ᠱᠢ ᠹᠦ᠋ ᠠᠯᠪᠠᠨ ᠲᠠᠷᠬᠠᠭᠠᠭᠰᠠᠨ 〔2021〕1 ᠳ᠋ᠦ᠋ᠭᠡᠷ ᠲᠣᠭᠠᠲᠤ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 《 ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠠᠵᠢᠯ ᠤᠨ ᠠᠷᠭ᠎ᠠ ᠶᠢ ᠳᠠᠷᠤᠮᠠᠯᠯᠠᠨ ᠶᠠᠪᠤᠭᠤᠯᠬᠤ》 ᠲᠤᠬᠠᠶ ᠮᠡᠳᠡᠭᠳᠡᠯ | ᠵᠢᠪᠬᠤᠯᠠᠩᠲᠤ ᠰᠤᠮᠤ᠂ ᠪᠡᠳᠺᠡᠷ ᠵᠣᠣ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ | ᠬᠦᠷᠢᠶᠡᠯᠡᠩ ᠲᠣᠭᠤᠷᠢᠭ ( ᠦᠵᠡᠮᠵᠢ ᠶᠢᠨ ᠣᠷᠣᠨ ) ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ | ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ᠄ | 《 ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠠᠵᠢᠯ ᠤᠨ ᠠᠷᠭ᠎ᠠ 》 ᠶᠢ ᠣᠷᠣᠨ ᠤ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠬᠢᠨᠠᠮᠠᠭᠠᠶ ᠰᠠᠶᠢᠲᠤᠷ ᠠᠳᠬᠤᠵᠤ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ ᠃ | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ | | | ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ | ᠵᠠᠷᠭᠤ ᠬᠦᠯᠢᠶᠡᠬᠦ ᠠᠵᠢᠯ ᠤᠨ ᠠᠷᠭ᠎ᠠ | ᠨᠢᠭᠡᠳᠦᠭᠡᠷ ᠲᠤ ᠂ ᠰᠢᠭᠤᠶᠢᠲᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠠᠷᠭᠤ | ᠶᠢᠨ ᠠᠵᠢᠯᠯᠠᠭ᠎ᠠ ᠳᠤᠮᠳᠠᠬᠢ ᠵᠠᠷᠭᠤ ᠬᠦᠯᠢᠶᠡᠬᠦ ᠠᠵᠢᠯ ᠢ ᠵᠢᠷᠤᠮᠵᠢᠭᠤᠯᠬᠤ ᠶᠢᠨ ᠲᠥᠯᠥᠭᠡ᠂ ᠵᠠᠰᠠᠭ ᠵᠠᠬᠢᠷᠭᠠᠨ ᠤ | ᠵᠠᠷᠭᠤ ᠬᠦᠯᠢᠶᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠎ᠠ᠂ | 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠠᠴᠠ ᠵᠠᠰᠠᠭ ᠵᠠᠬᠢᠷᠭᠠᠨ ᠤ ᠵᠠᠷᠭᠤ ᠶᠢᠨ ᠬᠠᠤᠯᠢ 》 ᠶᠢ᠂ | 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ 》᠂ | 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠲᠣᠭᠲᠠᠭᠠᠯ | 》 ( 224 ᠳ᠋ᠦ᠋ᠭᠡᠷ ᠲᠣᠭᠠᠲᠤ ᠵᠠᠰᠠᠭ ᠤᠨ ᠣᠷᠳᠣᠨ ᠤ ᠵᠠᠷᠯᠢᠭ )᠂ 《 ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ | ᠠᠯᠪᠠᠨ ᠬᠡᠷ ᠤᠨ ᠵᠢᠯᠣᠭᠤᠳᠬᠤ ᠰᠠᠨᠠᠯ ( ᠲᠤᠷᠰᠢᠨ ᠬᠡᠷᠡᠭᠵᠢᠭᠦᠯᠬᠦ ) 》 ( ᠥᠪᠥᠷ ᠬᠠᠤᠯᠢ ᠶᠣᠰᠣᠭᠠᠷ ᠣᠷᠣᠨ | ᠢᠶᠠᠨ ᠵᠠᠰᠠᠬᠤ ᠠᠯᠪᠠᠨ ᠲᠠᠷᠬᠠᠭᠠᠭᠰᠠᠨ 20204 ᠳ᠋ᠦ᠋ᠭᠡᠷ ᠲᠣᠭᠠᠲᠤ ) ᠤᠨ ᠲᠣᠭᠲᠠᠭᠠᠯ ᠵᠢᠴᠢ 《 ᠪᠤᠭᠤᠲᠤ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠤᠨ ᠠᠷᠭ᠎ᠠ 》 | ( ᠪᠤᠭᠤᠲᠤ ᠵᠠᠰᠠᠭ ᠲᠠᠷᠬᠠᠭᠠᠭᠰᠠᠨ 202028 ᠳ᠋ᠤᠭᠠᠷ ᠲᠣᠭᠠᠲᠤ ) ᠵᠢᠴᠢ ᠲᠣᠰ ᠲᠣᠭᠤᠷᠢᠭ ᠤᠨ ᠪᠣᠳᠠᠲᠠᠶ ᠲᠠᠢ | ᠪᠠᠨ ᠤᠶᠠᠯᠳᠤᠭᠤᠯᠤᠨ᠎ᠠ᠂ ᠲᠤᠰ ᠠᠷᠭ᠎ᠠ ᠶᠢ ᠲᠣᠭᠲᠠᠭᠠᠪᠠ ᠃ | ᠬᠤᠶᠠᠳᠤᠭᠠᠷ ᠲᠤ ᠂ ᠲᠤᠰ ᠠᠷᠭ᠎ᠠ ᠶᠢ ᠲᠤᠰ ᠣᠷᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢ | ᠵᠠᠭᠠᠯᠳᠤᠭᠳᠠᠭᠴᠢ ᠪᠣᠯᠭᠠᠭᠰᠠᠨ ᠵᠠᠷᠭᠤ ᠶᠢᠨ ᠬᠡᠷᠡᠭ ᠤᠨ ᠵᠠᠷᠭᠤ ᠬᠦᠯᠢᠶᠡᠬᠦ ᠠᠵᠢᠯ ᠳᠤ ᠬᠡᠷᠡᠭᠯᠡᠨ᠎ᠡ ᠃ | ᠭᠤᠷᠪᠠᠳᠤᠭᠠᠷ ᠲᠤ ᠂ ᠡᠯ᠎ᠡ ᠰᠤᠮᠤ᠂ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠠᠵᠢᠯ ᠤᠨ ᠰᠠᠯᠠᠭ᠎ᠠ ᠮᠥᠴᠢᠷ᠂ | ᠰᠢᠭᠤᠳ ᠬᠠᠷᠢᠶ᠎ᠠ ᠠᠵᠢᠯ ᠦᠶᠯᠡᠰ ᠤᠨ ᠨᠢᠭᠡᠴᠡ ᠨᠦᠭᠦᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ᠂ 《 ᠬᠡᠨ ᠭᠤᠤᠯᠴᠢᠯᠠᠨ ᠬᠠᠮᠢᠶᠠᠷᠴᠤ ( ᠦᠶᠯᠡᠳᠬᠦ ) ᠪᠠᠶᠢᠪᠠᠯ ᠲᠡᠷᠡ ᠬᠠᠷᠢᠭᠤᠴᠠᠬᠤ᠂ ᠬᠡᠨ ᠵᠠᠷᠭᠤ | ᠬᠦᠯᠢᠶᠡᠬᠦ 》 ᠵᠠᠷᠴᠢᠮ ᠤᠨ ᠶᠣᠰᠣᠭᠠᠷ᠂ ᠲᠤᠰ ᠨᠢᠭᠡᠴᠡ ᠪᠠᠷ ᠢᠶᠠᠨ ᠵᠠᠭᠠᠯᠳᠤᠭᠳᠠᠭᠴᠢ ᠪᠣᠯᠭᠠᠬᠤ ᠪᠠ ᠲᠣᠭᠤᠷᠢᠭ | ᠤᠨ ᠠᠷᠠᠳ ᠤᠨ ᠵᠠᠰᠠᠭ ᠤᠨ ᠣᠷᠳᠣᠨ ᠢᠶᠠᠷ ᠵᠠᠭᠠᠯᠳᠤᠭᠳᠠᠭᠴᠢ ᠪᠣᠯᠭᠠᠬᠤ ᠲᠤᠰ ᠨᠢᠭᠡᠴᠡ ᠳᠤ ᠬᠤᠯᠪᠣᠭᠳᠠᠬᠤ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠪᠣᠳᠠᠲᠠᠶ ᠳᠠᠭᠠᠭᠠᠨ ᠭᠦᠶᠴᠡᠳᠬᠡᠬᠦ ᠶᠢᠨ ᠬᠠᠮᠲᠤ ᠬᠠᠮᠢᠶ᠎ᠠ ᠪᠦᠬᠦᠢ ᠭᠡᠷᠡᠴᠢ | ᠳᠤᠷᠠᠳᠬᠤ ᠵᠢᠴᠢ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ ᠃ | ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠵᠠᠷᠭᠤ ᠬᠦᠯᠢᠶᠡᠬᠦ ᠶᠢ ᠨᠡᠪᠲᠡᠷᠡᠯᠴᠡᠭᠦᠯᠦᠨ ᠵᠣᠬᠢᠴᠠᠭᠤᠯᠬᠤ᠂ | ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠢ ᠰᠠᠶᠢᠲᠤᠷ ᠬᠢᠬᠦ | ᠬᠡᠷᠡᠭᠲᠡᠶ ᠃ | ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠶᠢ ᠳᠠᠮᠵᠢᠭᠰᠠᠨ ᠦᠭᠡᠢ ᠪᠥᠭᠡᠳ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠢᠶᠠᠷ ᠵᠠᠭᠠᠯᠳᠤᠭᠳᠠᠭᠴᠢ ᠪᠣᠯᠭᠠᠭᠰᠠᠨ ᠬᠡᠷᠡᠭ ᠢ ᠳᠣᠣᠷᠠᠬᠢ ᠠᠷᠭ᠎ᠠ ᠪᠠᠷ ᠵᠠᠷᠭᠤ ᠬᠦᠯᠢᠶᠡᠬᠦ | ᠤᠴᠢᠷ ᠶᠠᠪᠤᠳᠠᠯ ᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢ ᠲᠣᠭᠲᠠᠭᠠᠨ᠎ᠠ᠄ | ( ᠨᠢᠭᠡ ) ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠭᠤᠣᠯᠴᠢᠯᠠᠨ ᠬᠠᠮᠢᠶᠠᠷᠬᠤ ( ᠦᠢᠯᠡᠳᠬᠦ ) ᠨᠢᠭᠡᠴᠡ | ᠨᠢ ᠵᠠᠷᠭᠤ ᠬᠦᠯᠢᠶᠡᠬᠦ ᠤᠴᠢᠷ ᠶᠠᠪᠤᠳᠠᠯ ᠢ ᠳᠠᠭᠠᠭᠠᠨ ᠭᠦᠢᠴᠡᠳᠬᠡᠬᠦ ᠨᠢᠭᠡᠴᠡ ᠪᠣᠯᠬᠤ ᠬᠡᠷᠡᠭᠲᠡᠶ᠃ | ( ᠬᠤᠶᠠᠷ ) ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠦᠢᠯᠡ | ᠠᠵᠢᠯᠯᠠᠭ᠎ᠠ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠮᠲᠤ ᠪᠠᠷ ᠬᠢᠭᠰᠡᠨ ᠨᠢᠭᠡᠴᠢ ᠨᠢ | ᠵᠠᠷᠭᠤ ᠬᠦᠯᠢᠶᠡᠬᠦ ᠤᠴᠢᠷ ᠶᠠᠪᠤᠳᠠᠯ ᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠪᠣᠯᠤᠨ᠎ᠠ᠃ | ( ᠭᠤᠷᠪᠠ ) ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠭᠰᠠᠨ ᠵᠣᠬᠢᠶᠠᠨ ᠪᠠᠶᠢᠭᠤᠯᠤᠯᠲᠠ ᠶᠢᠨ ᠬᠢᠭᠰᠡᠨ | ᠪᠣᠳᠠᠲᠠᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠪᠠᠶᠢᠪᠠᠯ᠂ ᠨᠠᠶᠢᠳᠠᠭᠰᠠᠨ ᠨᠢᠭᠡᠴᠢ ᠨᠢ ᠵᠠᠷᠭᠤ ᠬᠦᠯᠢᠶᠡᠬᠦ ᠤᠴᠢᠷ | ᠶᠠᠪᠤᠳᠠᠯ ᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠪᠣᠯᠬᠤ ᠬᠡᠷᠡᠭᠲᠡᠢ᠃ | ( ᠲᠦᠷᠪᠡ ) ᠵᠠᠰᠠᠭ ᠵᠠᠬᠢᠷᠭᠠᠨ ᠤ ᠪᠠᠶᠢᠭᠤᠯᠭ᠎ᠠ ᠬᠦᠴᠦᠨ ᠦᠭᠡᠢ ᠪᠣᠯᠭᠠᠭᠳᠠᠭᠰᠠᠨ ᠪᠤᠶᠤ ᠡᠷᠬᠡ ᠲᠤᠰᠢᠶᠠᠯ | ᠢᠶᠠᠨ ᠬᠤᠪᠢᠷᠠᠭᠤᠯᠤᠭᠰᠠᠨ ᠪᠠᠶᠢᠪᠠᠯ᠂ ᠲᠡᠭᠦᠨ ᠤ ᠡᠷᠬᠡ ᠲᠤᠰᠢᠶᠠᠯ ᠢ ᠦᠷᠭᠦᠯᠵᠢᠯᠡᠨ ᠬᠡᠷᠡᠭᠵᠢᠭᠦᠯᠬᠦ ᠨᠢᠭᠡᠴᠢ ᠨᠢ | ᠵᠠᠷᠭᠤ ᠬᠦᠯᠢᠶᠡᠬᠦ ᠤᠴᠢᠷ ᠶᠠᠪᠤᠳᠠᠯ ᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠪᠣᠯᠤᠨ᠎ᠠ ᠃ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰ ᠱᠠᠲᠤᠨ ᠤ ᠳᠠᠬᠢᠨ ᠵᠥᠪᠯᠡᠭᠰᠡᠨ ᠲᠣᠭᠲᠠᠭᠠᠯ ᠢᠶᠠᠷ | ᠤᠤᠯ ᠤᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠪᠠᠷᠢᠮᠲᠠᠯᠠᠭᠰᠠᠨ ᠪᠠᠶᠢᠪᠠᠯ᠂ ᠤᠤᠯ ᠤᠨ ᠵᠠᠰᠠᠭ ᠵᠠᠬᠢᠷᠭᠠᠨ ᠤ | ᠦᠶᠯᠡ ᠠᠵᠢᠯᠯᠠᠭ᠎ᠠ ᠶᠢ ᠬᠢᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠭ᠎ᠠ ᠶᠢ ᠬᠠᠮ ᠵᠠᠭᠠᠯᠳᠤᠭᠳᠠᠭᠴᠢ ᠪᠣᠯᠭᠠᠭᠰᠠᠨ ᠬᠡᠷᠡᠭ ᠲᠤ᠂ ᠤᠤᠯ ᠤᠨ ᠵᠠᠰᠠᠭ ᠵᠠᠬᠢᠷᠭᠠᠨ ᠤ ᠦᠶᠯᠡ | ᠠᠵᠢᠯᠯᠠᠭ᠎ᠠ ᠶᠢ ᠭᠤᠤᠯᠴᠢᠯᠠᠨ ᠬᠠᠮᠢᠶᠠᠷᠴᠤ ( ᠦᠶᠯᠡᠳᠦᠭᠰᠡᠨ ) ᠨᠢᠭᠡᠴᠡ ᠨᠢ ᠵᠠᠰᠠᠭ ᠵᠠᠬᠢᠷᠭᠠᠨ ᠤ ᠦᠶᠯᠡ | ᠠᠵᠢᠯᠯᠠᠭ᠎ᠠ ᠶᠢᠨ ᠬᠡᠰᠡᠭ ᠪᠣᠯᠬᠤ ᠵᠠᠷᠭᠤ ᠬᠦᠯᠢᠶᠡᠬᠦ ᠤᠴᠢᠷ ᠶᠠᠪᠤᠳᠠᠯ ᠢ ᠳᠠᠭᠠᠭᠠᠨ ᠭᠦᠶᠴᠡᠳᠬᠡᠬᠦ ᠨᠢᠭᠡᠴᠡ ᠪᠠᠶᠢᠵᠤ᠂ | ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠳᠠᠬᠢᠨ ᠵᠥᠪᠯᠡᠬᠦ ᠬᠡᠰᠡᠭ ᠤᠨ ᠵᠠᠷᠭᠤ ᠬᠦᠯᠢᠶᠡᠬᠦ ᠤᠴᠢᠷ | ᠶᠠᠪᠤᠳᠠᠯ ᠢ ᠳᠠᠭᠠᠭᠠᠨ ᠭᠦᠶᠴᠡᠳᠬᠡᠬᠦ ᠨᠢᠭᠡᠴᠡ ᠪᠣᠯᠤᠨ᠎ᠠ ᠃ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠰ ᠱᠠᠲᠤᠨ ᠤ ᠳᠠᠬᠢᠨ ᠵᠥᠪᠯᠡᠭᠰᠡᠨ ᠲᠣᠭᠲᠠᠭᠠᠯ ᠢᠶᠠᠷ | ᠤᠤᠯ ᠤᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠬᠤᠪᠢᠷᠠᠭᠤᠯᠤᠭᠰᠠᠨ ᠪᠠᠶᠢᠪᠠᠯ᠂ ᠲᠣᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠠᠴᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ ᠃ | ᠳᠥᠷᠪᠡᠳᠦᠭᠡᠷ ᠲᠤ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠨᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠢᠶᠠᠷ ᠵᠠᠭᠠᠯᠳᠤᠭᠳᠠᠭᠴᠢ ᠪᠣᠯᠭᠠᠭᠰᠠᠨ ᠵᠠᠷᠭᠤ ᠬᠦᠯᠢᠶᠡᠬᠦ ᠮᠡᠳᠡᠭᠳᠡᠯ ᠤᠨ ᠪᠢᠴᠢᠭ ᠢ ᠭᠠᠷᠳᠠᠭᠰᠠᠨ | ᠤ ᠳᠠᠷᠠᠭ᠎ᠠ᠂ 2 ᠡᠳᠦᠷ ᠤᠨ ᠳᠣᠲᠣᠷ᠎ᠠ ᠵᠠᠷᠭᠤ ᠳᠤ ᠬᠤᠯᠪᠣᠭᠳᠠᠭᠰᠠᠨ ᠦᠢᠯᠡ ᠠᠵᠢᠯᠯᠠᠭ᠎ᠠ ᠶᠢ ᠭᠤᠤᠯᠴᠢᠯᠠᠨ | ᠬᠠᠮᠢᠶᠠᠷᠬᠤ ( ᠭᠠᠷᠭᠠᠬᠤ ) ᠨᠢᠭᠡᠴᠡ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ | ᠡᠷᠬᠢᠯᠡᠭᠴᠢ᠂ ᠬᠤᠪᠢᠳᠠᠨ ᠬᠠᠮᠢᠶᠠᠷᠬᠤ ᠳᠡᠳ᠋ ᠲᠣᠭᠤᠷᠢᠭ ᠤᠨ ᠳᠠᠷᠤᠭ᠎ᠠ ᠳᠤ ᠬᠦᠷᠭᠡᠨ ᠬᠢᠨᠠᠭᠤᠯᠵᠤ ᠭᠠᠷ ᠤᠨ ᠦᠰᠦᠭ | ᠵᠢᠷᠤᠭᠤᠯᠤᠨ᠂ ᠨᠡᠯᠢᠶᠡᠳ ᠶᠡᠭᠡ ᠤᠴᠢᠷ ᠶᠠᠪᠤᠳᠠᠯ ᠢ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠳᠤ ᠬᠦᠷᠭᠡᠨ | ᠬᠢᠨᠠᠭᠤᠯᠵᠤ ᠭᠠᠷ ᠤᠨ ᠦᠰᠦᠭ ᠵᠢᠷᠤᠭᠤᠯᠤᠨ᠂ ᠴᠢᠬᠤᠯᠠ ᠶᠡᠭᠡ ᠤᠴᠢᠷ ᠶᠠᠪᠤᠳᠠᠯ ᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠳᠤ ᠬᠦᠷᠭᠡᠨ ᠬᠢᠨᠠᠭᠤᠯᠵᠤ ᠭᠠᠷ ᠤᠨ ᠦᠰᠦᠭ ᠵᠢᠷᠤᠭᠤᠯᠤᠨ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠬᠤ | ᠬᠠᠷᠢᠭᠤᠴᠠᠯᠭᠠᠲᠠᠨ ᠬᠢᠨᠠᠵᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠭᠡᠷ ᠠᠴᠠ ᠵᠠᠷᠭᠤ ᠳᠤ ᠬᠤᠯᠪᠣᠭᠳᠠᠭᠰᠠᠨ ᠦᠢᠯᠡ ᠠᠵᠢᠯᠯᠠᠭ᠎ᠠ ᠶᠢ ᠭᠤᠤᠯᠴᠢᠯᠠᠨ ᠬᠠᠮᠢᠶᠠᠷᠬᠤ ( ᠭᠠᠷᠭᠠᠬᠤ ) | ᠨᠢᠭᠡᠴᠡ ᠪᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠰᠢᠶᠳᠪᠦᠷᠢᠯᠡᠭᠦᠯᠬᠦ ᠬᠡᠷᠡᠭᠲᠡᠶ ᠃ | ᠲᠠᠪᠤᠳᠤᠭᠠᠷ ᠲᠤ ᠂ ᠵᠦᠢᠯ ᠵᠠᠷᠭᠤ ᠳᠤ ᠬᠤᠯᠪᠣᠭᠳᠠᠭᠰᠠᠨ ᠦᠢᠯᠡ ᠠᠵᠢᠯᠯᠠᠭ᠎ᠠ ᠶᠢ ᠡᠷᠬᠢᠯᠡᠨ ᠬᠠᠮᠢᠶᠠᠷᠬᠤ ( | ᠭᠠᠷᠭᠠᠬᠤ ) ᠨᠢᠭᠡᠴᠢ ᠪᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ ᠤ ᠬᠢᠨᠠᠨ ᠪᠠᠶᠢᠴᠠᠭᠠᠵᠤ ᠭᠠᠷ ᠤᠨ ᠦᠰᠦᠭ ᠵᠢᠷᠤᠭᠰᠠᠨ ᠰᠠᠨᠠᠯ ᠵᠢᠴᠢ ᠵᠠᠷᠭᠤ ᠬᠦᠯᠢᠶᠡᠬᠦ ᠮᠡᠳᠡᠭᠳᠡᠯ ᠤᠨ | ᠪᠢᠴᠢᠭ ᠢ ᠣᠯᠤᠭᠰᠠᠨ ᠤ ᠳᠠᠷᠠᠭ᠎ᠠ᠂ ᠲᠤᠰ ᠠᠷᠭ᠎ᠠ ᠶᠢᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ | ᠰᠢᠢᠳᠪᠦᠷᠢᠯᠡᠬᠦ ᠬᠡᠷᠡᠭᠲᠡᠢ ᠃ | ᠵᠢᠷᠭᠤᠳᠤᠭᠠᠷ ᠲᠤ᠂ ᠵᠠᠷᠭᠤ ᠶᠢ ᠬᠦᠯᠢᠶᠡᠨ ᠠᠪᠴᠤ ᠰᠢᠢᠳᠪᠦᠷᠢᠯᠡᠬᠦ ᠨᠢᠭᠡᠴᠢ ᠨᠢ ᠵᠠᠷᠭᠤ ᠬᠦᠯᠢᠶᠡᠬᠦ ᠮᠡᠳᠡᠭᠳᠡᠯ | ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠵᠠᠷᠭᠤ ᠬᠦᠯᠢᠶᠡᠬᠦ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ | ᠭᠦᠢᠴᠡᠳᠬᠡᠵᠦ᠂ ᠬᠠᠷᠢᠭᠤ ᠮᠠᠷᠭᠤᠬᠤ ᠮᠠᠲ᠋ᠧᠷᠢᠶᠠᠯ ᠢ ᠴᠠᠭ ᠲᠤᠬᠠᠢ ᠳᠤᠨᠢ ᠪᠡᠯᠡᠳᠬᠡᠵᠦ᠂ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠬᠡᠮ ᠤᠨ ᠭᠡᠷᠡᠴᠢ ᠪᠢᠴᠢᠭ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ | ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠵᠣᠬᠢᠶᠠᠵᠤ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ | ᠠᠴᠠ ᠵᠠᠷᠭᠤ ᠶᠢ ᠬᠦᠯᠢᠶᠡᠨ ᠠᠪᠴᠤ ᠰᠢᠢᠳᠪᠦᠷᠢᠯᠡᠬᠦ ᠨᠢᠭᠡᠴᠢ ᠶᠢᠨ ᠮᠠᠲ᠋ᠧᠷᠢᠶᠠᠯ ᠵᠢᠴᠢ ᠭᠠᠷ ᠭᠦᠢᠴᠡᠳᠬᠡᠯ ᠨᠢ ᠪᠦᠷᠢᠨ | ᠭᠦᠢᠴᠡᠳ ᠪᠠᠶᠢᠬᠤ ᠡᠰᠡᠬᠦ ᠶᠢ ᠬᠢᠨᠠᠨ ᠬᠠᠷᠭᠤᠭᠤᠯᠬᠤ ᠶᠢᠨ ᠬᠠᠮᠲᠤ ᠲᠣᠭᠤᠷᠢᠭ ᠤᠨ ᠵᠠᠰᠠᠭ ᠤᠨ ᠣᠷᠳᠣᠨ ᠳᠤ | ᠮᠡᠳᠡᠭᠦᠯᠦᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠠᠮᠠᠭ᠎ᠠ ᠶᠢ ᠳᠠᠷᠤᠭᠤᠯᠬᠤ ᠬᠡᠷᠡᠭᠲᠡᠢ ᠃ | ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠪᠡᠯᠡᠳᠬᠡᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠳᠠᠬᠢᠨ ᠵᠥᠪᠯᠡᠬᠦ ᠬᠡᠰᠡᠭ ᠤᠨ ᠬᠠᠷᠢᠭᠤ ᠮᠠᠷᠭᠤᠬᠤ ᠮᠠᠲ᠋ᠧᠷᠢᠶᠠᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ | ᠪᠡᠶ᠎ᠡ ᠶᠢᠨ ᠦᠨᠡᠮᠯᠡᠯ ᠤᠨ ᠭᠡᠷᠡᠴᠢ ᠪᠢᠴᠢᠭ ᠵᠢᠴᠢ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠡᠷᠭᠡ ᠬᠠᠤᠯᠢ | ᠴᠠᠭᠠᠵᠠ ᠶᠢᠨ ᠪᠢᠴᠢᠭ ᠬᠠᠷ᠎ᠠ ᠃ | ᠬᠠᠷᠢᠭᠤ ᠮᠠᠷᠭᠤᠬᠤ ᠮᠠᠲ᠋ᠧᠷᠢᠶᠠᠯ ᠳᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠭᠰᠠᠨ ᠪᠠᠶᠢᠬᠤ ᠬᠡᠷᠡᠭᠲᠡᠢ᠄ | ( ᠨᠢᠭᠡ ) ᠬᠠᠷᠢᠭᠤ ᠮᠠᠷᠭᠤᠬᠤ ᠪᠢᠴᠢᠭ ( ᠣᠷᠣᠯᠠᠨ ᠲᠤᠭᠤᠷᠪᠢᠭᠰᠠᠨ ᠨᠤᠤᠷᠠᠭ )᠃ | ( ᠬᠤᠶᠠᠷ ) ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠭᠰᠡᠨ ᠬᠠᠤᠯᠢ ᠴᠠᠭᠠᠵᠠ ᠶᠢᠨ ᠦᠨᠳᠦᠰᠦ ᠪᠠᠷᠢᠮᠲᠠ | ᠵᠢᠴᠢ ᠵᠣᠬᠢᠴᠠᠩᠭᠤᠢ ᠭᠡᠷᠡᠴᠢ ᠪᠠᠷᠢᠮᠲᠠ᠃ | ( ᠭᠤᠷᠪᠠ ) ᠲᠤᠰᠢᠶᠠᠬᠤ ᠴᠢᠬᠤᠯᠠᠲᠠᠶ ᠪᠤᠰᠤᠳ ᠮᠠᠲ᠋ᠧᠷᠢᠶᠠᠯ ᠃ | ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠲᠤ ᠵᠠᠷᠭᠤ ᠶᠢᠨ ᠣᠷᠣᠯᠠᠭᠴᠢ ᠶᠢᠨ ᠦᠨᠳᠦᠰᠦᠨ ᠪᠠᠶᠢᠳᠠᠯ᠂ | ᠣᠷᠣᠯᠠᠬᠤ ᠵᠦᠢᠯᠡᠰ᠂ ᠣᠷᠣᠯᠠᠬᠤ ᠡᠷᠬᠡ ᠶᠢᠨ ᠬᠡᠪᠴᠢᠶ᠎ᠡ ᠵᠡᠷᠭᠡ ᠠᠭᠤᠯᠭ᠎ᠠ ᠶᠢ ᠲᠣᠳᠣᠷᠬᠠᠢ ᠪᠢᠴᠢᠬᠦ ᠬᠡᠷᠡᠭᠲᠡᠢ ᠃ | ᠳᠣᠯᠣᠳᠤᠭᠠᠷ ᠲᠤ ᠂ ᠠᠷᠠᠳ ᠤᠨ ᠰᠢᠭᠦᠬᠦ ᠬᠤᠷᠢᠶ᠎ᠠ ᠬᠦᠴᠦᠨ ᠦᠭᠡᠢ ᠪᠣᠯᠭᠠᠬᠤ ( ᠵᠠᠰᠠᠭ ᠵᠠᠬᠢᠷᠭᠠᠨ ᠤ | ᠦᠢᠯᠡ ᠠᠵᠢᠯᠯᠠᠭ᠎ᠠ ᠶᠢ ᠳᠠᠬᠢᠨ ᠬᠢᠬᠦ ᠪᠠᠭᠲᠠᠨ᠎ᠠ )᠂ ᠬᠠᠤᠯᠢ ᠶᠢ ᠵᠥᠷᠢᠴᠡᠭᠰᠡᠨ ᠢ ᠨᠤᠲᠠᠯᠠᠬᠤ᠂ ᠬᠦᠴᠦᠨ ᠦᠭᠡᠢ | ᠪᠣᠯᠭᠠᠬᠤ᠂ ᠬᠤᠪᠢᠷᠠᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠠᠷᠯᠢᠭᠳᠠᠬᠤ᠂ ᠥᠭᠬᠦ ᠡᠭᠦᠷᠭᠡ ᠶᠢ | ᠭᠦᠢᠴᠡᠳᠬᠡᠬᠦ ᠪᠤᠶᠤ ᠲᠥᠯᠥᠪᠦᠷᠢ ᠶᠢᠨ ᠬᠠᠷᠢᠭᠤᠴᠠᠯᠭ᠎ᠠ ᠵᠡᠷᠭᠡ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠷᠭᠤ | ᠢᠯᠠᠭᠳᠠᠭᠰᠠᠨ ᠲᠠᠰᠤᠯᠤᠯᠳᠠ ᠶᠢ ᠭᠦᠢᠴᠡᠳᠬᠡᠬᠦ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠲᠤ᠂ ᠵᠠᠷᠭᠤ ᠶᠢ ᠬᠦᠯᠢᠶᠡᠨ | ᠠᠪᠴᠤ ᠰᠢᠢᠳᠪᠦᠷᠢᠯᠡᠬᠦ ᠨᠢᠭᠡᠴᠢ ᠵᠠᠷᠭᠤ ᠢᠯᠠᠭᠳᠠᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠬᠦᠴᠦᠨ ᠲᠠᠢ | ᠪᠣᠯᠤᠭᠰᠠᠨ ᠤ ᠳᠠᠷᠠᠭᠠᠬᠢ 30 ᠡᠳᠦᠷ ᠤᠨ ᠳᠣᠲᠣᠷ᠎ᠠ᠂ ᠣᠷᠣᠨ ᠤ ᠠᠷᠠᠳ ᠤᠨ ᠵᠠᠰᠠᠭ ᠤᠨ ᠣᠷᠳᠣᠨ ᠳᠤ ᠵᠠᠷᠭᠤ | ᠢᠯᠠᠭᠳᠠᠭᠰᠠᠨ ᠵᠠᠳᠠᠯᠤᠯᠲᠠ ᠶᠢᠨ ᠮᠡᠳᠡᠭᠦᠯᠦᠯᠲᠡ ᠲᠤᠰᠢᠶᠠᠬᠤ ᠶᠢᠨ ᠬᠠᠮᠲᠤ ᠣᠷᠣᠨ ᠤ ᠬᠠᠤᠯᠢ ᠴᠠᠭᠠᠵᠠ ᠶᠢᠨ | ᠲᠣᠪᠴᠢᠶ᠎ᠠ ᠳᠤ ᠬᠠᠭᠤᠯᠤᠨ ᠬᠦᠷᠭᠡᠬᠦ ᠬᠡᠷᠡᠭᠲᠡᠢ ᠃ | ᠵᠠᠷᠭᠤ ᠢᠯᠠᠭᠳᠠᠭᠰᠠᠨ ᠵᠠᠳᠠᠯᠤᠯᠲᠠ ᠶᠢᠨ ᠮᠡᠳᠡᠭᠦᠯᠦᠯᠲᠡ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ᠄ | ( ᠨᠢᠭᠡ ) ᠵᠠᠷᠭᠤ ᠶᠢᠨ ᠬᠡᠷᠡᠭ ᠤᠨ ᠦᠨᠳᠦᠰᠦᠨ ᠬᠡᠷᠡᠭ ᠤᠨ ᠪᠠᠶᠢᠳᠠᠯ ︔ | ( ᠬᠤᠶᠠᠷ ) ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠤᠭᠰᠠᠨ ᠦᠷ᠎ᠡ ᠳ᠋ᠦᠩ︔ | ( ᠭᠤᠷᠪᠠ ) ᠬᠤᠯᠪᠣᠭᠳᠠᠯ ᠪᠦᠬᠦᠢ ᠠᠵᠢᠯ ᠤᠨ ᠰᠠᠨᠠᠭᠤᠯᠭ᠎ᠠ᠂ ᠰᠠᠨᠠᠯ ᠵᠢᠴᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ︔ | ( ᠲᠦᠷᠪᠡ ) ᠲᠣᠳᠣᠷᠬᠠᠶᠢᠯᠠᠬᠤ ᠴᠢᠬᠤᠯᠠᠲᠠᠢ ᠪᠤᠰᠤᠳ ᠵᠦᠢᠯᠡᠰ ︔ | ᠨᠠᠢᠮᠠᠳᠤᠭᠠᠷ ᠲᠤ ᠂ ᠵᠦᠢᠯ ᠵᠠᠷᠭᠤ ᠶᠢ ᠬᠦᠯᠢᠶᠡᠨ ᠠᠪᠴᠤ ᠰᠢᠢᠳᠪᠦᠷᠢᠯᠡᠬᠦ ᠨᠢᠭᠡᠴᠢ ᠨᠢ ᠠᠷᠠᠳ ᠤᠨ ᠰᠢᠭᠦᠬᠦ | ᠬᠤᠷᠢᠶᠠᠨ ᠤ ᠭᠠᠷᠭᠠᠭᠰᠠᠨ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠪᠤᠶᠤ ᠲᠣᠭᠲᠠᠭᠠᠯᠲᠠ ᠶᠢ ᠵᠥᠪᠰᠢᠶᠡᠷᠡᠬᠦ ᠦᠭᠡᠢ | ᠪᠥᠭᠡᠳ ᠳᠡᠭᠡᠭᠰᠢ ᠵᠠᠭᠠᠯᠳᠤᠬᠤ ᠪᠠᠷ ᠱᠠᠭᠠᠷᠳᠠᠭᠰᠠᠨ ᠪᠠᠶᠢᠪᠠᠯ᠂ ᠲᠠᠰᠤᠯᠤᠯᠲᠠ ᠶᠢᠨ ᠪᠢᠴᠢᠭ ᠪᠤᠶᠤ ᠲᠣᠭᠲᠠᠭᠠᠯᠲᠠ | ᠶᠢᠨ ᠪᠢᠴᠢᠭ ᠢ ᠣᠯᠤᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ ᠳᠡᠭᠡᠭᠰᠢ ᠵᠠᠭᠠᠯᠳᠤᠭᠰᠠᠨ ᠰᠠᠨᠠᠯ ᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠢ ᠃ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠶᠠᠷᠢᠯᠴᠠᠭᠠᠳ ᠳᠡᠭᠡᠭᠰᠢ ᠵᠠᠭᠠᠯᠳᠤᠬᠤ ᠪᠠᠷ | ᠲᠣᠭᠲᠠᠭᠠᠭᠰᠠᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ ᠵᠠᠷᠭᠤ ᠬᠦᠯᠢᠶᠡᠬᠦ ᠤᠴᠢᠷ ᠶᠠᠪᠤᠳᠠᠯ ᠢ ᠳᠠᠭᠠᠭᠠᠨ ᠠᠪᠴᠤ | ᠰᠢᠢᠳᠪᠦᠷᠢᠯᠡᠬᠦ ᠨᠢᠭᠡᠴᠢ ᠨᠢ ᠬᠠᠤᠯᠢ ᠪᠠᠷ ᠲᠣᠭᠲᠠᠭᠠᠭᠰᠠᠨ ᠳᠡᠭᠡᠭᠰᠢ ᠵᠠᠭᠠᠯᠳᠤᠬᠤ ᠬᠤᠭᠤᠴᠠᠭᠠᠨ ᠳᠣᠲᠣᠷ᠎ᠠ ᠠᠷᠠᠳ | ᠤᠨ ᠰᠢᠭᠦᠬᠦ ᠬᠤᠷᠢᠶᠠᠨ ᠳᠤ ᠳᠡᠭᠡᠭᠰᠢ ᠵᠠᠭᠠᠯᠳᠤᠬᠤ ᠬᠡᠷᠡᠭᠲᠡᠢ ᠃ | ᠶᠢᠰᠦᠳᠦᠭᠡᠷ ᠲᠤ ᠂ ᠵᠠᠭᠠᠯᠳᠤᠭᠴᠢ ᠪᠤᠶᠤ ᠬᠤᠯᠪᠣᠭᠳᠠᠯ ᠪᠦᠬᠦᠢ ᠲᠤᠬᠠᠢ ᠶᠢᠨ ᠬᠥᠮᠦᠨ ᠨᠢ ᠠᠷᠠᠳ ᠤᠨ | ᠰᠢᠭᠦᠬᠦ ᠬᠤᠷᠢᠶᠠᠨ ᠤ ᠭᠠᠷᠭᠠᠭᠰᠠᠨ ᠨᠢᠭᠡᠳᠦᠭᠡᠷ ᠰᠢᠭᠦᠯᠲᠡ ᠶᠢᠨ ᠲᠠᠰᠤᠯᠤᠯᠳᠠ ᠪᠤᠶᠤ ᠲᠣᠭᠲᠠᠭᠠᠯᠲᠠ ᠶᠢ | ᠵᠥᠪᠰᠢᠶᠡᠷᠡᠬᠦ ᠦᠭᠡᠢ ᠪᠠᠶᠢᠵᠤ ᠳᠡᠭᠡᠭᠰᠢ ᠵᠠᠭᠠᠯᠳᠤᠭᠰᠠᠨ ᠪᠠᠶᠢᠪᠠᠯ᠂ ᠨᠢᠭᠡᠳᠦᠭᠡᠷ ᠰᠢᠭᠦᠯᠲᠡ ᠶᠢᠨ ᠵᠠᠷᠭᠤ ᠶᠢ ᠬᠦᠯᠢᠶᠡᠨ | ᠠᠪᠴᠤ ᠰᠢᠢᠳᠪᠦᠷᠢᠯᠡᠬᠦ ᠨᠢᠭᠡᠴᠢ ᠨᠢ ᠳᠡᠭᠡᠭᠰᠢ ᠵᠠᠭᠠᠯᠳᠤᠭᠰᠠᠨ ᠬᠡᠷᠡᠭ ᠤᠨ ᠵᠠᠷᠭᠤ ᠶᠢ ᠬᠦᠯᠢᠶᠡᠨ ᠠᠪᠴᠤ | ᠰᠢᠢᠳᠪᠦᠷᠢᠯᠡᠬᠦ ᠨᠢᠭᠡᠴᠢ ᠶᠢᠨ ᠬᠤᠪᠢ ᠪᠠᠷ ᠲᠤᠰ ᠠᠷᠭ᠎ᠠ ᠶᠢᠨ ᠲᠣᠭᠲᠠᠭᠠᠯ ᠶᠣᠰᠣᠭᠠᠷ ᠳᠡᠭᠡᠭᠰᠢ ᠵᠠᠭᠠᠯᠳᠤᠭᠰᠠᠨ | ᠬᠡᠷᠡᠭ ᠤᠨ ᠵᠠᠷᠭᠤ ᠶᠢ ᠬᠦᠯᠢᠶᠡᠨ ᠠᠪᠬᠤ ᠠᠵᠢᠯ ᠢ ᠰᠠᠶᠢᠲᠤᠷ ᠬᠢᠬᠦ ᠬᠡᠷᠡᠭᠲᠡᠢ ᠃ | ᠠᠷᠪᠠᠳᠤᠭᠠᠷ ᠲᠤ ᠂ ᠵᠠᠷᠭᠤ ᠶᠢ ᠬᠦᠯᠢᠶᠡᠨ ᠠᠪᠴᠤ ᠰᠢᠢᠳᠪᠦᠷᠢᠯᠡᠬᠦ ᠨᠢᠭᠡᠴᠢ ᠠᠷᠠᠳ ᠤᠨ ᠰᠢᠭᠦᠬᠦ ᠬᠤᠷᠢᠶᠠᠨ | ᠤ ᠭᠠᠷᠭᠠᠭᠰᠠᠨ ᠡᠴᠦᠰ ᠤᠨ ᠰᠢᠭᠦᠯᠲᠡ ᠶᠢᠨ ᠲᠠᠰᠤᠯᠤᠯᠲᠠ ᠪᠤᠶᠤ ᠲᠣᠭᠲᠠᠭᠠᠯᠲᠠ ᠳᠤ ᠪᠤᠷᠤᠭᠤ ᠲᠠᠢ ᠭᠡᠵᠦ ᠦᠵᠡᠪᠡᠯ | ᠂ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠤᠯᠢ | ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠳᠠᠬᠢᠨ ᠰᠢᠭᠦᠯᠭᠡᠬᠦ ᠪᠠᠷ ᠭᠤᠶᠤᠴᠢᠯᠠᠬᠤ ᠬᠡᠷᠡᠭᠲᠡᠢ ᠃ | ᠠᠷᠪᠠᠨ ᠨᠢᠭᠡᠳᠦᠭᠡᠷ ᠲᠤ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠠᠴᠠ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠶᠠᠪᠤᠭᠤᠯᠤᠭᠰᠠᠨ ᠬᠠᠤᠯᠢ ᠴᠠᠭᠠᠵᠠ ᠶᠢᠨ ᠰᠠᠨᠠᠭᠤᠯᠭ᠎ᠠ᠂ | ᠪᠠᠶᠢᠴᠠᠭᠠᠬᠤ ᠪᠦᠲᠦᠭᠡᠨ ᠪᠠᠶᠢᠭᠤᠯᠤᠯᠲᠠ ᠳᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ | ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠬᠠᠷᠢᠭᠤᠯᠲᠠ ᠥᠭᠬᠦ ᠰᠠᠨᠠᠯ ᠢ ᠲᠤᠭᠤᠷᠪᠢᠨ ᠲᠣᠭᠲᠠᠭᠠᠵᠤ᠂ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠠᠷᠠᠳ ᠤᠨ ᠰᠢᠭᠦᠬᠦ ᠬᠤᠷᠢᠶ᠎ᠠ᠂ ᠠᠷᠠᠳ | ᠤᠨ ᠪᠠᠶᠢᠴᠠᠭᠠᠬᠤ ᠬᠤᠷᠢᠶ᠎ᠠ ᠳᠤ ᠬᠠᠷᠢᠭᠤ ᠲᠤᠰᠬᠠᠬᠤ ᠬᠡᠷᠡᠭᠲᠡᠶ ᠃ | ᠠᠷᠪᠠᠨ ᠬᠤᠶᠠᠳᠤᠭᠠᠷ ᠲᠤ ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠳᠠᠭᠤᠰᠤᠭᠰᠠᠨ ᠤ ᠳᠠᠷᠠᠭ᠎ᠠ᠂ ᠵᠠᠷᠭᠤ ᠶᠢ | ᠬᠦᠯᠢᠶᠡᠨ ᠠᠪᠬᠤ ᠤᠴᠢᠷ ᠶᠠᠪᠤᠳᠠᠯ ᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠪᠬᠡᠮᠡᠯ ᠳᠠᠩᠰᠠ ᠡᠪᠬᠡᠮᠡᠯ ᠳᠤ ᠣᠷᠣᠭᠤᠯᠬᠤ | ᠬᠡᠷᠡᠭᠲᠡᠢ ᠃ | ᠠᠷᠪᠠᠨ ᠭᠤᠷᠪᠠᠳᠤᠭᠠᠷ ᠲᠤ ᠂ ᠠᠷᠠᠳ ᠤᠨ ᠵᠠᠰᠠᠭ ᠤᠨ ᠣᠷᠳᠣᠨ ᠢᠶᠠᠷ ᠵᠠᠭᠠᠯᠳᠤᠭᠳᠠᠭᠴᠢ ᠪᠣᠯᠭᠠᠭᠰᠠᠨ | ᠳᠣᠤᠷᠠᠬᠢ ᠮᠡᠲᠦ ᠵᠠᠷᠭᠤ ᠬᠦᠯᠢᠶᠡᠬᠦ ᠬᠡᠷᠡᠭ ᠲᠤ᠂ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠤᠯ | ᠬᠠᠷᠢᠭᠤᠴᠠᠵᠤ ᠪᠠᠶᠢᠭ᠎ᠠ ᠪᠤᠶᠤ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠪᠣᠯᠤᠨ ᠬᠠᠤᠯᠢ ᠳᠦᠷᠢᠮ ᠤᠨ | ᠪᠠᠶᠢᠭᠤᠯᠤᠮᠵᠢ ᠶᠢᠨ ᠬᠠᠷᠢᠭᠤᠴᠠᠯᠭᠠᠲᠠᠨ ᠡᠷᠬᠡᠪᠰᠢ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠬᠡᠷᠡᠭᠲᠡᠶ ᠃ | ( ᠨᠢᠭᠡ ) ᠠᠷᠠᠳ ᠤᠨ ᠰᠢᠭᠦᠬᠦ ᠬᠤᠷᠢᠶ᠎ᠠ ᠨᠢᠭᠡᠳᠦᠭᠡᠷ ᠰᠢᠭᠦᠯᠲᠡ ᠶᠢᠨ ᠲᠠᠰᠤᠯᠤᠯᠳᠠ ᠶᠢᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠵᠠᠷᠭᠤ ᠢᠯᠠᠭᠳᠠᠭᠰᠠᠨ᠂ ᠬᠤᠶᠠᠳᠤᠭᠠᠷ ᠰᠢᠭᠦᠯᠲᠡ ᠶᠢᠨ ᠲᠢᠩᠬᠢᠮ ᠨᠡᠭᠡᠭᠡᠵᠦ | ᠰᠢᠭᠦᠭᠰᠡᠨ ᠬᠡᠷᠡᠭ︔ | ( ᠬᠤᠶᠠᠷ ) ᠲᠣᠭᠤᠷᠢᠭ ᠤᠨ ᠠᠷᠠᠳ ᠤᠨ ᠠᠷᠠᠳᠴᠢᠯᠠᠭᠰᠠᠨ ᠵᠠᠰᠠᠭ ᠤᠨ ᠣᠷᠳᠣᠨ ᠤ ᠭᠤᠣᠯ | ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠢᠭᠡᠳᠦᠭᠡᠷ ᠰᠢᠭᠦᠯᠲᠡ ᠳᠤ ᠣᠷᠣᠯᠴᠠᠭᠰᠠᠨ | ᠦᠭᠡᠢ ᠃ | ( ᠭᠤᠷᠪᠠ ) ᠠᠷᠠᠳ ᠤᠨ ᠰᠢᠭᠦᠬᠦ ᠬᠤᠷᠢᠶ᠎ᠠ ᠪᠢᠴᠢᠭ ᠤᠨ ᠰᠠᠨᠠᠭᠤᠯᠭ᠎ᠠ᠂ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ ᠤ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠤ ᠰᠢᠭᠦᠯᠲᠡ ᠳᠤ | ᠣᠷᠣᠯᠴᠠᠬᠤ ᠬᠡᠷᠡᠭ︔ | ( ᠳᠥᠷᠪᠡ ) ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ᠂ ᠨᠡᠶᠢᠭᠡᠮ ᠤᠨ ᠬᠢᠨ ᠤ ᠳᠡᠭᠡᠳᠦ ᠬᠡᠮᠵᠢᠶ᠎ᠡ | ᠪᠠᠷ ᠠᠩᠬᠠᠷᠴᠤ ᠪᠠᠶᠢᠭ᠎ᠠ ᠪᠤᠶᠤ ᠪᠦᠯᠦᠭᠯᠡᠯ ᠴᠢᠨᠠᠷᠲᠠᠶ ᠬᠡᠷᠡᠭ ᠶᠠᠪᠤᠳᠠᠯ ᠡᠭᠦᠰᠭᠡᠵᠦ ᠮᠡᠳᠡᠬᠦ ᠬᠡᠷᠡᠭ ᠲᠤ | ᠬᠤᠯᠪᠣᠭᠳᠠᠭᠰᠠᠨ︔ | ( ᠲᠠᠪᠤ ) ᠪᠠᠶᠢᠴᠠᠭᠠᠬᠤ ᠪᠠᠶᠢᠭᠤᠯᠭ᠎ᠠ ᠶᠢᠨ ᠳᠤᠷᠠᠳᠤᠭᠰᠠᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ︔ | ( ᠵᠢᠷᠭᠤᠭ᠎ᠠ ) ᠵᠠᠰᠠᠭ ᠵᠠᠬᠢᠷᠭᠠᠨ ᠤ ᠲᠥᠯᠥᠪᠦᠷᠢ ᠶᠢᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠬᠡᠷᠡᠭ︔ | ( ᠳᠣᠯᠤᠭ᠎ᠠ ) ᠨᠡᠶᠢᠭᠡᠮ ᠤᠨ ᠨᠥᠯᠥᠭᠡ ᠪᠠᠷ ᠨᠡᠯᠢᠶᠡᠳ ᠶᠡᠭᠡ᠂ ᠬᠡᠷᠡᠭ ᠤᠨ ᠪᠠᠶᠢᠳᠠᠯ ᠪᠤᠳᠤᠯᠢᠶᠠᠨᠲᠠᠶ ᠪᠤᠶᠤ ᠣᠷᠣᠨ | ᠤ ᠠᠷᠠᠳ ᠤᠨ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠦᠨᠳᠦ ᠶᠡᠭᠡ ᠨᠥᠯᠥᠭᠡ | ᠦᠵᠡᠭᠦᠯᠵᠦ ᠮᠡᠳᠡᠬᠦ ᠬᠡᠷᠡᠭ︔ | ( ᠨᠠᠶᠮᠠ ) ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠤᠶᠤ ᠬᠤᠪᠢᠳᠠᠨ | ᠬᠠᠮᠢᠶᠠᠷᠴᠤ ᠪᠦᠬᠦᠢ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠬᠤ ᠨᠢ ᠮᠠᠷᠭᠤᠭᠠᠨ ᠢ ᠨᠠᠮᠳᠠᠭᠤᠯᠬᠤ ᠳᠤ ᠨᠡᠩ | ᠠᠰᠢᠭᠲᠠᠶ ᠬᠡᠷᠡᠭ ᠃ | ᠠᠷᠪᠠᠨ ᠳᠥᠷᠪᠡᠳᠦᠭᠡᠷ ᠲᠤ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠵᠠᠰᠠᠭ ᠵᠠᠬᠢᠷᠭᠠᠨ | ᠤ ᠵᠠᠷᠭᠤ ᠬᠦᠯᠢᠶᠡᠬᠦ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠲᠢᠩᠬᠢᠮ ᠤᠨ ᠰᠢᠭᠦᠯᠲᠡ ᠶᠢᠨ | ᠶᠠᠷᠢᠶ᠎ᠠ ᠲᠠᠯᠪᠢᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠠᠷᠠᠳ ᠤᠨ ᠰᠢᠭᠦᠬᠦ ᠬᠤᠷᠢᠶ᠎ᠠ ᠳᠤ ᠬᠠᠮᠵᠢᠯᠴᠠᠨ | ᠬᠡᠷᠡᠭ ᠤᠨ ᠪᠠᠶᠢᠳᠠᠯ ᠢ ᠪᠠᠶᠢᠴᠠᠭᠠᠨ ᠲᠤᠳᠤᠯᠠᠵᠤ᠂ ᠠᠷᠠᠳ ᠤᠨ ᠰᠢᠭᠦᠬᠦ ᠬᠤᠷᠢᠶ᠎ᠠ ᠳᠤ ᠢᠳᠡᠪᠬᠢᠲᠡᠢ ᠬᠠᠮᠵᠢᠯᠴᠠᠨ | ᠬᠠᠤᠯᠢ ᠶᠣᠰᠣᠭᠠᠷ ᠡᠶᠡᠳᠡᠭᠦᠯᠬᠦ ᠠᠵᠢᠯ ᠢ ᠥᠷᠨᠢᠭᠦᠯᠵᠦ᠂ ᠬᠡᠷᠡᠭ ᠤᠨ ᠳᠠᠭᠤᠰᠬᠠᠬᠤ ᠶᠢ ᠠᠬᠢᠭᠤᠯᠬᠤ ᠬᠡᠷᠡᠭᠲᠡᠢ ᠃ | ᠠᠷᠪᠠᠨ ᠲᠠᠪᠤᠳᠤᠭᠠᠷ ᠲᠤ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠲᠤᠰ ᠪᠠᠶᠢᠭᠤᠯᠭ᠎ᠠ | ᠶᠢᠨ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ | ᠶᠢ ᠤᠬᠠᠮᠰᠠᠷ ᠠᠴᠠ ᠪᠠᠨ ᠭᠦᠢᠴᠡᠳᠬᠡᠬᠦ ᠶᠢ ᠰᠢᠪᠠᠳᠠᠵᠤ᠂ ᠠᠷᠠᠳ ᠤᠨ ᠰᠢᠭᠦᠬᠦ ᠬᠤᠷᠢᠶᠠᠨ ᠤ ᠬᠠᠤᠯᠢ ᠪᠠᠷᠢᠬᠤ | ᠰᠠᠨᠠᠭᠤᠯᠭ᠎ᠠ ᠶᠢ ᠬᠢᠨᠠᠮᠠᠭᠠᠢ ᠰᠤᠳᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ | ᠠᠷᠪᠠᠨ ᠵᠢᠷᠭᠤᠳᠤᠭᠠᠷ ᠲᠤ ᠂ ᠲᠣᠭᠲᠠᠭᠠᠭᠰᠠᠨ ᠵᠠᠷᠭᠤ ᠬᠦᠯᠢᠶᠡᠠ ᠠᠪᠬᠤ ᠬᠡᠷᠡᠭ ᠠᠴᠠ ᠭᠠᠳᠠᠨ᠎ᠠ᠂ ᠵᠠᠷᠭᠤ | ᠬᠦᠯᠢᠶᠡᠠ ᠠᠪᠬᠤ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ ᠬᠠᠷᠢᠭᠤᠴᠠᠯᠭᠠᠲᠠᠨ ᠵᠠᠷᠴᠢᠮ ᠳᠡᠭᠡᠷ᠎ᠡ ᠪᠠᠨ | ᠰᠢᠭᠦᠯᠲᠡ ᠳᠤ ᠣᠷᠣᠯᠴᠠᠨ ᠵᠠᠷᠭᠤ ᠬᠦᠯᠢᠶᠡᠠ ᠠᠪᠬᠤ ᠬᠡᠷᠡᠭᠲᠡᠢ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ | ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠠ ᠠᠪᠬᠤ ᠤᠢᠭᠡᠢ ᠪᠠᠶᠢᠪᠠᠯ᠂ ᠵᠠᠷᠭᠤ ᠬᠦᠯᠢᠶᠡᠠ | ᠠᠪᠬᠤ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ ᠨᠢᠭᠡ ᠠᠴᠠ ᠬᠤᠶᠠᠷ ᠠᠵᠢᠯᠳᠡᠠ ᠳᠤ ᠠᠰ ᠲᠤᠨᠢ | ᠨᠠᠶᠢᠳᠠᠵᠤ ᠵᠠᠷᠭᠤ ᠶᠢᠨ ᠣᠷᠣᠯᠠᠭᠴᠢ ᠶᠢᠨ ᠬᠤᠪᠢ ᠪᠠᠷ ᠵᠠᠷᠭᠤᠯᠳᠤᠭᠠᠨ ᠳᠤ ᠣᠷᠣᠯᠴᠠᠭᠤᠯᠵᠤ ᠪᠣᠯᠤᠨ᠎ᠠ᠂ ᠠᠵᠢᠯᠳᠡᠠ | ᠪᠠ ᠠᠯᠪᠠᠨ ᠲᠤᠰᠢᠶᠠᠯᠳᠦ ᠬᠠᠤᠯᠢᠴᠢ᠂ ᠬᠠᠤᠯᠢ ᠴᠠᠭᠠᠵᠠ ᠶᠢᠨ ᠵᠥᠪᠯᠡᠭᠴᠢ ᠵᠡᠷᠭᠡ ᠳᠤ ᠨᠠᠶᠢᠳᠠᠵᠤ ᠵᠠᠷᠭᠤ ᠶᠢᠨ | ᠣᠷᠣᠯᠠᠭᠴᠢ ᠶᠢᠨ ᠬᠤᠪᠢ ᠪᠠᠷ ᠵᠠᠷᠭᠤᠯᠳᠤᠭᠠᠨ ᠳᠤ ᠣᠷᠣᠯᠴᠠᠭᠤᠯᠵᠤ ᠪᠣᠯᠬᠤ ᠪᠥᠭᠡᠳ ᠠᠷᠠᠳ ᠤᠨ ᠰᠢᠭᠦᠬᠦ ᠬᠤᠷᠢᠶ᠎ᠠ | ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠠ | ᠠᠪᠴᠤ ᠴᠢᠳᠠᠬᠤ ᠤᠢᠭᠡᠢ ᠭᠡᠰᠡᠨ ᠪᠢᠴᠢᠭ ᠤᠨ ᠪᠢᠴᠢᠭ ᠮᠠᠲ᠋ᠧᠷᠢᠶᠠᠯ ᠢ ᠳᠡᠪᠰᠢᠭᠦᠯᠵᠦ ᠪᠣᠯᠤᠨ᠎ᠠ᠂ ᠭᠡᠪᠡᠴᠦ ᠵᠥᠪᠬᠡᠨ | ᠬᠠᠤᠯᠢᠴᠢ ᠳᠤ ᠨᠠᠶᠢᠳᠠᠵᠤ ᠰᠢᠭᠦᠯᠲᠡ ᠳᠤ ᠣᠷᠣᠯᠴᠠᠭᠤᠯᠤᠨ ᠵᠠᠷᠭᠤᠯᠳᠤᠭᠠᠨ ᠳᠤ ᠣᠷᠣᠯᠴᠠᠭᠤᠯᠵᠤ ᠪᠣᠯᠬᠤ ᠤᠢᠭᠡᠢ ᠃ | | ᠠᠷᠪᠠᠨ ᠳᠣᠯᠣᠳᠤᠭᠠᠷ ᠲᠤ ᠂ ᠵᠠᠷᠭᠤ ᠶᠢᠨ ᠣᠷᠣᠯᠠᠭᠴᠢ ᠠᠷᠠᠳ ᠤᠨ ᠰᠢᠭᠦᠬᠦ ᠬᠤᠷᠢᠶᠠᠨ ᠤ ᠮᠡᠳᠡᠭᠳᠡᠯ ᠤᠨ | ᠶᠣᠰᠣᠭᠠᠷ ᠵᠠᠷᠭᠤ ᠶᠢᠨ ᠠᠵᠢᠯᠯᠠᠭ᠎ᠠ ᠳᠤ ᠴᠠᠭ ᠲᠠᠭᠠᠨ ᠣᠷᠣᠯᠴᠠᠬᠤ ᠬᠡᠷᠡᠭᠲᠡᠢ᠂ ᠦᠨᠡᠬᠡᠷ ᠣᠨᠴᠠᠭᠠᠢ ᠪᠠᠶᠢᠳᠠᠯ ᠠᠴᠠ | ᠪᠤᠯᠵᠤ ᠴᠠᠭ ᠲᠠᠭᠠᠨ ᠰᠢᠭᠦᠯᠲᠡ ᠳᠤ ᠣᠷᠣᠯᠴᠠᠵᠤ ᠳᠡᠶᠢᠯᠬᠦ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠤ | ᠤᠷᠢᠳᠴᠢᠯᠠᠨ ᠮᠡᠳᠡᠭᠳᠡᠬᠦ ᠬᠡᠷᠡᠭᠲᠡᠢ ᠪᠥᠭᠡᠳ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠲᠢᠩᠬᠢᠮ ᠨᠡᠭᠡᠭᠡᠬᠦ ᠶᠢ | ᠬᠤᠶᠢᠰᠢᠯᠠᠭᠤᠯᠬᠤ ᠪᠠᠷ ᠠᠷᠠᠳ ᠤᠨ ᠰᠢᠭᠦᠬᠦ ᠬᠤᠷᠢᠶ᠎ᠠ ᠳᠤ ᠬᠠᠤᠯᠢ ᠶᠣᠰᠣᠭᠠᠷ ᠭᠤᠶᠤᠴᠢᠯᠠᠬᠤ ᠬᠡᠷᠡᠭᠲᠡᠢ ᠃ | ᠣᠷᠣᠯᠠᠭᠴᠢ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠠᠶᠢᠳᠠᠬᠤ ᠡᠷᠬᠡ ᠶᠢᠨ ᠬᠡᠪᠴᠢᠶᠡᠨ | ᠳᠣᠲᠣᠷ᠎ᠠ ᠵᠠᠷᠭᠤ ᠶᠢᠨ ᠠᠵᠢᠯᠯᠠᠭ᠎ᠠ ᠥᠷᠨᠢᠭᠦᠯᠵᠦ᠂ ᠣᠷᠣᠨ ᠤ ᠠᠷᠠᠳ ᠤᠨ ᠵᠠᠰᠠᠭ ᠤᠨ ᠣᠷᠳᠣᠨ ᠳᠤ ᠵᠠᠷᠭᠤ ᠶᠢᠨ | ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠪᠢᠴᠢᠭ ᠢᠶᠠᠷ ᠮᠡᠳᠡᠭᠦᠯᠬᠦ ᠬᠡᠷᠡᠭᠲᠡᠢ ᠃ | ᠠᠷᠪᠠᠨ ᠨᠠᠶᠮᠠᠳᠤᠭᠠᠷ ᠲᠤ ᠂ ᠵᠠᠷᠭᠤ ᠬᠦᠯᠢᠶᠡᠬᠦ ᠶᠢ ᠳᠠᠭᠠᠭᠠᠨ ᠠᠪᠴᠤ ᠭᠦᠶᠴᠡᠳᠬᠡᠬᠦ ᠨᠢᠭᠡᠴᠡ ᠨᠢ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠠᠵᠢᠯᠲᠠᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠦᠶ ᠵᠣᠬᠢᠰᠲᠠᠶ | ᠲᠣᠬᠢᠷᠠᠭᠤᠯᠬᠤ ᠶᠢᠨ ᠬᠠᠮᠲᠤ᠂ ᠠᠵᠢᠯ ᠤᠨ ᠵᠠᠷᠤᠳᠠᠯ᠂ ᠴᠢᠬᠤᠯᠠ ᠪᠦᠬᠦᠢ ᠲᠣᠨᠤᠭ ᠲᠥᠬᠦᠭᠡᠷᠦᠮᠵᠢ᠂ ᠲᠡᠷᠭᠡ ᠬᠥᠰᠬᠡ | ᠶᠢᠨ ᠬᠡᠷᠡᠭᠯᠡᠯᠲᠡ ᠵᠡᠷᠭᠡ ᠳᠤ ᠪᠠᠲᠤᠯᠠᠭ᠎ᠠ ᠬᠠᠩᠭᠠᠨ᠎ᠠ ᠃ | ᠠᠷᠪᠠ ᠶᠢᠰᠦᠳᠦᠭᠡᠷ ᠲᠤ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ | ᠣᠷᠣᠯᠴᠠᠨ ᠵᠠᠷᠭᠤ ᠬᠦᠯᠢᠶᠡᠬᠦ ᠠᠵᠢᠯ ᠢ ᠨᠢᠭᠡᠨᠲᠡ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠬᠠᠷᠠᠯᠲᠠᠲᠤ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠬᠤ ᠶᠢᠨ ᠬᠠᠮᠲᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢᠨ ᠠᠭᠤᠯᠭ᠎ᠠ ᠪᠣᠯᠭᠠᠵᠤ᠂ ᠲᠣᠭᠲᠠᠭᠠᠯ ᠶᠣᠰᠣᠭᠠᠷ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠳᠡᠭᠡᠳᠦ | ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ᠂ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠳᠡᠭᠡᠳᠦ ᠱᠠᠲᠤᠨ ᠤ ᠠᠷᠠᠳ ᠤᠨ ᠵᠠᠰᠠᠭ | ᠤᠨ ᠣᠷᠳᠣᠨ ᠤ ᠬᠢᠨᠠᠯᠲᠠ ᠲᠠᠯᠪᠢᠯᠲᠠ ᠶᠢ ᠬᠦᠯᠢᠶᠡᠨ᠎ᠡ ᠃ | ᠬᠤᠷᠢᠳᠤᠭᠠᠷ ᠲᠤ ᠂ ᠲᠤᠰ ᠠᠷᠭ᠎ᠠ ᠶᠢ ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠷᠢᠭᠤᠴᠠᠨ | ᠲᠠᠶᠢᠯᠪᠤᠷᠢᠯᠠᠨ᠎ᠠ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ ᠃ |