᠭᠠᠭᠤᠯᠢ ᠨᠤᠭᠤᠳ 《 ᠰᠤᠷᠭᠠᠭᠤᠯᠢ ᠶᠢᠨ ᠠᠳᠡᠯ ᠢ ᠮᠡᠳᠡᠭᠦᠯᠬᠦ ᠠᠵᠢᠯ ᠢ | ᠴᠢᠩᠬᠠᠳᠬᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ 》 ᠤᠨ ᠵᠣᠷᠢᠭ | ᠰᠠᠨᠠᠭ᠎ᠠ ᠶᠢ ᠴᠢᠩᠭ᠎ᠠ ᠵᠢᠷᠤᠮᠯᠠᠨ ᠮᠡᠳᠡᠭᠦᠯᠬᠦ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ ᠃ | ( ᠨᠢᠭᠡ ) ᠮᠡᠳᠡᠭᠦᠯᠬᠦ ᠴᠠᠭ᠄ 5 ᠮᠢᠨᠦ᠋ᠲ ᠤᠨ ᠳᠣᠲᠣᠷ᠎ᠠ ᠰᠤᠷᠭᠠᠭᠤᠯᠢ ᠶᠢᠨ ᠠᠩᠭᠢ ᠳᠠᠭᠠᠭᠤᠯᠤᠭᠰᠠᠨ | ᠤᠳᠤᠷᠢᠳᠤᠯᠭ᠎ᠠ ᠪᠣᠯᠤᠨ ᠰᠤᠷᠭᠠᠭᠤᠯᠢ ᠶᠢᠨ ᠵᠠᠬᠢᠷᠤᠯ ᠳᠤ ᠮᠡᠳᠡᠭᠦᠯᠵᠦ᠂ ᠬᠡᠷᠪᠡ ᠠᠳᠡᠯ ᠬᠦᠨᠳᠦ ᠨᠣᠴᠢᠲᠠᠶ ᠪᠣᠯ | ᠰᠤᠷᠭᠠᠭᠤᠯᠢ ᠶᠢᠨ ᠵᠠᠬᠢᠷᠤᠯ ᠪᠣᠯᠤᠨ ᠬᠤᠪᠢᠳᠠᠨ ᠬᠠᠮᠢᠶᠠᠷᠴᠤ ᠪᠦᠬᠦᠢ ᠰᠤᠷᠭᠠᠭᠤᠯᠢ ᠶᠢᠨ ᠵᠠᠬᠢᠷᠤᠯ 15 ᠮᠢᠨᠦ᠋ᠲ ᠤᠨ | ᠳᠣᠲᠣᠷ᠎ᠠ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠦᠨ᠎ᠡ ᠃ | ( ᠬᠤᠶᠠᠷ ) ᠮᠡᠳᠡᠭᠦᠯᠬᠦ ᠡᠲᠡᠭᠡᠳ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠮᠡᠳᠡᠭᠦᠯᠦᠯᠲᠡ ᠶᠢ | ᠣᠯᠤᠭᠰᠠᠨ ᠤ ᠳᠠᠷᠠᠭ᠎ᠠ ᠲᠡᠷᠡ ᠳᠠᠷᠤᠶ ᠳᠤᠨᠢ ᠲᠣᠭᠤᠷᠢᠭ ᠤᠨ ᠵᠠᠰᠠᠭ ᠤᠨ ᠣᠷᠳᠣᠨ ᠪᠠ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠳᠤ ᠮᠡᠳᠡᠭᠦᠯᠦᠨ᠎ᠡ ᠃ | ( ᠭᠤᠷᠪᠠ ) ᠮᠡᠳᠡᠭᠦᠯᠬᠦ ᠠᠷᠭ᠎ᠠ ᠮᠠᠶ᠋ᠢᠭ᠄ ᠤᠲᠠᠰᠤ᠂ ᠮᠡᠳᠡᠭᠡ ᠵᠠᠩᠭᠢ ( ᠰᠦᠯᠵᠢᠶᠡᠨ ᠤ ᠲᠠᠪᠴᠠᠩ )᠂ ᠬᠥᠮᠦᠨ | ᠲᠣᠮᠢᠯᠠᠨ ᠲᠤᠰᠬᠠᠶᠢᠯᠠᠨ ᠠᠮᠠ ᠪᠠᠷ ᠮᠡᠳᠡᠭᠦᠯᠬᠦ ᠃ ᠤᠷᠢᠳᠠᠪᠠᠷ ᠳᠥᠭᠦᠮᠬᠡᠨ᠂ ᠳᠠᠷᠠᠭ᠎ᠠ ᠨᠢ ᠨᠠᠷᠢᠯᠢᠭ᠂ ᠡᠰᠡᠬᠦᠯ᠎ᠡ | ᠠᠳᠡᠯ ᠭᠠᠷᠤᠭᠰᠠᠨ ᠵᠢᠴᠢ ᠰᠢᠶᠳᠪᠦᠷᠢᠯᠡᠭᠰᠡᠨ ᠠᠬᠢᠴᠠ ᠶᠢ ᠦᠨᠳᠦᠰᠦᠯᠡᠨ᠂ ᠱᠠᠲᠤ ᠬᠤᠪᠢᠶᠠᠨ ᠳᠡᠭᠡᠭᠰᠢ ᠮᠡᠳᠡᠭᠦᠯᠵᠦ | ᠪᠣᠯᠤᠨ᠎ᠠ ᠃ ᠶᠠᠮᠠᠷᠪᠠ ᠨᠢᠭᠡᠴᠡ᠂ ᠶᠠᠮᠠᠷᠪᠠ ᠬᠥᠮᠦᠨ ᠭᠡᠳ ᠶᠠᠮᠠᠷᠪᠠ ᠰᠢᠯᠲᠠᠭ ᠢᠶᠠᠷ ᠤᠳᠠᠭᠠᠰᠢᠷᠠᠭᠤᠯᠤᠨ ᠮᠡᠳᠡᠭᠦᠯᠬᠦ᠂ | ᠣᠷᠬᠢᠭᠳᠠᠭᠤᠯᠤᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠶ ᠴᠢᠨᠠᠭᠰᠢᠯᠠᠪᠠᠯ ᠮᠡᠳᠡᠭᠦᠯᠬᠦ ᠦᠭᠡᠶ ᠪᠠᠶᠢᠵᠤ ᠪᠣᠯᠬᠤ | ᠦᠭᠡᠶ ᠃ | ( ᠲᠦᠷᠪᠡ ) ᠮᠡᠳᠡᠭᠦᠯᠦᠯᠲᠡ ᠶᠢᠨ ᠠᠭᠤᠯᠭ᠎ᠠ ᠳᠤ᠄ | 1 . ᠠᠳᠡᠯ ᠭᠠᠷᠤᠭᠰᠠᠨ ᠴᠠᠭ᠂ ᠭᠠᠵᠠᠷ᠂ ᠨᠢᠭᠡᠴᠢ︔ | 2 ᠠᠳᠡᠯ ᠤᠨ ᠲᠣᠪᠴᠢ ᠥᠩᠭᠡᠷᠡᠯᠲᠡ᠂ ᠦᠬᠦᠵᠦ ᠰᠢᠷᠬᠠᠲᠤᠭᠰᠠᠨ ᠬᠥᠮᠦᠨ ᠤ ᠲᠤᠭ᠎ᠠ᠂ ᠦᠬᠦᠵᠦ ᠰᠢᠷᠬᠠᠲᠤᠭᠰᠠᠨ | ᠪᠣᠳᠠᠲᠠᠢ ᠬᠥᠮᠦᠰ ᠤᠨ ᠲᠣᠪᠴᠢ ᠪᠠᠶᠢᠳᠠᠯ︔ | 3 . ᠠᠳᠡᠯ ᠭᠠᠷᠤᠭᠰᠠᠨ ᠰᠢᠯᠲᠠᠭᠠᠨ ᠤ ᠲᠤᠬᠠᠢ ᠠᠩᠬ᠎ᠠ ᠠᠯᠬᠤᠮ ᠤᠨ ᠮᠠᠭᠠᠳᠯᠠᠯᠲᠠ︔ | 4 . ᠠᠳᠡᠯ ᠭᠠᠷᠤᠭᠰᠠᠨ ᠤ ᠲᠠᠷᠠᠭ᠎ᠠ ᠠᠪᠤᠭᠰᠠᠨ ᠠᠷᠭ᠎ᠠ ᠬᠡᠮᠵᠢᠶ᠎ᠡ ᠵᠢᠴᠢ ᠠᠳᠡᠯ ᠢ ᠬᠢᠵᠠᠭᠠᠷᠯᠠᠭᠰᠠᠨ ᠪᠠᠶᠢᠳᠠᠯ︔ | 5 ᠠᠳᠡᠯ ᠢ ᠮᠡᠳᠡᠭᠦᠯᠦᠭᠰᠡᠨ ᠬᠥᠮᠦᠨ᠂ ᠠᠳᠡᠯ ᠢ ᠮᠡᠳᠡᠭᠦᠯᠦᠭᠰᠡᠨ ᠨᠢᠭᠡᠴᠢ ᠃ | ᠲᠠᠪᠢᠳᠤᠭᠠᠷ ᠵᠦᠶᠯ ᠭᠠᠵᠠᠷ ᠬᠥᠳᠡᠯᠦᠯᠲᠡ᠂ ᠦᠶᠡᠷ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ | ᠭᠠᠮᠰᠢᠭ ᠪᠣᠯᠤᠨ ᠬᠦᠨᠳᠦ ᠶᠡᠭᠡ ᠠᠮᠤᠷ ᠢ ᠬᠠᠮᠠᠭᠠᠯᠠᠬᠤ᠂ ᠭᠠᠯ ᠤᠨ ᠠᠶᠤᠯ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠵᠡᠷᠭᠡ ᠭᠡᠨᠡᠳᠲᠡ ᠶᠢᠨ ᠬᠡᠷᠡᠭ ᠭᠠᠷᠪᠠᠯ᠂ ᠣᠷᠣᠨ ᠤ ᠵᠠᠰᠠᠭ ᠤᠨ ᠣᠷᠳᠣᠨ ᠪᠣᠯᠤᠨ ᠰᠤᠷᠭᠠᠨ ᠬᠥᠮᠦᠵᠢᠯ | ᠤᠨ ᠵᠠᠰᠠᠭ ᠵᠠᠬᠢᠷᠭᠠᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢᠶᠠᠨ ᠳᠠᠷᠤᠶᠢᠬᠠᠨ ᠡᠬᠢᠯᠡᠭᠦᠯᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠳᠤ ᠬᠦᠷᠪᠡᠯ᠂ ᠠᠮᠢ | ᠨᠠᠰᠤ ᠶᠢ ᠲᠡᠷᠢᠭᠦᠨ ᠳᠤ ᠲᠠᠯᠪᠢᠬᠤ ᠵᠠᠷᠴᠢᠮ ᠤᠨ ᠶᠣᠰᠣᠭᠠᠷ᠂ ᠰᠤᠷᠤᠭᠴᠢᠳ ᠢ ᠴᠠᠭ ᠲᠤᠬᠠᠶ ᠳᠤᠨᠢ ᠠᠪᠤᠷᠠᠨ | ᠵᠠᠰᠠᠵᠤ᠂ ᠰᠢᠯᠵᠢᠭᠦᠯᠵᠦ᠂ ᠲᠠᠷᠬᠠᠭᠠᠬᠤ ᠪᠤᠶᠤ ᠪᠤᠰᠤᠳ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠠᠪᠴᠤ᠂ ᠰᠤᠷᠤᠭᠴᠢᠳ ᠤᠨ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ | ᠰᠤᠷᠭᠠᠭᠤᠯᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠃ | ᠲᠠᠪᠢᠨ ᠨᠢᠭᠡᠳᠦᠭᠡᠷ ᠵᠦᠶᠯ ᠬᠡᠷᠡᠭᠦᠯ ᠵᠣᠳᠣᠭᠠᠨ ᠵᠡᠷᠭᠡ ᠠᠮᠤᠷ ᠢ ᠬᠠᠮᠠᠭᠠᠯᠠᠬᠤ ᠬᠡᠷᠡᠭ ᠪᠤᠶᠤ ᠭᠡᠨᠡᠳᠲᠡ ᠶᠢᠨ ᠬᠡᠷᠡᠭ | ᠭᠠᠷᠪᠠᠯ ᠳᠠᠷᠤᠶ ᠲᠦᠷᠭᠡᠨ ᠰᠤᠷᠭᠠᠭᠤᠯᠢ ᠶᠢᠨ ᠠᠮᠤᠷ ᠢ ᠬᠠᠮᠠᠭᠠᠯᠠᠬᠤ ᠠᠵᠢᠯᠲᠠᠨ ᠢ ᠵᠣᠬᠢᠶᠠᠨ ᠪᠠᠶᠢᠭᠤᠯᠵᠤ ᠬᠡᠷᠡᠭ ᠤᠨ | ᠪᠠᠶᠢᠳᠠᠯ ᠢ ᠡᠵᠡᠮᠳᠡᠨ᠂ ᠲᠤᠬᠠᠶ ᠶᠢᠨ ᠲᠠᠯᠠᠪᠠᠶ ᠶᠢ ᠬᠠᠮᠠᠭᠠᠯᠠᠵᠤ᠂ ᠴᠠᠭ ᠲᠤᠬᠠᠶ ᠳᠤᠨᠢ ᠲᠦᠭᠰᠢᠭᠦᠷᠢ ᠮᠡᠳᠡᠭᠦᠯᠬᠦ | ᠬᠡᠷᠡᠭᠲᠡᠶ︔ ᠬᠤᠯᠠᠭᠠᠶᠢᠯᠠᠭᠳᠠᠭᠰᠠᠨ ᠵᠡᠷᠭᠡ ᠬᠡᠷᠡᠭ ᠢ ᠣᠯᠵᠤ ᠮᠡᠳᠡᠪᠡᠯ ᠲᠤᠬᠠᠶ ᠶᠢᠨ ᠲᠠᠯᠠᠪᠠᠶ ᠶᠢ ᠰᠠᠶᠢᠲᠤᠷ | ᠬᠠᠮᠠᠭᠠᠯᠠᠵᠤ᠂ ᠳᠠᠷᠤᠶᠢᠬᠠᠨ ᠲᠦᠭᠰᠢᠭᠦᠷᠢ ᠮᠡᠳᠡᠭᠦᠯᠵᠦ᠂ ᠴᠢᠬᠤᠯᠠ ᠲᠠᠢ ᠦᠶ᠎ᠡ ᠳᠤ ᠰᠤᠷᠭᠠᠭᠤᠯᠢ ᠶᠢᠨ ᠬᠦᠷᠢᠶ᠎ᠡ ᠶᠢ | ᠳᠠᠷᠤᠶᠢᠬᠠᠨ ᠪᠢᠲᠡᠭᠦᠮᠵᠢᠯᠡᠵᠦ᠂ ᠶᠠᠯᠠᠲᠤ ᠡᠲᠡᠭᠡᠳ ᠤᠨ ᠲᠤᠬᠠᠶ ᠶᠢᠨ ᠲᠠᠯᠠᠪᠠᠶ ᠠᠴᠠ ᠳᠤᠲᠠᠭᠠᠬᠤ ᠶᠢ ᠰᠡᠷᠭᠡᠶᠢᠯᠡᠬᠦ | ᠬᠡᠷᠡᠭᠲᠡᠶ︔ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠵᠡᠷᠭᠡ ᠠᠳᠡᠯ ᠭᠠᠷᠪᠠᠯ ᠡᠪᠡᠳᠴᠢᠲᠡᠨ ᠢᠶᠠᠨ | ᠳᠠᠷᠤᠶᠢᠬᠠᠨ ᠲᠥᠪᠯᠡᠷᠡᠭᠦᠯᠦᠨ ᠪᠢᠲᠡᠭᠦᠮᠵᠢᠯᠡᠵᠦ ᠬᠠᠮᠢᠶᠠᠷᠤᠨ᠂ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠤᠨ | ᠡᠮᠨᠡᠨ ᠠᠪᠤᠷᠠᠵᠤ᠂ ᠬᠢᠵᠢᠭ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠶ ᠃ | ᠲᠠᠪᠢᠨ ᠬᠤᠶᠠᠳᠤᠭᠠᠷ ᠵᠦᠶᠯ ᠰᠤᠷᠭᠠᠭᠤᠯᠢ ᠶᠢᠨ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠤ | ᠭᠡᠨᠡᠳᠲᠡ ᠶᠢᠨ ᠠᠳᠡᠯ ᠢ ᠮᠡᠳᠡᠭᠡ ᠵᠠᠩᠭᠢ ᠮᠡᠳᠡᠭᠦᠯᠦᠨ ᠬᠦᠷᠭᠡᠵᠦ ᠨᠡᠶᠢᠲᠡᠯᠡᠬᠦ ᠪᠠ ᠪᠠᠴᠢᠮ ᠪᠠᠶᠢᠳᠠᠯ ᠢ ᠠᠷᠭᠠᠴᠠᠨ | ᠰᠢᠶᠳᠪᠦᠷᠢᠯᠡᠬᠦ ᠬᠤᠶᠠᠷ ᠱᠤᠭᠤᠮ ᠢᠶᠠᠷ ᠬᠠᠮᠲᠤ ᠳᠤᠨᠢ ᠶᠠᠪᠤᠭᠳᠠᠭᠤᠯᠬᠤ ᠬᠡᠷᠡᠭᠲᠡᠶ᠂ ᠪᠣᠳᠠᠲᠠᠶ ᠠᠵᠢᠯ ᠤᠨ ᠴᠤᠪᠤᠷᠠᠯ᠄ | | ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ ᠨᠡᠶᠢᠲᠡᠯᠡᠬᠦ ᠲᠠᠰ ᠳᠠᠷᠠᠭᠠᠯᠠᠯ᠄ ᠰᠤᠷᠭᠠᠭᠤᠯᠢ ᠠᠴᠠ ᠰᠤᠷᠭᠠᠨ ᠬᠥᠮᠦᠵᠢᠯ | ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ᠎ᠡ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠳᠤ | ᠳᠡᠭᠡᠭᠰᠢ ᠮᠡᠳᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠪᠠᠶᠢᠳᠠᠯ ᠢᠶᠠᠨ | ᠮᠡᠳᠡᠭᠳᠡᠨ᠎ᠡ ᠪᠢᠴᠢᠭ ᠤᠨ ᠮᠡᠳᠡᠭᠦᠯᠦᠯᠲᠡ ᠪᠢᠴᠢᠨ᠎ᠡ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠨ᠎ᠡ︔ | ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠠᠰ ᠳᠠᠷᠠᠭᠠᠯᠠᠯ᠄ ᠰᠤᠷᠭᠠᠭᠤᠯᠢ ᠠᠴᠠ ᠪᠡᠯᠡᠳᠬᠡᠯ ᠲᠥᠰᠦᠯ ᠢ | ᠡᠬᠢᠯᠡᠭᠦᠯᠦᠨ ᠵᠣᠬᠢᠶᠠᠨ ᠪᠠᠶᠢᠭᠤᠯᠵᠤ ᠠᠪᠤᠷᠬᠠᠤ ( ᠲᠠᠷᠬᠠᠭᠠᠬᠤ ) ᠬᠡᠷ ᠤᠨ ᠠᠬᠠᠮᠠᠳ ᠲᠤ ᠮᠡᠳᠡᠭᠳᠡᠵᠦ ᠲᠤᠬᠠᠶ ᠶᠢᠨ | ᠲᠠᠯᠠᠪᠠᠶ ( ᠬᠡᠷᠡᠭ ᠭᠠᠷᠭᠠᠭᠴᠢ ᠶᠢ ᠬᠢᠨᠠᠨ ᠡᠵᠡᠮᠳᠡᠬᠦ ) ᠶᠢ ᠬᠠᠮᠠᠭᠠᠯᠠᠨ᠎ᠠ ᠠᠳᠡᠯ ᠭᠠᠷᠤᠭᠰᠠᠨ ᠰᠢᠨᠵᠢ ᠴᠢᠨᠠᠷ᠂ | ᠡᠭᠦᠰᠦᠭᠰᠡᠨ ᠰᠢᠯᠲᠠᠭᠠᠨ ᠢ ᠠᠩᠬ᠎ᠠ ᠠᠯᠬᠤᠮ ᠪᠠᠶᠢᠴᠠᠭᠠᠨ ᠳᠣᠲᠣᠯᠠᠵᠤ᠂ ᠬᠥᠮᠦᠨ ᠬᠠᠷ᠎ᠠ ᠥᠭᠦᠵᠦ ᠰᠢᠷᠬᠠᠲᠤᠭᠰᠠᠨ᠂ | ᠡᠳ᠋ ᠬᠥᠷᠥᠩᠭᠡ ᠬᠤᠬᠢᠷᠠᠭᠰᠠᠨ ᠪᠠᠶᠢᠳᠠᠯ ᠢ ᠡᠵᠡᠮᠰᠢᠵᠦ ᠬᠤᠵᠢᠮ ᠤᠨ ᠠᠵᠢᠯ ᠢ ᠵᠣᠬᠢᠴᠠᠭᠤᠯᠤᠨ ᠰᠢᠶᠳᠪᠦᠷᠢᠯᠡᠨ᠎ᠡ | ᠳ᠋ᠦᠩᠨᠡᠨ ᠦᠨᠡᠯᠡᠵᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠵᠢᠷᠤᠮ ᠢ ᠰᠡᠷᠭᠦᠭᠡᠨ᠎ᠡ ᠃ | | ᠲᠠᠪᠢᠨ ᠭᠤᠷᠪᠠᠳᠤᠭᠠᠷ ᠵᠦᠢᠯ ᠠᠳᠡᠯ ᠢ ᠪᠠᠶᠢᠴᠠᠭᠠᠬᠤ ᠳᠤᠭᠤᠶᠢᠯᠠᠩ | ᠢ ᠪᠦᠷᠢᠯᠳᠦᠭᠦᠯᠦᠨ᠎ᠡ ᠃《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠶ | ᠦᠢᠯᠡᠳᠪᠦᠷᠢᠯᠡᠯ ᠤᠨ ᠬᠠᠤᠯᠢ 》᠂ 《 ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠢ ᠮᠡᠳᠡᠭᠦᠯᠬᠦ ᠪᠠ | ᠪᠠᠶᠢᠴᠠᠭᠠᠨ ᠰᠢᠶᠳᠪᠦᠷᠢᠯᠡᠬᠦ ᠳᠦᠷᠢᠮ 》 ( ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 493 ᠳ᠋᠊ ᠤᠭᠠᠷ | ᠲᠣᠭᠠᠲᠤ ) ᠤᠨ ᠲᠣᠭᠲᠠᠭᠠᠯ ᠢ ᠦᠨᠳᠦᠰᠦᠯᠡᠨ᠂ ᠣᠷᠣᠨ ᠤ ᠵᠠᠰᠠᠭ ᠤᠨ ᠣᠷᠳᠣᠨ ᠢᠶᠠᠷ ᠰᠤᠳᠤᠯᠤᠭᠤᠯᠤᠨ ᠲᠤᠰᠬᠠᠶ | ᠵᠦᠢᠯ ᠤᠨ ᠠᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠡᠷ | ᠪᠠᠶᠢᠳᠠᠯ ᠢ ᠨᠢ ᠦᠵᠡᠵᠦ ᠪᠠᠶᠢᠭᠠᠳ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠢ ᠤᠷᠢᠨ ᠣᠷᠣᠯᠴᠠᠭᠤᠯᠵᠤ᠂ ᠠᠳᠡᠯ ᠤᠨ ᠰᠢᠯᠲᠠᠭᠠᠨ ᠢ ᠤᠯᠠᠮ ᠨᠢᠭᠡ ᠠᠯᠬᠤᠮ ᠪᠠᠶᠢᠴᠠᠭᠠᠨ ᠲᠣᠳᠣᠯᠠᠵᠤ᠂ | ᠠᠳᠡᠯ ᠤᠨ ᠰᠢᠨᠵᠢ ᠴᠢᠨᠠᠷ ᠢ ᠲᠣᠳᠣᠷᠬᠠᠶᠢᠯᠠᠨ᠂ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ ᠠᠳᠡᠯ ᠢ | ᠪᠠᠶᠢᠴᠠᠭᠠᠭᠰᠠᠨ ᠮᠡᠳᠡᠭᠦᠯᠦᠯᠲᠡ ᠭᠠᠷᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠢᠶᠳᠪᠦᠷᠢᠯᠡᠬᠦ ᠰᠠᠨᠠᠯ ᠢᠶᠠᠨ | ᠳᠤᠷᠠᠳᠴᠤ ᠪᠣᠯᠤᠨ᠎ᠠ ᠃ | ᠃ᠲᠠᠪᠢᠨ ᠳᠥᠷᠪᠡᠳᠦᠭᠡᠷ ᠵᠦᠢᠯ ᠠᠳᠡᠯ ᠢ ᠪᠠᠶᠢᠴᠠᠭᠠᠬᠤ ᠬᠤᠭᠤᠴᠠᠭ᠎ᠠ | ᠵᠠᠷᠴᠢᠮ ᠳᠡᠭᠡᠷ᠎ᠡ ᠪᠠᠨ ᠠᠳᠡᠯ ᠢ ᠪᠠᠶᠢᠴᠠᠭᠠᠬᠤ ᠳᠤᠭᠤᠶᠢᠯᠠᠩ ᠨᠢ ᠠᠳᠡᠯ ᠭᠠᠷᠤᠭᠰᠠᠨ ᠡᠳᠦᠷ ᠠᠴᠠ ᠡᠬᠢᠯᠡᠨ 45 | ᠡᠳᠦᠷ ᠤᠨ ᠳᠣᠲᠣᠷ᠎ᠠ ᠠᠳᠡᠯ ᠢ ᠪᠠᠶᠢᠴᠠᠭᠠᠭᠰᠠᠨ ᠮᠡᠳᠡᠭᠦᠯᠦᠯᠲᠡ ( ᠠᠳᠡᠯ ᠢ ᠪᠠᠶᠢᠴᠠᠭᠠᠨ ᠬᠠᠷᠭᠤᠭᠤᠯᠬᠤ ᠳᠤ | ᠬᠡᠷᠡᠭᠰᠡᠬᠦ ᠴᠠᠭ ᠢ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠬᠦ︔ | ᠠᠳᠡᠯ ᠠᠴᠠ ᠠᠪᠤᠷᠠᠨ ᠲᠤᠰᠠᠯᠠᠬᠤ ᠠᠴᠠ ᠪᠣᠯᠵᠤ ᠲᠤᠬᠠᠶ ᠶᠢᠨ ᠲᠠᠯᠠᠪᠠᠢ ᠳᠤ ᠬᠠᠶᠢᠨ ᠪᠠᠶᠢᠴᠠᠭᠠᠯᠲᠠ ᠬᠢᠵᠦ ᠳᠡᠢᠯᠬᠦ | ᠦᠭᠡᠢ ᠴᠠᠭ︔ ᠫᠠᠶᠢᠰᠠ ᠡᠯᠭᠦᠨ ᠰᠢᠮᠳᠠᠭᠤᠯᠤᠨ ᠰᠢᠮᠳᠠᠭᠤᠯᠤᠨ ᠰᠢᠮᠳᠠᠭᠤᠯᠤᠨ᠂ ᠮᠥᠷᠳᠡᠵᠦ ᠰᠢᠮᠳᠠᠭᠤᠯᠤᠨ | ᠰᠢᠮᠳᠠᠭᠤᠯᠤᠨ ᠠᠳᠠᠯ ᠤᠨ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠬᠤ ᠴᠠᠭ ᠬᠤᠭᠤᠴᠠᠭ᠎ᠠ︔ ᠣᠨᠴᠠᠭᠠᠢ | ᠲᠦᠪᠡᠭᠲᠡᠢ ᠠᠰᠠᠭᠤᠳᠠᠯ ᠤᠨ ᠮᠡᠷᠭᠡᠵᠢᠯ ᠤᠨ ᠬᠢᠨᠠᠨ ᠲᠣᠭᠲᠠᠭᠠᠯᠲᠠ ᠳᠤ ᠬᠡᠷᠡᠭᠰᠡᠬᠦ ᠴᠠᠭ ᠢ ᠠᠳᠡᠯ ᠢ ᠪᠠᠶᠢᠴᠠᠭᠠᠬᠤ | ᠴᠠᠭ ᠲᠤ ᠪᠤᠳᠤᠵᠤ ᠣᠷᠣᠭᠤᠯᠬᠤ ᠦᠭᠡᠢ )︔ ᠣᠨᠴᠠᠭᠠᠢ ᠪᠠᠶᠢᠳᠠᠯ ᠤᠨ ᠳᠣᠣᠷ᠎ᠠ᠂ ᠠᠳᠡᠯ ᠢ ᠪᠠᠶᠢᠴᠠᠭᠠᠬᠤ ᠠᠵᠢᠯ ᠢ | ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠠᠳᠡᠯ ᠢ ᠪᠠᠶᠢᠴᠠᠭᠠᠭᠰᠠᠨ | ᠮᠡᠳᠡᠭᠦᠯᠦᠯᠲᠡ ᠲᠤᠰᠢᠶᠠᠬᠤ ᠬᠤᠭᠤᠴᠠᠭ᠎ᠠ ᠶᠢ ᠵᠣᠬᠢᠰᠲᠠᠢ ᠪᠠᠷ ᠤᠷᠲᠤᠳᠬᠠᠵᠤ ᠪᠣᠯᠤᠨ᠎ᠠ᠂ ᠭᠡᠪᠡᠴᠦ ᠬᠠᠤᠯᠢ ᠪᠠᠷ | ᠲᠣᠭᠲᠠᠭᠠᠭᠰᠠᠨ ᠪᠠᠶᠢᠴᠠᠭᠠᠬᠤ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠦᠭᠡᠢ ᠃ | ᠲᠠᠪᠢᠨ ᠲᠠᠪᠤᠳᠤᠭᠠᠷ ᠵᠦᠶᠯ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠢᠯ | ᠪᠦᠷᠢ ᠶᠢᠨ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ᠳᠡᠭᠡᠷ᠎ᠡ ᠨᠢᠭᠡ ᠣᠨ ᠤ ᠰᠤᠷᠭᠠᠭᠤᠯᠢ ᠶᠢᠨ ᠠᠮᠤᠷ | ᠲᠦᠪᠰᠢᠨ ᠤ ᠠᠵᠢᠯ ᠪᠠ ᠰᠤᠷᠤᠭᠴᠢᠳ ᠤᠨ ᠦᠬᠦᠵᠦ ᠰᠢᠷᠬᠠᠲᠤᠭᠰᠠᠨ ᠠᠳᠡᠯ ᠤᠨ ᠪᠠᠶᠢᠳᠠᠯ ᠢᠶᠠᠨ ᠳᠡᠭᠡᠳᠦ ᠨᠢᠭᠡ | ᠵᠢᠯ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠶ ᠃ | | ᠳᠣᠯᠣᠳᠤᠭᠠᠷ ᠪᠦᠯᠦᠭ ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠃ | ᠲᠠᠪᠢᠨ ᠵᠢᠷᠭᠤᠳᠤᠭᠠᠷ ᠵᠦᠶᠯ ᠲᠣᠭᠤᠷᠢᠭ ᠤᠨ ᠵᠠᠰᠠᠭ ᠤᠨ ᠣᠷᠳᠣᠨ ᠠᠴᠠ ᠰᠤᠷᠭᠠᠭᠤᠯᠢ ᠶᠢᠨ ᠠᠮᠤᠷ ᠲᠦᠪᠰᠢᠨ ᠤ | ᠠᠵᠢᠯ ᠤᠨ ᠣᠨ ᠤ ᠠᠳᠡᠯ ᠦᠭᠡᠶ ( ᠰᠤᠷᠤᠭᠴᠢᠳ ᠲᠤ ᠡᠷᠬᠡ ᠳᠤ ᠬᠠᠯᠳᠠᠭᠰᠠᠨ ᠶᠠᠮᠠᠷᠪᠠ ᠦᠢᠯᠡ ᠠᠵᠢᠯᠯᠠᠭ᠎ᠠ | ᠦᠭᠡᠶ ᠶᠢ ᠪᠠᠭᠲᠠᠭᠠᠨ᠎ᠠ ) ᠪᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ | ᠬᠥᠬᠢᠭᠦᠯᠦᠨ ᠱᠠᠩᠨᠠᠬᠤ ᠬᠡᠷᠡᠭᠲᠡᠶ ᠃ ᠰᠤᠷᠭᠠᠨ ᠬᠥᠮᠦᠵᠢᠯ ᠤᠨ ᠶᠠᠮᠤᠨ ᠤ 《 ᠳᠤᠮᠳᠠᠳᠤ ᠪᠠᠭ᠎ᠠ ᠰᠤᠷᠭᠠᠭᠤᠯᠢ | ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ 》 ᠶᠢᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ ᠃ | ᠲᠠᠪᠢᠨ ᠳᠣᠯᠣᠳᠤᠭᠠᠷ ᠵᠦᠶᠯ ᠰᠤᠷᠭᠠᠨ ᠬᠥᠮᠦᠵᠢᠯ᠂ ᠶᠡᠷᠦᠩᠬᠡᠶᠢᠯᠡᠨ ᠵᠠᠰᠠᠬᠤ᠂ ᠬᠥᠭᠵᠢᠭᠦᠯᠦᠯᠲᠡ ᠥᠭᠡᠷᠡᠴᠢᠯᠡᠯᠲᠡ᠂ | ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠬᠤ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ | ᠵᠠᠮ ᠬᠠᠷᠢᠯᠴᠠᠭ᠎ᠠ᠂ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠭᠠᠵᠠᠷ ᠬᠥᠳᠡᠯᠦᠯᠲᠡ ᠪᠠ ᠴᠠᠭ | ᠠᠭᠤᠷ ᠵᠡᠷᠭᠡ ᠰᠠᠯᠠᠭ᠎ᠠ ᠮᠥᠴᠢᠷ ᠤᠳ ᠰᠤᠷᠭᠠᠭᠤᠯᠢ ᠶᠢᠨ ᠠᠮᠤᠷ ᠲᠦᠪᠰᠢᠨ ᠤ ᠬᠢᠨᠠᠯᠲᠠ ᠲᠠᠯᠪᠢᠯᠲᠠ ᠬᠢᠭᠡᠳ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠶᠴᠡᠳᠬᠡᠭᠰᠡᠨ ᠦᠭᠡᠶ ᠪᠣᠯ ᠳᠡᠭᠡᠳᠦ | ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠰᠢᠭᠦᠮᠵᠢᠯᠡᠬᠦ ᠬᠡᠷᠡᠭᠲᠡᠶ︔ ᠰᠢᠭᠤᠳ ᠬᠠᠷᠢᠭᠤᠴᠠᠯᠭ᠎ᠠ ᠲᠠᠢ ᠬᠥᠮᠦᠨ ᠳᠤᠨᠢ ᠳᠡᠭᠡᠳᠦ ᠱᠠᠲᠤᠨ ᠤ | ᠰᠠᠯᠠᠭ᠎ᠠ ᠮᠥᠴᠢᠷ ᠪᠠ ᠪᠠᠶᠢᠭ᠎ᠠ ᠨᠢᠭᠡᠴᠢ ᠠᠴᠠ ᠨᠢ ᠦᠢᠯᠡ ᠪᠠᠶᠢᠳᠠᠯ ᠤᠨ ᠬᠢᠨᠢ ᠬᠦᠨᠳᠦ ᠬᠦᠩᠭᠡᠨ ᠢ ᠦᠵᠡᠵᠦ | ᠪᠠᠶᠢᠭᠠᠳ ᠰᠢᠭᠦᠮᠵᠢᠯᠡᠨ ᠰᠤᠷᠭᠠᠬᠤ ᠪᠤᠶᠤ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ | ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ | ᠲᠠᠪᠢᠨ ᠨᠠᠶᠮᠠᠳᠤᠭᠠᠷ ᠵᠦᠶᠯ ᠰᠤᠷᠭᠠᠭᠤᠯᠢ ᠠᠶᠤᠯᠭᠦᠶ ᠶᠢᠨ ᠬᠠᠮᠢᠶᠠᠷᠤᠯᠲᠠ᠂ ᠠᠶᠤᠯᠭᠦᠶ ᠶᠢᠨ ᠬᠥᠮᠦᠵᠢᠯ ᠤᠨ | ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠦᠭᠡᠶ ᠪᠠ ᠠᠶᠤᠯᠭᠦᠶ ᠶᠢᠨ ᠳᠠᠯᠳᠠ ᠭᠡᠮ ᠳᠤ ᠴᠠᠭ ᠲᠤᠬᠠᠶ ᠳᠤᠨᠢ | ᠠᠷᠭ᠎ᠠ ᠬᠡᠮᠵᠢᠶ᠎ᠡ ᠠᠪᠤᠭᠰᠠᠨ ᠦᠭᠡᠶ ᠪᠠᠶᠢᠪᠠᠯ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠶ︔ ᠵᠠᠯᠠᠷᠠᠭᠤᠯᠬᠤ ᠶᠢ ᠲᠡᠪᠴᠢᠭᠰᠡᠨ ᠪᠤᠶᠤ ᠬᠤᠭᠤᠴᠠᠭ᠎ᠠ | ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠂ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠣᠬᠢᠴᠠᠩᠭᠤᠢ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠰᠠᠨᠠᠯ ᠪᠤᠶᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠰᠤᠷᠭᠠᠭᠤᠯᠢ ᠶᠢᠨ | ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠦᠢᠯᠡ ᠪᠠᠶᠢᠳᠠᠯ ᠤᠨ ᠬᠢᠨᠢ ᠬᠦᠨᠳᠦ | ᠬᠦᠡᠭᠭᠡᠨ ᠢ ᠦᠵᠡᠵᠦ ᠪᠠᠶᠢᠭᠠᠳ ᠵᠣᠬᠢᠴᠠᠩᠭᠤᠢ ᠵᠠᠰᠠᠭ ᠵᠠᠬᠢᠷᠭᠠᠨ ᠤ ᠰᠢᠳᠬᠡᠯ ᠥᠭᠬᠦ ᠬᠡᠷᠡᠭᠲᠡᠢ︔ ᠶᠠᠯ᠎ᠠ ᠪᠤᠯᠵᠤ | ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃( ᠨᠢᠭᠡ ) ᠠᠮᠤᠷ | ᠲᠦᠪᠰᠢᠨ ᠤ ᠠᠳᠡᠯ ᠭᠠᠷᠴᠤ᠂ ᠰᠤᠷᠤᠭᠴᠢ ᠪᠠ ᠪᠠᠭᠰᠢ ᠠᠵᠢᠯᠲᠠᠨ ᠢ ᠦᠬᠦᠭᠦᠯᠵᠦ ᠰᠢᠷᠬᠠᠲᠤᠭᠤᠯᠤᠭᠰᠠᠨ︔ | ( ᠬᠤᠶᠠᠷ ) ᠠᠳᠡᠯ ᠭᠠᠷᠤᠭᠰᠠᠨ ᠤ ᠳᠠᠷᠠᠭ᠎ᠠ ᠴᠠᠭ ᠲᠤᠬᠠᠢ ᠳᠤᠨᠢ ᠵᠣᠬᠢᠰᠲᠠᠢ ᠠᠷᠭ᠎ᠠ ᠬᠡᠮᠵᠢᠶ᠎ᠡ ᠠᠪᠤᠭᠰᠠᠨ ᠦᠭᠡᠢ | ᠠᠴᠠ ᠪᠣᠯᠵᠤ ᠬᠦᠨᠳᠦ ᠨᠣᠴᠢᠲᠠᠢ ᠤᠷᠰᠢᠭ ᠲᠠᠲᠠᠭᠰᠠᠨ︔ | ( ᠭᠤᠷᠪᠠ ) ᠬᠦᠨᠳᠦ ᠶᠡᠭᠡ ᠠᠳᠡᠯ ᠢ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ | ᠤᠳᠠᠭᠠᠰᠢᠷᠠᠭᠤᠯᠤᠨ ᠮᠡᠳᠡᠭᠦᠯᠦᠭᠰᠡᠨ︔ | ( ᠲᠦᠷᠪᠡ ) ᠠᠳᠡᠯ ᠤᠨ ᠪᠠᠶᠢᠴᠠᠭᠠᠯᠲᠠ ᠶᠢ ᠬᠠᠷᠰᠢᠯᠠᠭᠰᠠᠨ ᠪᠤᠶᠤ ᠬᠤᠳᠠᠯ ᠬᠠᠭᠤᠷᠮᠠᠭ ᠪᠠᠶᠢᠳᠠᠯ ᠬᠠᠩᠭᠠᠭᠰᠠᠨ︔ | ( ᠲᠠᠪᠤ ) ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠠᠶᠤᠯᠭᠦᠢ ᠶᠢᠨ ᠬᠢᠨᠠᠯᠲᠠ ᠬᠠᠮᠢᠶᠠᠷᠤᠯᠲᠠ | ᠶᠢᠨ ᠲᠤᠰᠢᠶᠠᠯ ᠬᠠᠷᠢᠭᠤᠴᠠᠯᠭ᠎ᠠ ᠪᠠᠨ ᠬᠡᠷᠡᠭᠵᠢᠭᠦᠯᠬᠦ ᠶᠢ ᠲᠡᠪᠴᠢᠭᠰᠡᠨ ᠪᠤᠶᠤ ᠬᠠᠮᠵᠢᠯᠴᠠᠭᠰᠠᠨ ᠦᠭᠡᠢ ᠃ | ᠲᠠᠪᠢ ᠶᠢᠰᠦᠳᠦᠭᠡᠷ ᠵᠦᠶᠯ ᠰᠤᠷᠤᠭᠴᠢᠳ ᠲᠤ ᠬᠠᠯᠳᠠᠭᠰᠠᠨ ᠬᠠᠤᠯᠢ ᠪᠤᠰᠤ ᠡᠲᠡᠭᠡᠳ ᠢ ᠭᠡᠷ ᠤᠨ ᠠᠬᠠᠮᠠᠳ᠂ | ᠨᠡᠶᠢᠭᠡᠮ ᠠᠴᠠ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ ᠃ | ᠰᠤᠷᠭᠠᠭᠤᠯᠢ ᠶᠢᠨ ᠭᠠᠳᠠᠨᠠᠬᠢ ᠨᠢᠭᠡᠴᠢ ᠪᠤᠶᠤ ᠠᠵᠢᠯᠳᠠᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ ᠢ | ᠵᠥᠷᠢᠴᠡᠵᠦ᠂ ᠰᠤᠷᠭᠠᠭᠤᠯᠢ ᠶᠢᠨ ᠠᠮᠤᠷ ᠲᠦᠪᠰᠢᠨ ᠤ ᠠᠳᠡᠯ ᠢ ᠡᠭᠦᠰᠭᠡᠭᠰᠡᠨ᠂ ᠡᠰᠡᠬᠦᠯ᠎ᠡ ᠰᠤᠷᠭᠠᠭᠤᠯᠢ ᠶᠢᠨ ᠠᠮᠤᠷ | ᠲᠦᠪᠰᠢᠨ ᠤ ᠠᠳᠡᠯ ᠢ ᠰᠢᠢᠳᠪᠦᠷᠢᠯᠡᠬᠦ ᠶᠠᠪᠤᠴᠠ ᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ | ᠶᠢᠨ ᠬᠡᠪ ᠤᠨ ᠡᠮᠬᠢ ᠵᠢᠷᠤᠮ ᠢ ᠰᠠᠮᠠᠭᠤᠷᠠᠭᠤᠯᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ ᠢ | ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠨ᠎ᠡ︔ | ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠰᠤᠷᠭᠠᠭᠤᠯᠢ | ᠶᠢᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠣᠯ ᠳᠥᠯᠥᠬᠦ ᠬᠠᠷᠢᠭᠤᠴᠠᠯᠭ᠎ᠠ ᠶᠢ ᠬᠠᠤᠯᠢ ᠶᠣᠰᠣᠭᠠᠷ | ᠡᠭᠦᠷᠭᠡᠯᠡᠭᠦᠯᠦᠨ᠎ᠡ ᠃ | ᠵᠢᠷᠠᠳᠤᠭᠠᠷ ᠵᠦᠶᠯ ᠰᠤᠷᠤᠭᠴᠢ ᠶᠢᠨ ᠪᠡᠶ᠎ᠡ ᠮᠠᠬᠠᠪᠣᠳ ᠭᠡᠮᠲᠦᠭᠰᠡᠨ ᠠᠳᠡᠯ ᠤᠨ ᠲᠥᠯᠥᠪᠦᠷᠢ ᠶᠢ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠶᠳᠪᠦᠷᠢᠯᠡᠨ᠎ᠡ ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠵᠢᠷᠠᠨ ᠨᠢᠭᠡᠳᠦᠭᠡᠷ ᠵᠦᠶᠯ ᠲᠤᠰ ᠲᠦᠷ ᠬᠡᠷᠡᠭᠵᠢᠭᠦᠯᠬᠦ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠲᠤᠷᠰᠢᠨ | ᠬᠡᠷᠡᠭᠵᠢᠭᠦᠯᠦᠨ᠎ᠡ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ ᠬᠤᠶᠠᠷ ᠵᠢᠯ ᠪᠣᠯᠤᠨ᠎ᠠ ᠃ |