《 ᠰᠢᠭᠤᠶᠢᠲᠤ ᠣᠷᠣᠨ ᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠭᠡᠷ ᠪᠠᠶᠢᠰᠢᠩ ᠢ ᠳᠠᠩᠰᠠᠯᠠᠬᠤ ᠠᠵᠢᠯ ᠤᠨ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/11/30
ᠱᠢ ᠹᠦ᠋ ᠠᠯᠪᠠᠨ ᠲᠠᠷᠬᠠᠭᠠᠭᠰᠠᠨ 〔2021〕11 ᠳ᠋ᠦ᠋ᠭᠡᠷ ᠲᠣᠭᠠᠲᠤ  ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 《 ᠰᠢᠭᠤᠶᠢᠲᠤ ᠣᠷᠣᠨ ᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠭᠡᠷ ᠪᠠᠶᠢᠰᠢᠩ ᠢ ᠳᠠᠩᠰᠠᠯᠠᠬᠤ ᠠᠵᠢᠯ ᠤᠨ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠵᠢᠪᠬᠤᠯᠠᠩᠲᠤ ᠰᠤᠮᠤ᠂ ᠪᠡᠳᠺᠡᠷ ᠵᠣᠣ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠦᠷᠢᠶᠡᠯᠡᠩ ᠲᠣᠭᠤᠷᠢᠭ ( ᠦᠵᠡᠮᠵᠢ ᠶᠢᠨ ᠣᠷᠣᠨ ) ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ᠄   《 ᠰᠢᠭᠤᠶᠢᠲᠤ ᠣᠷᠣᠨ ᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠭᠡᠷ ᠪᠠᠶᠢᠰᠢᠩ ᠢ ᠳᠠᠩᠰᠠᠯᠠᠬᠤ ᠠᠵᠢᠯ ᠤᠨ ᠬᠡᠷᠡᠭᠵᠢᠭᠦᠯᠬᠦ ᠲᠥᠰᠦᠯ 》 ᠢ ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ  ᠃             ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                 2021 ᠣᠨ ᠤ 4 ᠳ᠋ᠦ᠋ᠭᠡᠷ ᠰᠠᠷ᠎ᠠ ᠶᠢᠨ 2 ᠤᠨ ᠡᠳᠦᠷ        ᠰᠢᠭᠤᠶᠢᠲᠤ ᠲᠣᠭᠤᠷᠢᠭ ᠤᠨ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠣᠷᠣᠨ ᠰᠠᠭᠤᠴᠠ ᠶᠢ ᠳᠠᠩᠰᠠᠯᠠᠬᠤ ᠠᠵᠢᠯ ᠤᠨ ᠬᠡᠷᠡᠭᠵᠢᠭᠦᠯᠬᠦ ᠲᠥᠰᠦᠯ   ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠣᠷᠣᠨ ᠰᠠᠭᠤᠴᠠ ᠶᠢᠨ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠠᠵᠢᠯ ᠢ ᠠᠬᠢᠭᠤᠯᠵᠤ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠡᠷᠦᠬᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠵᠤ᠂ ᠮᠠᠨ ᠤ ᠣᠷᠣᠨ ᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ ᠣᠯᠠᠨ ᠲᠦᠮᠡᠨ ᠤ ᠬᠤᠶᠢᠰᠢᠳᠠ ᠶᠢᠨ ᠵᠣᠪᠠᠨᠢᠯ ᠢ ᠦᠨᠡᠨᠬᠦ ᠰᠠᠶᠢᠲᠤᠷ ᠰᠢᠶᠳᠪᠦᠷᠢᠯᠡᠬᠦ ᠶᠢᠨ ᠲᠤᠰᠠᠳᠠ᠂ ᠮᠠᠨ ᠤ ᠣᠷᠣᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ  ᠃ ᠨᠢᠭᠡ᠂ ᠭᠤᠣᠯ ᠦᠨᠳᠦᠰᠦᠯᠡᠯ      ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠣᠨ ᠤᠯᠠᠮᠵᠢᠯᠠᠨ ᠶᠠᠪᠤᠭᠤᠯᠤᠭᠰᠠᠨ 《 ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠯᠤᠰ ᠠᠴᠠ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠶᠡᠷᠦᠩᠬᠡᠶᠢᠯᠡᠭᠰᠡᠨ ᠵᠤᠷᠭᠠᠨ ᠠᠴᠠ 〈 ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠦᠶᠯ ᠤᠨ ᠭᠠᠷᠳᠠᠮ ᠢ ᠲᠦᠷᠭᠡᠬᠡᠨ ᠲᠡᠭᠦᠯᠳᠡᠷᠵᠢᠭᠦᠯᠵᠦ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠶᠢ ᠦᠨᠡᠨᠬᠦ ᠰᠠᠶᠢᠲᠤᠷ ᠬᠢᠬᠦ ᠲᠤᠬᠠᠶ ᠰᠠᠨᠠᠯ 〉 ᠢ ᠳᠠᠷᠤᠮᠠᠯᠯᠠᠨ ᠶᠠᠪᠤᠭᠤᠯᠬᠤ ᠮᠡᠳᠡᠭᠳᠡᠯ 》 ( ᠥᠪᠥᠷ ᠪᠠᠶᠢᠭᠠᠯᠢ ᠡᠬᠢ ᠦᠰᠦᠭ - 2020500 ᠳ᠋ᠤᠭᠠᠷ ᠲᠣᠭᠠᠲᠤ )᠂ 《 ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠢ ᠰᠠᠶᠢᠲᠤᠷ ᠬᠢᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ 》 ( ᠪᠠᠶᠢᠭᠠᠯᠢ ᠡᠬᠢ ᠠᠯᠪᠠᠨ 202025 ᠳ᠋ᠤᠭᠠᠷ ᠲᠣᠭᠠᠲᠤ ) ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠲᠥᠪᠬᠢᠨᠡᠭᠦᠯᠬᠦ ᠭᠡᠷ ᠪᠠᠶᠢᠰᠢᠩ ᠢ ᠳᠠᠩᠰᠠᠯᠠᠬᠤ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠂ ᠮᠠᠯᠴᠢᠨ ᠲᠠᠷᠢᠶᠠᠴᠢᠳ ᠢ ᠲᠥᠪᠬᠢᠨᠡᠭᠦᠯᠬᠦ ᠡᠷᠬᠡ ᠠᠰᠢᠭ ᠢ ᠦᠨᠡᠨᠬᠦ ᠪᠠᠲᠤᠯᠠᠨ᠎ᠠ  ᠃ ᠬᠤᠶᠠᠷ᠂ ᠠᠵᠢᠯ ᠤᠨ ᠬᠠᠷᠠᠯᠲᠠ      ᠪᠥᠬᠦ ᠣᠷᠣᠨ ᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠢᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠪᠠ ᠢᠵᠢᠯ ᠠᠯᠬᠤᠮ ᠢᠶᠠᠷ ᠨᠡᠭᠦᠯᠭᠡᠨ ᠲᠥᠪᠬᠢᠨᠡᠭᠦᠯᠬᠦ ᠪᠣᠶ ᠪᠥᠬᠦᠶ ᠣᠷᠣᠨ ᠰᠠᠭᠤᠴᠠ ᠶᠢ ᠳᠡᠩᠰᠡᠯᠡᠨ ᠦᠨᠡᠮᠯᠡᠯ ᠣᠯᠭᠤᠬᠤ ᠶᠢ ᠪᠡᠶᠡᠯᠡᠭᠦᠯᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠨᠥᠬᠦᠪᠥᠷᠢᠯᠡᠨ ᠲᠡᠭᠦᠯᠳᠡᠷᠵᠢᠭᠦᠯᠦᠨ᠎ᠡ  ᠃ ᠭᠤᠷᠪᠠ᠂ ᠬᠡᠷᠡᠭᠵᠢᠭᠦᠯᠬᠦ ᠬᠡᠪᠴᠢᠶ᠎ᠡ  ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠠᠩᠰᠠ ᠪᠠ ᠺᠠᠷᠲ ᠲᠠᠢ ᠲᠥᠪᠬᠢᠨᠡᠭᠦᠯᠬᠦ ᠬᠡᠷ ᠪᠠ ᠢᠵᠢᠯ ᠠᠯᠬᠤᠮ ᠢᠶᠠᠷ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ  ᠳᠤ ᠨᠡᠶᠢᠲᠡ 71 ᠢᠵᠢ ᠣᠷᠣᠨ ᠰᠠᠭᠤᠴᠠ ᠬᠤᠯᠪᠣᠭᠳᠠᠨ᠎ᠠ  ᠃ ᠶᠠᠳᠠᠭᠤ ᠬᠦᠴᠢᠷᠳᠡᠯᠲᠡᠶ 71 ᠡᠷᠦᠬᠡ ᠶᠢᠨ 140 ᠬᠥᠮᠦᠨ ᠳᠤ ᠬᠤᠯᠪᠣᠭᠳᠠᠪᠠ᠂ ᠡᠭᠦᠨ ᠳᠤ ᠳᠡᠩᠰᠡᠯᠡᠵᠦ ᠺᠠᠷᠲᠯᠠᠭᠰᠠᠨ 44 ᠡᠷᠦᠬᠡ ᠶᠢᠨ 87 ᠬᠥᠮᠦᠨ ᠪᠠᠭᠲᠠᠨ᠎ᠠ︔ 27 ᠡᠷᠦᠬᠡ ᠶᠢᠨ 53 ᠬᠥᠮᠦᠨ ᠢ ᠨᠡᠭᠦᠯᠭᠡᠵᠦ ᠲᠥᠪᠬᠢᠨᠡᠭᠦᠯᠪᠡ  ᠃ ᠳᠡᠩᠰᠡᠯᠡᠵᠦ ᠦᠨᠡᠮᠯᠡᠯ ᠣᠯᠭᠤᠬᠤ ᠢᠵᠢ ᠲᠤᠭ᠎ᠠ 71 ᠪᠣᠶ  ᠃   ( ᠨᠢᠭᠡ ) ᠳᠡᠩᠰᠡᠯᠡᠨ ᠺᠠᠷᠲᠯᠠᠭᠰᠠᠨ ᠲᠥᠪᠬᠢᠨᠡᠭᠦᠯᠬᠦ ᠴᠢᠬ  1 . ᠲᠥᠪᠯᠡᠷᠡᠭᠦᠯᠦᠨ ᠲᠥᠪᠬᠢᠨᠡᠭᠦᠯᠬᠦ‍ ᠴᠢᠭ 2       ( 1 ) ᠬᠢᠮᠢ ᠶᠢᠨ ᠦᠶᠯᠡᠳᠪᠦᠷᠢ ᠶᠢᠨ ᠵᠣᠯ ᠵᠢᠷᠭᠠᠯᠲᠤ ᠲᠣᠮᠣ ᠬᠦᠷᠢᠶᠡᠯᠡᠩ᠄ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 27 ᠡᠷᠦᠬᠡ ᠶᠢ ᠲᠥᠪᠬᠢᠨᠡᠭᠦᠯᠵᠦ᠂ ᠲᠣᠰ ᠲᠥᠪᠬᠢᠨᠡᠭᠦᠯᠬᠦ‍ ᠴᠢᠭ ᠤᠨ ᠲᠥᠪᠬᠢᠨᠡᠭᠦᠯᠬᠦ ᠬᠡᠷ ᠪᠠᠶᠢᠰᠢᠩ ᠢᠶᠠᠷ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠥᠪᠡᠰᠦᠪᠡᠨ ᠪᠠᠯᠠ ᠮᠥᠩᠭᠦ ᠴᠤᠭᠯᠠᠭᠤᠯᠬᠤ ᠥᠬᠡᠶ᠂ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠵᠥᠪᠬᠡᠨ ᠣᠷᠣᠰᠢᠨ ᠰᠠᠭᠤᠬᠤ ᠡᠷᠬᠡ ᠲᠠᠢ᠂ ᠬᠡᠷ ᠪᠠᠶᠢᠰᠢᠩ ᠤᠨ ᠥᠮᠴᠢᠯᠡᠬᠦ ᠡᠷᠬᠡ ᠨᠢ ᠨᠡᠭᠦᠯᠭᠡᠭᠰᠡᠨ ᠡᠷᠦᠬᠡ ᠶᠢᠨ ᠥᠮᠴᠢᠯᠡᠯ ᠳᠤ ᠬᠠᠷᠢᠶᠠᠯᠠᠭᠳᠠᠬᠤ ᠥᠬᠡᠶ  ᠃ ᠵᠢᠪᠬᠤᠯᠠᠩᠲᠤ ᠰᠤᠮᠤ ᠬᠠᠷᠢᠭᠤᠴᠠᠨ ᠭᠤᠶᠤᠴᠢᠯᠠᠨ ᠭᠦᠢᠴᠡᠳᠬᠡᠵᠦ᠂ ᠥᠮᠴᠢᠯᠡᠬᠦ ᠡᠷᠬᠡ ᠶᠢ ᠵᠢᠪᠬᠤᠯᠠᠩᠲᠤ ᠰᠤᠮᠤ ᠳᠤ ᠭᠦᠢᠴᠡᠳᠬᠡᠨ᠎ᠡ  ᠃      ( 2 ) ᠭᠠᠩ ᠹᠠᠩ ᠳ᠋ᠢ ᠵᠢᠷᠭᠠᠯᠠᠩᠲᠤ ᠬᠦᠷᠢᠶᠡᠯᠡᠩ᠄ ᠲᠠᠩᠰᠠ ᠪᠠ ᠺᠠᠷᠲ ᠲᠠᠢ 6 ᠶᠠᠳᠠᠭᠤ ᠬᠦᠴᠢᠷᠳᠡᠯᠲᠡᠶ ᠡᠷᠦᠬᠡ ᠶᠢ ᠲᠥᠪᠬᠢᠨᠡᠭᠦᠯᠵᠦ᠂ ᠲᠣᠰ ᠲᠥᠪᠬᠢᠨᠡᠭᠦᠯᠬᠦ‍ ᠴᠢᠭ ᠤᠨ ᠲᠥᠪᠬᠢᠨᠡᠭᠦᠯᠬᠦ ᠬᠡᠷ ᠪᠠᠶᠢᠰᠢᠩ ᠤᠨ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠥᠪᠡᠷ ᠢᠶᠠᠨ ᠴᠤᠭᠯᠠᠭᠤᠯᠤᠭᠰᠠᠨ ᠪᠠᠯᠠ ᠮᠥᠩᠭᠦ ᠪᠠᠶᠢᠬᠤ ᠥᠬᠡᠶ᠂ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠨᠢ ᠭᠤᠣᠨᠢ ᠪᠡᠯᠪᠡᠰᠦᠨ ᠥᠨᠥᠴᠢᠨ ᠨᠠᠰᠤᠲᠠᠨ ᠳᠤ ᠬᠠᠷᠢᠶᠠᠯᠠᠭᠳᠠᠵᠤ᠂ ᠵᠥᠪᠬᠡᠨ ᠰᠠᠭᠤᠬᠤ ᠡᠷᠬᠡ ᠲᠠᠢ᠂ ᠬᠡᠷ ᠪᠠᠶᠢᠰᠢᠩ ᠤᠨ ᠥᠮᠴᠢᠯᠡᠬᠦ ᠡᠷᠬᠡ ᠨᠢ ᠨᠡᠭᠦᠯᠭᠡᠭᠰᠡᠨ ᠡᠷᠦᠬᠡ ᠳᠤ ᠬᠠᠷᠢᠶᠠᠯᠠᠭᠳᠠᠬᠤ ᠥᠬᠡᠶ  ᠃ ᠪᠡᠳᠭᠡᠷ ᠵᠣᠣ ᠪᠠᠯᠭᠠᠰᠤ ᠬᠠᠷᠢᠭᠤᠴᠠᠨ ᠭᠤᠶᠤᠴᠢᠯᠠᠵᠤ᠂ ᠥᠮᠴᠢᠯᠡᠬᠦ ᠡᠷᠬᠡ ᠶᠢ ᠪᠡᠳᠭᠡᠷ ᠵᠣᠣ ᠪᠠᠯᠭᠠᠰᠤᠨ ᠳᠤ ᠭᠦᠶᠴᠡᠳᠬᠡᠨ᠎ᠡ  ᠃  2 . ᠲᠠᠷᠠᠬᠠᠶ ᠪᠤᠲᠠᠷᠬᠠᠶ ᠲᠥᠪᠬᠢᠨᠡᠭᠦᠯᠬᠦ ᠭᠠᠵᠠᠷ 4       ( 1 ) ᠹᠦ᠋ ᠢᠦ᠋ᠶ ᠱᠤ᠋ ᠵᠣᠯ ᠵᠢᠷᠭᠠᠯᠲᠤ ᠲᠣᠮᠣ ᠬᠦᠷᠢᠶ᠎ᠡ᠄ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 2 ᠡᠷᠦᠬᠡ ᠶᠢ ᠲᠥᠪᠬᠢᠨᠡᠭᠦᠯᠵᠦ᠂ ᠲᠣᠰ ᠲᠥᠪᠬᠢᠨᠡᠭᠦᠯᠬᠦ‍ ᠴᠢᠭ ᠤᠨ ᠲᠥᠪᠬᠢᠨᠡᠭᠦᠯᠬᠦ ᠬᠡᠷ ᠪᠠᠶᠢᠰᠢᠩ  ᠢᠶᠠᠷ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠥᠪᠡᠰᠦᠪᠡᠨ ᠪᠠᠯᠠ ᠮᠥᠩᠭᠦ ᠴᠤᠭᠯᠠᠭᠤᠯᠬᠤ ᠥᠬᠡᠶ᠂ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠵᠥᠪᠬᠡᠨ ᠣᠷᠣᠰᠢᠨ ᠰᠠᠭᠤᠬᠤ ᠡᠷᠬᠡ ᠲᠠᠢ᠂ ᠬᠡᠷ ᠪᠠᠶᠢᠰᠢᠩ ᠤᠨ ᠥᠮᠴᠢᠯᠡᠬᠦ ᠡᠷᠬᠡ ᠨᠢ ᠨᠡᠭᠦᠯᠭᠡᠭᠰᠡᠨ ᠡᠷᠦᠬᠡ ᠶᠢᠨ ᠥᠮᠴᠢᠯᠡᠯ ᠳᠤ ᠬᠠᠷᠢᠶᠠᠯᠠᠭᠳᠠᠬᠤ ᠥᠬᠡᠶ  ᠃ ᠵᠢᠪᠬᠤᠯᠠᠩᠲᠤ ᠰᠤᠮᠤ ᠬᠠᠷᠢᠭᠤᠴᠠᠨ ᠵᠣᠬᠢᠶᠠᠨ ᠪᠠᠢᠭᠤᠯᠵᠤ᠂ ᠥᠮᠴᠢᠯᠡᠬᠦ ᠡᠷᠬᠡ ᠶᠢ ᠲᠣᠰᠬᠤᠨ ᠤ ᠬᠠᠮᠲᠤ ᠳᠤ ᠭᠦᠢᠴᠡᠳᠬᠡᠨ᠎ᠡ  ᠃       ( 2 ) ᠢᠦ᠋ᠶ ᠱᠤ᠋ ᠭᠧᠦ ᠶᠢᠨ ᠵᠣᠯ ᠵᠢᠷᠭᠠᠯᠲᠤ ᠲᠣᠮᠣ ᠬᠦᠷᠢᠶ᠎ᠡ᠄ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ 1 ᠶᠢ ᠲᠥᠪᠬᠢᠨᠡᠭᠦᠯᠵᠦ᠂ ᠲᠣᠰ ᠲᠥᠪᠬᠢᠨᠡᠭᠦᠯᠬᠦ ᠴᠡᠭ ᠤᠨ ᠲᠥᠪᠬᠢᠨᠡᠭᠦᠯᠬᠦ ᠬᠡᠷ ᠪᠠᠶᠢᠰᠢᠩ  ᠤᠨ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠥᠪᠡᠰᠦᠪᠡᠨ ᠪᠠᠯᠠ ᠮᠥᠩᠭᠦ ᠴᠤᠭᠯᠠᠭᠤᠯᠬᠤ ᠥᠬᠡᠶ᠂ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠵᠥᠪᠬᠡᠨ ᠣᠷᠣᠰᠢᠨ ᠰᠠᠭᠤᠬᠤ ᠡᠷᠬᠡ ᠲᠠᠢ᠂ ᠬᠡᠷ ᠪᠠᠶᠢᠰᠢᠩ ᠤᠨ ᠥᠮᠴᠢᠯᠡᠬᠦ ᠡᠷᠬᠡ ᠨᠢ ᠨᠡᠭᠦᠯᠭᠡᠬᠦ ᠡᠷᠦᠬᠡ ᠶᠢᠨ ᠥᠮᠴᠢᠯᠡᠯ ᠳᠤ ᠬᠠᠷᠢᠶᠠᠯᠠᠭᠳᠠᠬᠤ ᠥᠬᠡᠶ  ᠃ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ ᠭᠤᠶᠤᠴᠢᠯᠠᠨ ᠭᠦᠢᠴᠡᠳᠬᠡᠵᠦ᠂ ᠥᠮᠴᠢᠯᠡᠬᠦ ᠡᠷᠬᠡ ᠶᠢ  ᠨᠢ ᠳ᠋ᠡ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠢᠴᠡᠳᠬᠡᠨ᠎ᠡ  ᠃      ( 3 ) ᠱᠤ᠋ ᠭᠤᠸᠠᠩ ᠰᠢᠨ᠎ᠡ ᠲᠣᠰᠬᠤᠨ᠄ ᠲᠠᠩᠰᠠ ᠪᠠ ᠺᠠᠷᠲ ᠲᠠᠢ 5 ᠶᠠᠳᠠᠭᠤ ᠬᠦᠴᠢᠷᠳᠡᠯᠲᠡᠶ ᠡᠷᠦᠬᠡ ᠶᠢ ᠲᠥᠪᠬᠢᠨᠡᠭᠦᠯᠵᠦ᠂ ᠲᠣᠰ ᠲᠥᠪᠬᠢᠨᠡᠭᠦᠯᠬᠦ ᠴᠡᠭ ᠤᠨ 1 ᠡᠷᠦᠬᠡ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠥᠪᠡᠷ ᠢᠶᠠᠨ ᠴᠤᠭᠯᠠᠭᠤᠯᠤᠭᠰᠠᠨ ᠪᠠᠯᠠ ᠮᠥᠩᠭᠦ ᠪᠠᠶᠢᠬᠤ ᠥᠬᠡᠶ᠂ ᠪᠤᠰᠤᠳ 4 ᠡᠷᠦᠬᠡ ᠨᠢ ᠥᠪᠡᠷ ᠢᠶᠠᠨ ᠴᠤᠭᠯᠠᠭᠤᠯᠤᠭᠰᠠᠨ ᠪᠣᠯ ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠥᠬᠡᠶ  ᠃ ᠲᠤᠬᠠᠶ ᠶᠢᠨ ᠦᠶ᠎ᠡ ᠶᠢᠨ ᠬᠡᠯᠡᠯᠴᠡᠭᠡᠷ ᠶᠣᠰᠣᠭᠠᠷ᠂ ᠨᠡᠭᠦᠯᠭᠡᠨ ᠰᠢᠯᠵᠢᠭᠦᠯᠦᠭᠰᠡᠨ 5 ᠶᠠᠳᠠᠭᠤ ᠬᠦᠴᠢᠷᠳᠡᠯᠲᠡᠶ ᠡᠷᠦᠬᠡ ᠳᠤ ᠥᠮᠴᠢᠯᠡᠬᠦ ᠡᠷᠬᠡ ᠶᠢ ᠰᠠᠯᠭᠠᠬᠤ ᠬᠡᠯᠡᠯᠴᠡᠭᠡᠷ ᠪᠠ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠨ ᠰᠠᠭᠤᠴᠠ ᠶᠢᠨ ᠲᠠᠯᠠᠪᠠᠶ ᠶᠢᠨ ᠪᠠᠷᠢᠮᠵᠢᠶ᠎ᠠ ᠶᠣᠰᠣᠭᠠᠷ ᠬᠠᠮᠲᠤ ᠶᠢᠨ ᠥᠮᠴᠢᠯᠡᠬᠦ ᠡᠷᠬᠡ ᠪᠠ ᠬᠤᠪᠢ ᠬᠥᠮᠦᠨ ᠤ ᠥᠮᠴᠢᠯᠡᠬᠦ ᠡᠷᠬᠡ ᠶᠢ ᠭᠦᠶᠴᠡᠳᠬᠡᠨ᠎ᠡ  ᠃ ᠪᠡᠳᠺᠡᠷ ᠵᠤᠤ ᠪᠠᠯᠭᠠᠰᠤ ᠠᠴᠠ ᠵᠣᠬᠢᠶᠠᠨ ᠪᠠᠢᠭᠤᠯᠵᠤ᠂ ᠥᠮᠴᠢᠯᠡᠬᠦ ᠡᠷᠬᠡ ᠶᠢ ᠭᠦᠶᠴᠡᠳᠬᠡᠬᠦ ᠶᠢ ᠬᠠᠷᠢᠭᠤᠴᠠᠨ᠎ᠠ  ᠃     ( 4 ) ᠠᠮᠤᠭᠤᠯᠠᠩ ᠣᠷᠣᠨ ᠰᠠᠭᠤᠴᠠ᠄ 3 ᠶᠠᠳᠠᠭᠤ ᠬᠦᠴᠢᠷᠳᠡᠯᠲᠡᠢ ᠡᠷᠦᠬᠡ ᠶᠢ ᠲᠥᠪᠬᠢᠨᠡᠭᠦᠯᠵᠦ᠂ ᠡᠷᠦᠬᠡ ᠪᠦᠷᠢ ᠥᠪᠡᠷᠲᠡᠭᠡᠨ ᠲᠦᠮᠡᠨ ᠲᠥᠭᠦᠷᠢᠭ ᠴᠤᠭᠯᠠᠭᠤᠯᠤᠨ᠎ᠠ  ᠃ ᠲᠤᠬᠠᠶ ᠶᠢᠨ ᠦᠶ᠎ᠡ ᠶᠢᠨ ᠬᠡᠯᠡᠯᠴᠡᠭᠡᠷ ᠶᠣᠰᠣᠭᠠᠷ᠂ 3 ᠡᠷᠦᠬᠡ ᠨᠡᠭᠦᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠵᠥᠪᠬᠡᠨ ᠰᠠᠭᠤᠬᠤ ᠡᠷᠬᠡ ᠲᠠᠢ ᠪᠠᠶᠢᠵᠤ᠂ ᠬᠡᠷ ᠪᠠᠶᠢᠰᠢᠩ  ᠤᠨ ᠥᠮᠴᠢᠯᠡᠬᠦ ᠡᠷᠬᠡ ᠨᠢ ᠨᠡᠭᠦᠭᠰᠡᠨ ᠡᠷᠦᠬᠡ ᠳᠤ ᠬᠠᠷᠢᠶᠠᠯᠠᠭᠳᠠᠬᠤ ᠥᠬᠡᠶ  ᠃ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠭᠤᠶᠤᠴᠢᠯᠠᠨ ᠭᠦᠶᠴᠡᠳᠬᠡᠵᠦ᠂ ᠥᠮᠴᠢᠯᠡᠬᠦ ᠡᠷᠬᠡ ᠶᠢ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠭᠦᠶᠴᠡᠳᠬᠡᠵᠦ ᠥᠭᠭᠦᠨ᠎ᠡ  ᠃ᠳᠥᠷᠪᠡ᠂ᠬᠤᠶᠠᠷ ᠵᠡᠷᠭᠡ ᠳᠤᠨᠢ ᠨᠡᠭᠦᠯᠭᠡᠨ ᠲᠥᠪᠬᠢᠨᠡᠭᠦᠯᠬᠦ   1 . ᠱᠤ᠋ ᠭᠤᠸᠠᠩ ᠰᠢᠨ᠎ᠡ ᠲᠣᠰᠬᠤᠨ᠄ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠣᠯ ᠪᠠᠳᠺᠠᠷ ᠵᠣᠣ ᠪᠠᠯᠭᠠᠰᠤ᠂ 20 ᠡᠷᠦᠬᠡ ᠡᠩ ᠤᠨ ᠲᠠᠷᠢᠶᠠᠴᠢᠨ ᠡᠷᠦᠬᠡ ᠶᠢ ᠵᠡᠷᠭᠡᠪᠡᠷ ᠨᠡᠭᠦᠯᠭᠡᠵᠦ᠂ ᠪᠦᠷ ᠥᠪᠡᠷ  ᠢᠶᠠᠨ ᠴᠤᠭᠯᠠᠭᠤᠯᠤᠭᠰᠠᠨ ᠪᠠᠯᠠ ᠮᠥᠩᠭᠦ ᠲᠠᠢ᠂ ᠬᠡᠷ ᠪᠠᠶᠢᠰᠢᠩ ᠤᠨ ᠥᠮᠴᠢᠯᠡᠬᠦ ᠡᠷᠬᠡ ᠨᠢ ᠨᠡᠭᠦᠯᠭᠡᠭᠰᠡᠨ ᠡᠷᠦᠬᠡ ᠶᠢᠨ ᠥᠮᠴᠢᠯᠡᠯ ᠳᠤ ᠬᠠᠷᠢᠶᠠᠯᠠᠭᠳᠠᠨ᠎ᠠ  ᠃ ᠪᠡᠳᠺᠡᠷ ᠵᠣᠣ ᠪᠠᠯᠭᠠᠰᠤ ᠨᠢ ᠬᠠᠷᠢᠭᠤᠴᠠᠨ ᠵᠣᠬᠢᠶᠠᠨ ᠪᠠᠶᠢᠭᠤᠯᠵᠤ ᠭᠦᠶᠴᠡᠳᠬᠡᠨ᠂ ᠥᠮᠴᠢᠯᠡᠬᠦ ᠡᠷᠬᠡ ᠶᠢ ᠨᠢ ᠰᠢᠯᠵᠢᠭᠦᠯᠦᠨ ᠨᠡᠭᠦᠯᠭᠡᠬᠦ ᠡᠷᠦᠬᠡ ᠳᠤ ᠭᠦᠶᠴᠡᠳᠬᠡᠨ ᠥᠭᠴᠦ᠂ ᠲᠦᠷ ᠰᠢᠯᠵᠢᠭᠦᠯᠦᠨ ᠨᠡᠭᠦᠯᠭᠡᠬᠦ ᠡᠷᠦᠬᠡ ᠶᠢᠨ ᠨᠡᠷ᠎ᠡ ᠳᠣᠤᠷ᠎ᠠ ᠭᠦᠶᠴᠡᠳᠬᠡᠨ ᠥᠭᠴᠦ ᠳᠡᠶᠢᠯᠬᠦ ᠥᠬᠡᠶ ᠪᠣᠯ ᠤᠷᠢᠳᠠᠪᠠᠷ ᠪᠡᠳᠺᠡᠷ ᠵᠣᠣ ᠪᠠᠯᠭᠠᠰᠤᠨ ᠤ ᠨᠡᠷ᠎ᠡ ᠳᠣᠤᠷ᠎ᠠ ᠭᠦᠶᠴᠡᠳᠬᠡᠨ ᠥᠭᠴᠦ᠂ ᠳᠠᠷᠠᠭ᠎ᠠ ᠨᠢ ᠳᠠᠬᠢᠨ ᠰᠢᠯᠵᠢᠭᠦᠯᠦᠨ ᠳᠠᠩᠰᠠᠯᠠᠭᠤᠯᠬᠤ ᠶᠢ ᠬᠤᠪᠢ ᠬᠥᠮᠦᠨ ᠳᠤ ᠭᠦᠶᠴᠡᠳᠬᠡᠨ᠎ᠡ  ᠃   2 . ᠭᠠᠩ ᠹᠠᠩ ᠳ᠋ᠢ ᠵᠢᠷᠭᠠᠯᠠᠩᠲᠤ ᠬᠦᠷᠢᠶᠡᠯᠡᠩ᠄ ᠲᠥᠷᠥᠯ ᠵᠦᠶᠯ ᠤᠨ ᠨᠢᠭᠡᠴᠡ ᠨᠢ ᠪᠠᠳᠺᠠᠷ ᠵᠤᠤ ᠪᠠᠯᠭᠠᠰᠤ᠂ 7 ᠡᠷᠦᠬᠡ ᠡᠩ ᠤᠨ ᠲᠠᠷᠢᠶᠠᠴᠢᠨ ᠡᠷᠦᠬᠡ ᠶᠢ ᠨᠡᠭᠦᠯᠭᠡᠵᠦ᠂ ᠥᠪᠡᠷᠲᠡᠭᠡᠨ ᠴᠤᠭᠯᠠᠭᠤᠯᠤᠭᠰᠠᠨ ᠪᠠᠯᠠ ᠮᠥᠩᠭᠦ ᠥᠬᠡᠶ᠂ ᠭᠤᠣᠨᠢ ᠪᠡᠯᠪᠡᠰᠦᠨ ᠥᠨᠥᠴᠢᠨ ᠨᠠᠰᠤᠲᠠᠨ ᠳᠤ ᠬᠠᠷᠢᠶᠠᠯᠠᠭᠳᠠᠨ᠎ᠠ᠂ ᠨᠡᠭᠦᠯᠭᠡᠭᠰᠡᠨ ᠡᠷᠦᠬᠡ ᠨᠢ ᠵᠥᠪᠬᠡᠨ ᠰᠠᠭᠤᠬᠤ ᠡᠷᠬᠡ ᠲᠠᠢ᠂ ᠬᠡᠷ ᠪᠠᠶᠢᠰᠢᠩ ᠤᠨ ᠥᠮᠴᠢᠯᠡᠬᠦ ᠡᠷᠬᠡ ᠨᠢ ᠨᠡᠭᠦᠯᠭᠡᠭᠰᠡᠨ ᠡᠷᠦᠬᠡ ᠳᠤ ᠬᠠᠷᠢᠶᠠᠯᠠᠭᠳᠠᠬᠤ ᠥᠬᠡᠶ  ᠃ ᠪᠡᠳᠭᠡᠷ ᠵᠣᠣ ᠪᠠᠯᠭᠠᠰᠤ ᠬᠠᠷᠢᠭᠤᠴᠠᠨ ᠵᠣᠬᠢᠶᠠᠨ ᠪᠠᠶᠢᠭᠤᠯᠵᠤ᠂ ᠥᠮᠴᠢᠯᠡᠬᠦ ᠡᠷᠬᠡ ᠶᠢ ᠪᠡᠳᠭᠡᠷ ᠵᠣᠣ ᠪᠠᠯᠭᠠᠰᠤ ᠳᠤ ᠭᠦᠶᠴᠡᠳᠬᠡᠵᠦ ᠥᠭᠭᠦᠨ᠎ᠡ  ᠃ ᠲᠦᠷᠪᠡ᠂ ᠠᠵᠢᠯᠯᠠᠬᠤ ᠴᠠᠭ     2021 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠣᠷᠣᠨ ᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠦᠨᠡᠮᠯᠡᠯ ᠣᠯᠭᠤᠬᠤ ᠠᠵᠢᠯ ᠢ ᠪᠡᠶᠡᠯᠡᠭᠦᠯᠦᠨ᠎ᠡ︔ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠬᠠᠷᠢᠭᠤᠴᠠᠯᠭᠠᠲᠤ ᠨᠢᠭᠡᠴᠡ ᠨᠢ ᠬᠠᠮᠢᠶ᠎ᠠ ᠪᠥᠬᠦᠶ ᠭᠠᠷᠳᠠᠮ ᠢ ᠲᠡᠭᠦᠯᠳᠡᠷᠵᠢᠭᠦᠯᠦᠨ᠎ᠡ  ᠃ ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ     ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠰᠢᠭᠤᠶᠢᠲᠤ ᠣᠷᠣᠨ ᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠣᠷᠣᠨ ᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠤᠳᠤᠷᠢᠳᠤᠨ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ  ᠃ ᠪᠣᠳᠠᠲᠠᠢ ᠪᠦᠷᠢᠯᠳᠦᠬᠦᠨ ᠨᠢ ᠳᠣᠣᠷᠠᠬᠢ ᠮᠡᠲᠦ᠄  ᠳᠤᠭᠤᠶᠢᠯᠠᠩ ᠤᠨ ᠳᠠᠷᠤᠭ᠎ᠠ᠄ ᠯᠢ ᠰᠢᠶᠠᠩ    ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠳᠤᠭᠤᠶᠢᠯᠠᠩ ᠤᠨ ᠳᠡᠳ᠋ ᠳᠠᠷᠤᠭ᠎ᠠ᠄ ᠬᠤᠤ ᠴᠦᠨ ᠭᠤᠸᠠᠩ     ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ  ᠤᠨ ᠲᠣᠪᠴᠢᠶᠠᠨ ᠤ ᠳᠠᠷᠤᠭ᠎ᠠ ᠭᠡᠰᠢᠭᠦᠨ᠄ ᠯᠢ ᠲᠦᠩ     ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠶᠥᠨ ᠴᠧᠩ ᠽᠧ    ᠬᠤᠯᠠᠨᠲᠤ ᠰᠤᠮᠤ  ᠷᠧᠨ ᠸᠧᠨ ᠴᠢᠶᠠᠩ     ᠪᠠᠳᠺᠠᠷ ᠵᠣᠣ ᠪᠠᠯᠭᠠᠰᠤᠨ ᠤ ᠳᠠᠷᠤᠭ᠎ᠠᠯᠢ ᠪᠥᠸᠧ ᠪᠠᠶ    ᠬᠤ᠋ ᠭᠸᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢᠸᠠᠩ ᠽᠦᠸᠧ    ᠳ᠋ᠡ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢᠦ ᡁᠢ ᠴᠢᠶᠠᠩ   ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠰᠢᠶᠤᠤ ᠹᠧᠩ      ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ( ᠵᠠᠰᠠᠭ ᠵᠠᠬᠢᠷᠭᠠᠨ ᠤ ᠠᠵᠢᠯ ᠢ ᠡᠷᠭᠢᠯᠡᠳᠡᠭ )ᠶᠠᠩ ᠶᠦᠩ     ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠᠵᠢᠶᠠ ᠶᠠᠨ ᠳ᠋ᠢ     ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠵᠢᠶᠠ ᠶᠦᠨ ᠯᠦᠩ   ᠲᠣᠭᠤᠷᠢᠭ ᠤᠨ ᠭᠠᠶᠢᠯᠢ ᠶᠢᠨ ᠲᠣᠪᠴᠢᠶᠠᠨ ᠤ ᠳᠠᠷᠤᠭ᠎ᠠ ᠸᠠᠩ ᠯᠢ ᠮᠢᠨ  ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ     ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠤ ᠴᠦᠨ ᠭᠤᠸᠠᠩ ᠬᠠᠪᠰᠤᠷᠭᠠᠨ ᠡᠭᠦᠷᠭᠡᠯᠡᠨ᠎ᠡ  ᠃ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠰᠢᠮᠳᠠᠭᠤᠯᠤᠨ ᠪᠠᠶᠢᠴᠠᠭᠠᠬᠤ ᠪᠠ ᠡᠳᠦᠷ ᠲᠤᠲᠤᠮ ᠤᠨ ᠵᠣᠬᠢᠴᠠᠭᠤᠯᠬᠤ ᠠᠵᠢᠯ ᠢ ᠪᠣᠳᠠᠲᠠᠶ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠢ ᠰᠠᠶᠢᠲᠤᠷ ᠬᠢᠨ᠎ᠠ  ᠃ ᠤᠳᠤᠷᠢᠳᠬᠤ ᠳᠤᠭᠤᠶᠢᠯᠠᠩ ᠤᠨ ᠬᠥᠮᠦᠰ ᠢ ᠰᠢᠯᠵᠢᠭᠦᠯᠬᠦ ᠳᠤ ᠬᠦᠷᠪᠡᠯ᠂ ᠰᠠᠯᠠᠭ᠎ᠠ ᠮᠥᠴᠢᠷ ᠪᠣᠯᠤᠨ ᠲᠤᠰᠢᠶᠠᠯ ᠢ ᠨᠢ ᠬᠤᠪᠢᠷᠠᠭᠤᠯᠵᠤ᠂ ᠠᠰ ᠲᠤᠨᠢ ᠪᠢᠴᠢᠭ ᠮᠠᠲ᠋ᠧᠷᠢᠶᠠᠯ ᠪᠠᠭᠤᠯᠭᠠᠬᠤ ᠦᠭᠡᠶ  ᠃ ᠵᠢᠷᠭᠤᠭ᠎ᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ   ( ᠨᠢᠭᠡ ) ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ 《 ᠰᠢᠭᠤᠶᠢᠲᠤ ᠣᠷᠣᠨ ᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠬᠡᠷ ᠪᠠᠶᠢᠰᠢᠩ ᠢ ᠳᠠᠩᠰᠠᠯᠠᠬᠤ ᠠᠵᠢᠯ ᠤᠨ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠬᠤ ᠵᠢᠴᠢ ᠦᠨᠡᠮᠯᠡᠯ ᠣᠯᠭᠤᠬᠤ ᠶᠠᠪᠤᠴᠠ ᠳᠤ ᠲᠣᠭᠤᠷᠢᠭ ᠤᠨ ᠵᠠᠰᠠᠭ ᠤᠨ ᠣᠷᠳᠣᠨ ᠠᠴᠠ ᠭᠠᠷᠭᠠᠵᠤ ᠥᠭᠬᠦ ᠴᠢᠬᠤᠯᠠᠲᠠᠶ ᠪᠢᠴᠢᠭ ᠮᠠᠲ᠋ᠧᠷᠢᠶᠠᠯ ᠢ ᠲᠣᠭᠲᠠᠭᠠᠵᠤ ᠲᠠᠷᠬᠠᠭᠠᠬᠤ ᠶᠢ ᠬᠠᠷᠢᠭᠤᠴᠠᠨ᠎ᠠ  ᠃   ( ᠬᠤᠶᠠᠷ ) ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠭᠠᠵᠠᠷ ᠣᠷᠣᠨ ᠨᠢ ᠲᠠᠷᠢᠶᠠᠯᠠᠩ ᠢ ᠰᠢᠯᠵᠢᠭᠦᠯᠦᠨ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠬᠠᠮᠢᠶ᠎ᠠ ᠪᠦᠬᠦᠢ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠬᠠᠷᠢᠭᠤᠴᠠᠵᠤ᠂ ᠬᠠᠮᠢᠶ᠎ᠠ ᠪᠦᠬᠦᠢ ᠵᠠᠷᠤᠳᠠᠯ ᠢ ᠨᠠᠶᠢᠳᠠᠪᠤᠷᠢᠵᠢᠭᠤᠯᠤᠨ᠎ᠠ︔ ᠭᠤᠶᠤᠴᠢᠯᠠᠬᠤ ᠪᠡᠶᠡᠴᠢ ᠴᠣᠭᠴᠠ ᠪᠤᠶᠤ ᠭᠠᠴᠠᠭᠠᠨ ᠤ ᠵᠥᠪᠯᠡᠯ ᠢ ᠵᠣᠬᠢᠶᠠᠨ ᠪᠠᠶᠢᠭᠤᠯᠵᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠳᠠᠩᠰᠠᠯᠠᠭᠤᠯᠬᠤ ᠪᠠᠷ ᠭᠤᠶᠤᠴᠢᠯᠠᠵᠤ᠂ ᠬᠤᠯᠪᠣᠭᠳᠠᠯ ᠪᠥᠬᠦᠶ ᠡᠮᠦᠨᠡᠬᠢ ᠬᠤᠭᠤᠴᠠᠭᠠᠨ ᠤ ᠮᠠᠲ᠋ᠧᠷᠢᠶᠠᠯ ᠢᠶᠠᠨ ᠲᠤᠰᠢᠶᠠᠨ᠎ᠠ︔ ᠭᠠᠳᠠᠷ ᠠᠵᠢᠯ ᠤᠨ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ ᠶᠢ ᠬᠠᠷᠢᠭᠤᠴᠠᠨ᠎ᠠ︔ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠭᠠᠷᠳᠠᠮ ᠢ ᠨᠥᠬᠦᠵᠦ ᠭᠦᠢᠴᠡᠳᠬᠡᠬᠦ ᠶᠢ ᠬᠠᠷᠢᠭᠤᠴᠠᠨ᠎ᠠ︔ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ ᠲᠠᠢ ᠬᠠᠮᠵᠢᠯᠴᠠᠨ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠬᠥᠮᠦᠨ ᠠᠮᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ  ᠃  ( ᠭᠤᠷᠪᠠ ) ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠪᠠᠶᠢᠳᠠᠯ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠳᠠᠩᠰᠠᠯᠠᠭᠤᠯᠤᠭᠰᠠᠨ ᠡᠷᠦᠬᠡ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ  ᠃ ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠪᠬᠢᠨᠡᠭᠦᠯᠬᠦ ᠣᠷᠣᠨ ᠰᠠᠭᠤᠴᠠ ᠶᠢ ᠳᠠᠩᠰᠠᠯᠠᠬᠤ ᠠᠵᠢᠯ ᠢ ᠡᠮᠬᠢᠯᠡᠬᠦ ᠶᠢᠨ ᠬᠠᠮᠲᠤ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠡᠯ᠎ᠡ ᠰᠠᠯᠠᠭ᠎ᠠ ᠮᠥᠴᠢᠷ  ᠢ ᠰᠢᠮᠳᠠᠭᠤᠯᠵᠤ ᠪᠠᠶᠢᠭᠠᠳ ᠴᠠᠭ ᠬᠤᠭᠤᠴᠠᠭ᠎ᠠ ᠶᠣᠰᠣᠭᠠᠷ ᠭᠠᠷᠳᠠᠮ ᠢ ᠨᠥᠬᠦᠵᠦ ᠭᠦᠶᠴᠡᠳᠬᠡᠯᠭᠡᠬᠦ ᠬᠡᠷᠡᠭᠲᠡᠶ  ᠃   ( ᠳᠥᠷᠪᠡ ) ᠣᠷᠣᠨ ᠤ ᠡᠳ᠋ ᠤᠨ ᠵᠠᠰᠠᠭ ᠤᠨ ᠲᠣᠪᠴᠢᠶ᠎ᠠ ᠨᠢ ᠵᠠᠷᠤᠳᠠᠯ ᠢ ᠪᠠᠲᠤᠯᠠᠬᠤ ᠠᠵᠢᠯ ᠢ ᠬᠠᠷᠢᠭᠤᠴᠠᠬᠤ ᠬᠡᠷᠡᠭᠲᠡᠶ  ᠃   ( ᠲᠠᠪᠤ ) ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠳᠡᠩᠰᠡᠯᠡᠨ ᠲᠡᠮᠳᠡᠭᠯᠡᠬᠦ ᠠᠵᠢᠯ ᠢ ᠭᠦᠶᠴᠡᠳᠬᠡᠬᠦ ᠳᠤ ᠬᠡᠷᠡᠭᠰᠡᠬᠦ ᠮᠠᠲ᠋ᠧᠷᠢᠶᠠᠯ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠬᠦ ᠪᠠ ᠬᠠᠩᠭᠠᠬᠤ ᠶᠢ ᠬᠠᠷᠢᠭᠤᠴᠠᠨ᠎ᠠ︔ ᠲᠠᠷᠢᠶᠠᠯᠠᠩ ᠳᠤ ᠰᠢᠯᠵᠢᠭᠦᠯᠦᠨ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠪᠣᠯᠤᠨ ᠭᠠᠵᠠᠷ ᠰᠢᠷᠣᠶ ᠶᠢᠨ ᠭᠠᠷᠳᠠᠮ ᠢ ᠭᠦᠶᠴᠡᠳᠬᠡᠬᠦ ᠶᠢ ᠬᠠᠷᠢᠭᠤᠴᠠᠨ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠬᠠᠮᠢᠶ᠎ᠠ ᠪᠥᠬᠦᠶ ᠭᠠᠵᠠᠷ ᠣᠷᠣᠨ ᠢ ᠵᠢᠯᠣᠭᠤᠳᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ  ᠶᠢᠨ ᠵᠥᠪᠰᠢᠶᠡᠷᠡᠯ ᠤᠨ ᠭᠠᠷᠳᠠᠮ ᠢ ᠭᠦᠶᠴᠡᠳᠬᠡᠬᠦ ᠶᠢ ᠲᠦᠷᠭᠡᠳᠬᠡᠨ ᠠᠬᠢᠭᠤᠯᠤᠨ᠎ᠠ︔ ᠣᠷᠣᠨ ᠤ ᠵᠠᠰᠠᠭ ᠤᠨ ᠣᠷᠳᠣᠨ ᠤ ᠭᠠᠷᠭᠠᠭᠰᠠᠨ ᠠᠮᠠᠯᠠᠯᠲᠠ ᠶᠢᠨ ᠪᠢᠴᠢᠭ ᠪᠠ 《 ᠠᠵᠢᠯ ᠤᠨ ᠲᠥᠰᠦᠯ 》 ᠤᠨ ᠶᠣᠰᠣᠭᠠᠷ ᠤᠷᠢᠳᠠᠪᠠᠷ ᠳᠡᠩᠰᠡᠯᠡᠨ ᠲᠡᠮᠳᠡᠭᠯᠡᠵᠦ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠡᠩᠰᠡᠯᠡᠨ ᠲᠡᠮᠳᠡᠭᠯᠡᠬᠦ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ  ᠃   ( ᠵᠢᠷᠭᠤᠭ᠎ᠠ ) ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ 《 ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠲᠡᠮᠳᠡᠭᠯᠡᠬᠦ ᠬᠦᠰᠦᠨᠦᠭᠲᠦ 》 ᠶᠢ ᠨᠥᠬᠦᠵᠦ ᠭᠦᠶᠴᠡᠳᠬᠡᠬᠦ ᠳᠤ ᠨᠡᠶᠢᠴᠡᠬᠦ ᠲᠥᠷᠥᠯ ᠵᠦᠶᠯ ᠳᠤ ᠭᠠᠷ ᠭᠦᠶᠴᠡᠳᠬᠡᠯ ᠨᠥᠬᠦᠵᠦ ᠬᠢᠬᠦ ᠶᠢ ᠬᠠᠷᠢᠭᠤᠴᠠᠬᠤ ᠬᠡᠷᠡᠭᠲᠡᠶ  ᠃ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ᠂ ᠶᠠᠰᠤ ᠴᠢᠨᠠᠷ᠂ ᠠᠮᠤᠷ ᠲᠦᠪᠰᠢᠨ ᠤ ᠮᠠᠲ᠋ᠧᠷᠢᠶᠠᠯ ᠢ ᠭᠦᠶᠴᠡᠳ ᠭᠦᠶᠴᠡᠳᠬᠡᠭᠰᠡᠨ ᠥᠬᠡᠶ ᠪᠤᠶᠤ ᠶᠠᠰᠤ ᠴᠢᠨᠠᠷ᠂ ᠠᠮᠤᠷ ᠲᠦᠪᠰᠢᠨ ᠤ ᠮᠠᠲ᠋ᠧᠷᠢᠶᠠᠯ ᠢ ᠬᠠᠩᠭᠠᠬᠤ ᠶᠢᠨ ᠠᠷᠭ᠎ᠠ ᠥᠬᠡᠶ ᠲᠥᠷᠥᠯ ᠵᠦᠶᠯ ᠳᠤ᠂ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠨᠢᠭᠡᠴᠡ ᠶᠢ ᠰᠢᠮᠳᠠᠭᠤᠯᠵᠤ ᠪᠠᠶᠢᠭᠠᠳ ᠬᠢᠷᠢ ᠬᠡᠮ ᠲᠠᠢ ᠪᠠᠶᠢᠴᠠᠭᠠᠨ ᠰᠢᠨᠵᠢᠵᠦ ᠬᠢᠨᠠᠨ ᠲᠣᠭᠲᠠᠭᠠᠬᠤ ᠪᠠᠶᠢᠭᠤᠯᠤᠮᠵᠢ ᠳᠤ ᠨᠠᠶᠢᠳᠠᠨ ᠬᠡᠷ ᠪᠠᠶᠢᠰᠢᠩ ᠤᠨ ᠪᠦᠲᠦᠴᠡ ᠶᠢᠨ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠪᠠ ᠭᠤᠤᠯ ᠬᠡᠷᠡᠭᠯᠡᠬᠦ ᠴᠢᠳᠠᠮᠵᠢ ᠳᠤ ᠪᠠᠶᠢᠴᠠᠭᠠᠨ ᠰᠢᠨᠵᠢᠵᠦ ᠬᠢᠨᠠᠨ ᠲᠣᠭᠲᠠᠭᠠᠯᠲᠠ ᠬᠢᠬᠦ ᠶᠢᠨ ᠬᠠᠮᠲᠤ᠂ ᠬᠢᠨᠠᠨ ᠲᠣᠭᠲᠠᠭᠠᠭᠰᠠᠨ ᠮᠡᠳᠡᠭᠦᠯᠦᠯᠲᠡ ᠭᠠᠷᠭᠠᠵᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠡᠷ ᠪᠠᠶᠢᠰᠢᠩ ᠤᠨ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠢ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠦᠨᠳᠦᠰᠦᠯᠡᠨ ᠪᠦᠲᠦᠴᠡ ᠶᠢᠨ ᠠᠮᠤᠷ ᠲᠦᠪᠰᠢᠨ ᠨᠠᠶᠢᠳᠠᠪᠤᠷᠢᠲᠠᠶ᠂ ᠴᠢᠬᠤᠯᠠ ᠶᠡᠭᠡ ᠬᠡᠷᠡᠭᠯᠡᠬᠦ ᠴᠢᠳᠠᠮᠵᠢ ᠶᠢᠨ ᠬᠡᠮ ᠰᠣᠭᠤᠭ ᠥᠬᠡᠶ ᠲᠥᠷᠥᠯ ᠵᠦᠶᠯ ᠳᠤ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠳᠠᠩᠰᠠᠯᠠᠯᠳᠠ ᠬᠢᠬᠦ ᠶᠢ ᠵᠥᠪᠰᠢᠶᠡᠷᠡᠭᠰᠡᠨ ᠰᠠᠨᠠᠯ ᠭᠠᠷᠭᠠᠯᠭᠠᠬᠤ ᠬᠡᠷᠡᠭᠲᠡᠶ  ᠃ ᠬᠢᠮᠳᠠ ᠣᠷᠣᠨ ᠰᠠᠭᠤᠴᠠ  ᠲᠠᠢ ᠭᠡᠷ ᠣᠷᠣᠨ ᠳᠤ ᠬᠤᠯᠪᠣᠭᠳᠠᠬᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠡᠷᠦᠬᠡ ᠶᠢᠨ ᠦᠯᠦ ᠬᠥᠳᠡᠯᠬᠦ ᠬᠥᠷᠥᠩᠭᠡ ᠳᠠᠩᠰᠠᠯᠠᠬᠤ ᠭᠤᠶᠤᠴᠢᠯᠠᠯ ᠤᠨ ᠠᠵᠢᠯ ᠢ ᠬᠠᠷᠢᠭᠤᠴᠠᠨ᠎ᠠ  ᠃    ( ᠳᠣᠯᠤᠭ᠎ᠠ ) ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠨᠢ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ᠂ ᠡᠯ᠎ᠡ ᠬᠠᠮᠢᠶ᠎ᠠ ᠪᠦᠬᠦᠢ ᠭᠠᠵᠠᠷ ᠣᠷᠣᠨ ᠨᠤᠭᠤᠳ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠬᠥᠮᠦᠨ ᠠᠮᠠ ᠶᠢᠨ ᠦᠨᠳᠦᠰᠦᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ  ᠃    ( ᠨᠠᠶᠮᠠ ) ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠦᠶᠯ ᠤᠨ ᠭᠠᠶᠢᠯᠢ ᠲᠤᠰᠢᠶᠠᠭᠰᠠᠨ ᠭᠡᠷᠡᠴᠢ ᠪᠤᠶᠤ ᠭᠠᠶᠢᠯᠢ ᠬᠠᠰᠤᠵᠤ ᠬᠡᠯᠲᠦᠷᠢᠭᠦᠯᠬᠦ ᠭᠡᠷᠡᠴᠢ ᠮᠠᠲ᠋ᠧᠷᠢᠶᠠᠯ ᠭᠠᠷᠭᠠᠵᠤ ᠥᠭᠭᠦᠨ᠎ᠡ  ᠃ ᠲᠤᠯᠤᠭ᠎ᠠ᠂ ᠠᠵᠢᠯ ᠤᠨ ᠱᠠᠭᠠᠷᠳᠠᠯᠭ᠎ᠠ     ( ᠨᠢᠭᠡ ) ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ  ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂ ᠡᠨᠡ ᠬᠦ ᠠᠵᠢᠯ ᠤᠨ ᠴᠢᠬᠤᠯᠠ ᠴᠢᠨᠠᠷ᠂ ᠲᠥᠪ ᠴᠢᠩᠭ᠎ᠠ ᠴᠢᠨᠠᠷ ᠢ ᠭᠦᠢᠴᠡᠳ ᠲᠠᠨᠢᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ᠂ ᠵᠠᠪᠰᠠᠷ ᠦᠭᠡᠢ ᠵᠣᠯᠭᠠᠭᠤᠯᠬᠤ ᠶᠢ ᠬᠡᠷᠡᠭᠵᠢᠭᠦᠯᠵᠦ᠂ ᠳᠠᠩᠰᠠᠯᠠᠬᠤ ᠠᠵᠢᠯ ᠢ ᠲᠣᠭᠲᠠᠭᠰᠠᠨ ᠴᠠᠭ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ  ᠃  ( ᠬᠤᠶᠠᠷ ) ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ  ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠪᠣᠳᠠᠲᠠᠶ ᠠᠵᠢᠯ ᠤᠨ ᠡᠭᠦᠷᠭᠡ ᠪᠣᠯᠤᠨ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠲᠤᠰᠬᠠᠶ ᠬᠥᠮᠦᠨ ᠲᠣᠬᠢᠷᠠᠭᠤᠯᠬᠤ ᠪᠠ ᠪᠣᠳᠠᠲᠠᠶ ᠬᠠᠷᠢᠭᠤᠴᠠᠭᠰᠠᠨ ᠲᠦᠷᠦᠭᠦᠯᠡᠨ ᠤᠳᠤᠷᠢᠳᠬᠤ ᠪᠠᠨ ᠨᠢᠭᠡᠳ ᠨᠢᠭᠡ  ᠪᠠᠷ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠶ᠃ ᠪᠠᠶᠢᠳᠠᠯ ᠢ ᠱᠠᠯᠠᠪᠳᠠᠨ ᠲᠣᠳᠣᠷᠬᠠᠶ ᠣᠶᠢᠯᠠᠭᠠᠵᠤ᠂ ᠠᠰᠠᠭᠤᠳᠠᠯ ᠤᠨ ᠨᠠᠷᠢᠨ ᠳᠠᠩᠰᠠ ᠶᠢ ᠡᠮᠬᠢᠯᠡᠨ᠂ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ ᠂ ᠡᠷᠬᠡᠪᠰᠢ ᠡᠨᠡ ᠵᠢᠯ ᠤᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠠᠮᠢᠶ᠎ᠠ ᠪᠦᠬᠦᠢ ᠳᠠᠩᠰᠠᠯᠠᠨ ᠲᠡᠮᠳᠡᠭᠯᠡᠬᠦ ᠶᠢᠨ ᠤᠷᠢᠳᠠᠴᠢ ᠭᠠᠷᠳᠠᠮ ᠢ ᠨᠢᠭᠡᠳᠦᠯᠲᠡᠶ ᠨᠥᠬᠦᠨ ᠭᠦᠢᠴᠡᠳᠬᠡᠵᠦ ᠲᠡᠭᠦᠯᠳᠡᠷᠵᠢᠭᠦᠯᠬᠦ ᠶᠢᠨ ᠬᠠᠮᠲᠤ ᠴᠠᠭ ᠲᠤᠬᠠᠶ ᠳᠤᠨᠢ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ  ᠃    ( ᠭᠤᠷᠪᠠ ) ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ᠠᠵᠢᠯ ᠢ ᠰᠢᠮᠳᠠᠭᠤᠯᠤᠨ ᠭᠦᠢᠴᠡᠳᠬᠡᠯᠭᠡᠬᠦ᠂ ᠰᠢᠮᠳᠠᠭᠤᠯᠤᠨ ᠵᠢᠯᠣᠭᠤᠳᠬᠤ᠂ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠠᠯᠪᠠᠨ ᠭᠡᠷ ᠲᠦᠷᠦᠭᠦᠯᠡᠨ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠳᠦᠷᠢᠮ ᠢ ᠪᠠᠶᠢᠭᠤᠯᠵᠤ᠂ ᠠᠵᠢᠯᠯᠠᠭ᠎ᠠ ᠨᠢ ᠤᠳᠠᠭᠠᠨ᠂ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠦᠭᠰᠡᠨ ᠦᠭᠡᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠨᠡᠪᠲᠡᠷᠡᠭᠦᠯᠦᠨ ᠰᠢᠭᠦᠮᠵᠢᠯᠡᠵᠦ᠂ ᠬᠠᠷᠢᠯᠴᠠᠨ ᠲᠦᠯᠬᠢᠯᠴᠡᠵᠦ᠂ ᠠᠵᠢᠯ ᠤᠨ ᠠᠬᠢᠴᠠ ᠪᠠᠷ ᠤᠳᠠᠭᠠᠨ ᠪᠠᠶᠢᠭ᠎ᠠ ᠤᠳᠤᠷᠢᠳᠤᠯᠭ᠎ᠠ ᠲᠠᠢ ᠰᠡᠷᠡᠮᠵᠢᠯᠡᠭᠦᠯᠦᠨ ᠪᠣᠯᠵᠣᠨ ᠶᠠᠷᠢᠯᠴᠠᠬᠤ ᠶᠢ ᠥᠷᠨᠢᠭᠦᠯᠬᠦ ᠠᠴᠠ ᠠᠪᠤᠭᠠᠳ ᠬᠠᠷᠢᠭᠤᠴᠠᠯᠭ᠎ᠠ ᠨᠡᠬᠡᠮᠵᠢᠯᠡᠵᠦ᠂ ᠴᠡᠭᠴᠡᠯᠡᠨ ᠵᠠᠰᠠᠬᠤ ᠠᠵᠢᠯ ᠤᠨ ᠬᠢᠨᠠᠮᠠᠭᠠᠶ ᠪᠥᠭᠡᠳ ᠥᠨᠳᠥᠷ ᠦᠷ᠎ᠡ ᠪᠦᠲᠦᠮᠵᠢᠲᠡᠶ ᠥᠷᠨᠢᠬᠦ ᠶᠢ ᠠᠬᠢᠭᠤᠯᠬᠤ ᠬᠡᠷᠡᠭᠲᠡᠶ  ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号