《 ᠰᠢᠭᠤᠶᠢᠲᠤ ᠲᠣᠭᠤᠷᠢᠭ ‍ᠤᠨ‌ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠬᠠᠮᠢᠶᠠᠷᠤᠯᠲᠠ ᠶᠢᠨ ᠠᠷᠭ᠎ᠠ  ᠶᠢ ᠳᠠᠷᠤᠮᠠᠯᠯᠠᠨ ᠲᠠᠷᠬᠠᠭᠠᠬᠤ ᠲᠤᠬᠠᠶ  ( ᠲᠤᠷᠰᠢᠨ ᠬᠡᠷᠡᠭᠵᠢᠭᠦᠯᠬᠦ ) 》  ᠶᠢᠨ ᠮᠡᠳᠡᠭᠳᠡᠯ
ᠨᠡᠶᠢᠲᠡᠯᠡᠭᠰᠡᠨ ᠴᠠᠭ᠄
2021/11/30
     ᠱᠢ ᠹᠦ᠋ ᠠᠯᠪᠠᠨ ᠲᠠᠷᠬᠠᠭᠠᠭᠰᠠᠨ 〔2021〕21 ᠳ᠋ᠦ᠋ᠭᠡᠷ ᠲᠣᠭᠠᠲᠤ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  《 ᠰᠢᠭᠤᠶᠢᠲᠤ ᠣᠷᠣᠨ ᠤ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠬᠠᠮᠢᠶᠠᠷᠤᠯᠲᠠ ᠶᠢᠨ ᠠᠷᠭ᠎ᠠ   ᠶᠢ ᠳᠠᠷᠤᠮᠠᠯᠯᠠᠨ ᠲᠠᠷᠬᠠᠭᠠᠬᠤ ᠲᠤᠬᠠᠶ  ( ᠲᠤᠷᠰᠢᠨ ᠬᠡᠷᠡᠭᠵᠢᠭᠦᠯᠬᠦ ) 》 ᠶᠢᠨ ᠮᠡᠳᠡᠭᠳᠡᠯ ᠰᠢᠭᠤᠶᠢᠲᠤ ᠣᠷᠣᠨ ᠤ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠄      ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠯ ᠤᠨ ᠪᠣᠬᠢᠷᠲᠤᠯ ᠢ ᠵᠠᠰᠠᠬᠤ ᠪᠠᠨ ᠴᠢᠩᠭᠠᠳᠬᠠᠨ᠂ ᠮᠠᠨ ᠤ ᠣᠷᠣᠨ ᠤ ᠨᠡᠭᠦᠷᠡᠰᠦᠨ ᠴᠢᠯᠠᠭᠤᠨ ᠤ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠠᠵᠢᠯ ᠢ ᠦᠨᠡᠨᠬᠦ ᠲᠦᠯᠬᠢᠨ ᠠᠬᠢᠭᠤᠯᠵᠤ᠂ ᠨᠡᠭᠦᠷᠡᠰᠦᠨ ᠴᠢᠯᠠᠭᠤ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠶᠢᠨ ᠲᠤᠰᠠᠳᠠ᠂ ᠡᠳᠦᠭᠡ 《 ᠰᠢᠭᠤᠶᠢᠲᠤ ᠣᠷᠣᠨ ᠤ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ ) 》 ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ  ᠃    ᠰᠢᠭᠤᠶᠢᠲᠤ ᠣᠷᠣᠨ ᠤ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ )     ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠯ ᠤᠨ ᠪᠣᠬᠢᠷᠲᠤᠯ ᠢ ᠵᠠᠰᠠᠬᠤ ᠪᠠᠨ ᠴᠢᠩᠭᠠᠳᠬᠠᠨ᠂ ᠮᠠᠨ  ᠤ ᠣᠷᠣᠨ ᠤ ᠨᠡᠭᠦᠷᠡᠰᠦᠨ ᠴᠢᠯᠠᠭᠤᠨ ᠤ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠠᠵᠢᠯ ᠢ ᠦᠨᠡᠨᠬᠦ ᠲᠦᠯᠬᠢᠨ ᠠᠬᠢᠭᠤᠯᠵᠤ᠂ ᠨᠡᠭᠦᠷᠡᠰᠦᠨ ᠴᠢᠯᠠᠭᠤ ᠶᠢ ᠳᠤᠷ᠎ᠠ ᠪᠠᠷ ᠢᠶᠠᠨ ᠣᠪᠣᠭᠠᠯᠠᠨ ᠲᠠᠯᠪᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠶᠢᠨ ᠲᠤᠰᠠᠳᠠ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠣᠨᠴᠣᠭᠤᠶᠢᠯᠠᠨ ᠲᠤᠰ ᠠᠷᠭ᠎ᠠ ᠶᠢ ᠲᠣᠭᠲᠠᠭᠠᠪᠠ  ᠃ ᠨᠢᠭᠡ᠂ ᠵᠢᠯᠣᠭᠤᠳᠬᠤ ᠦᠵᠡᠯ ᠰᠠᠨᠠᠭ᠎ᠠ     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠤᠯ ᠪᠣᠯᠭᠠᠵᠤ᠂ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠬᠦ ᠪᠠᠷ ᠭᠤᠤᠯᠳᠠᠯᠭ᠎ᠠ ᠪᠣᠯᠭᠠᠨ᠂ ᠬᠠᠤᠯᠢ ᠲᠣᠭᠲᠠᠭᠠᠯ ᠶᠣᠰᠣᠭᠠᠷ ᠨᠠᠷᠢᠯᠢᠭ ᠬᠠᠮᠢᠶᠠᠷᠬᠤ ᠪᠠᠷ ᠴᠢᠭᠯᠡᠯ ᠪᠣᠯᠭᠠᠵᠤ᠂ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠰᠤᠯᠠᠷᠠᠭᠤᠯᠤᠯ ᠥᠬᠡᠶ ᠪᠠᠷᠢᠮᠲᠠᠯᠠᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠠᠮᠢ ᠠᠬᠤᠶ ᠶᠢ ᠤᠷᠢᠳ  ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠲᠡᠶ  ᠃ ᠬᠤᠶᠠᠷ᠂ ᠠᠵᠢᠯ ᠤᠨ ᠬᠠᠷᠠᠯᠲᠠ  《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ 》᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ 》᠂ 《 ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠬᠠᠮᠢᠶᠠᠷᠤᠯᠲᠠ ᠶᠢᠨ ᠠᠷᠭ᠎ᠠ 》 ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶᠢᠯᠡᠨ ᠠᠰᠢᠭᠯᠠᠬᠤ ᠪᠠᠷ ᠭᠤᠣᠯ ᠪᠣᠯᠭᠠᠨ᠂ ᠵᠢᠷᠤᠮᠵᠢᠭᠤᠯᠤᠨ ᠰᠢᠶᠳᠪᠦᠷᠢᠯᠡᠬᠦ ᠪᠠᠷ ᠬᠠᠪᠰᠤᠷᠤᠮᠵᠢ ᠪᠣᠯᠭᠠᠬᠤ ᠵᠠᠷᠴᠢᠮ ᠢ ᠪᠠᠷᠢᠮᠲᠠᠯᠠᠨ᠂ ᠨᠡᠭᠦᠷᠡᠰᠦᠨ ᠴᠢᠯᠠᠭᠤ ᠶᠢ ᠵᠦᠢ ᠵᠣᠬᠢᠰᠲᠠᠶ ᠠᠰᠢᠭᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠡᠭᠦᠷᠡᠰᠦᠨ ᠴᠢᠯᠠᠭᠤ ᠶᠢ ᠣᠪᠣᠭᠠᠯᠠᠨ ᠲᠠᠯᠪᠢᠬᠤ ᠠᠵᠢᠯ ᠢ ᠵᠢᠷᠤᠮᠵᠢᠭᠤᠯᠤᠨ᠂ ᠬᠠᠷᠢᠶ᠎ᠠ ᠣᠷᠣᠨ ᠤ ᠳᠣᠲᠣᠷᠠᠬᠢ ᠭᠤᠣᠯ ᠴᠣᠭᠴᠠ ᠨᠢ ᠤᠰᠠᠳᠤᠭᠰᠠᠨ ᠨᠡᠭᠦᠷᠡᠰᠦᠨ ᠴᠢᠯᠠᠭᠤᠨ ᠲᠠᠯᠠᠪᠠᠶ ᠶᠢ ᠠᠯᠬᠤᠮ ᠠᠯᠬᠤᠮ ᠢᠶᠠᠷ ᠶᠡᠷᠦᠩᠬᠡᠶᠢᠯᠡᠨ ᠵᠠᠰᠠᠨ᠎ᠠ  ᠃ ᠭᠤᠷᠪᠠ᠂ ᠭᠤᠣᠯ ᠡᠭᠦᠷᠭᠡ    ( ᠨᠢᠭᠡ ) ᠲᠡᠦᠬᠡ ᠶᠢᠨ ᠦᠯᠡᠳᠡᠭᠳᠡᠯ ᠢ ᠲᠣᠳᠣᠷᠬᠠᠶ ᠣᠶᠢᠯᠠᠭᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠬᠤ ᠬᠡᠷᠡᠭᠲᠡᠶ  ᠃     ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠪᠦᠬᠦ ᠣᠷᠣᠨ ᠤ ᠨᠡᠭᠦᠷᠡᠰᠦᠨ ᠤ ᠠᠵᠤ ᠠᠬᠤᠶᠢᠯᠠᠯ ᠤᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢᠨ ᠲᠦᠷᠦᠭᠦᠯᠡᠨ ᠬᠢᠬᠦ ᠠᠵᠢᠯ ᠢ ᠬᠠᠷᠢᠭᠤᠴᠠᠵᠤ᠂ ᠰᠢᠭᠤᠶᠢᠲᠤ ᠣᠷᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠨᠡᠭᠦᠷᠡᠰᠦᠨ ᠴᠢᠯᠠᠭᠤ ᠶᠢ ᠵᠢᠭᠰᠠᠭᠠᠨ ᠪᠠᠶᠢᠴᠠᠭᠠᠬᠤ᠂ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ  ᠃    ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠡᠭᠦᠷᠭᠡᠯᠡᠵᠦ ᠪᠠᠶᠢᠭ᠎ᠠ ᠬᠠᠷᠢᠶ᠎ᠠ ᠭᠠᠵᠠᠷ ᠤᠨ ᠬᠠᠷᠢᠭᠤᠴᠠᠯᠭ᠎ᠠ ᠳᠤ ᠬᠤᠯᠪᠣᠭᠳᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ  ᠲᠠᠢ ᠬᠠᠮᠵᠢᠯᠴᠠᠨ ᠬᠠᠷᠢᠶ᠎ᠠ ᠣᠷᠣᠨ ᠤ ᠳᠣᠲᠣᠷᠠᠬᠢ ᠨᠡᠭᠦᠷᠡᠰᠦᠨ ᠴᠢᠯᠠᠭᠤ ᠶᠢ ᠵᠢᠭᠰᠠᠭᠠᠨ ᠪᠠᠶᠢᠴᠠᠭᠠᠬᠤ᠂ ᠡᠷᠬᠡ ᠶᠢ ᠨᠤᠲᠠᠯᠠᠨ ᠲᠣᠭᠲᠠᠭᠠᠬᠤ ᠵᠢᠴᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ  ᠃    ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠭᠤᠶᠢᠲᠤ ᠣᠷᠣᠨ ᠤ ᠬᠤᠪᠢᠶᠠᠷᠢ ᠲᠣᠪᠴᠢᠶ᠎ᠠ ᠡᠯ᠎ᠡ ᠨᠡᠭᠦᠷᠡᠰᠦᠨ ᠠᠭᠤᠷᠬᠠᠶ ᠪᠣᠯᠤᠨ ᠤᠬᠢᠶᠠᠵᠤ ᠰᠢᠯᠢᠬᠦ ᠠᠵᠤ ᠠᠬᠤᠶᠢᠯᠠᠯ ᠤᠨ ᠨᠡᠭᠦᠷᠡᠰᠦᠨ ᠴᠢᠯᠠᠭᠤ ᠶᠢᠨ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠬᠤ ᠶᠢ ᠰᠢᠮᠳᠠᠭᠤᠯᠤᠨ ᠬᠠᠷᠢᠭᠤᠴᠠᠨ᠎ᠠ︔ ᠡᠳᠦᠷ ᠲᠤᠲᠤᠮ  ᠤᠨ ᠬᠢᠨᠠᠯᠲᠠ ᠲᠠᠯᠪᠢᠬᠤ᠂ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠢᠭᠤᠶᠢᠲᠤ ᠣᠷᠣᠨ ᠤ ᠬᠠᠷᠢᠶᠠᠨ ᠳᠠᠬᠢ ᠳᠠᠯᠳᠠᠭᠤᠷ ᠲᠠᠲᠠᠵᠤ ᠳᠠᠯᠳᠠᠭᠤᠷ ᠭᠠᠳᠠᠭᠰᠢᠯᠠᠭᠤᠯᠤᠭᠰᠠᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠭᠦᠨ᠎ᠡ  ᠃    ᠨᠡᠭᠦᠷᠡᠰᠦᠨ ᠴᠢᠯᠠᠭᠤ ᠭᠠᠷᠳᠠᠭ ᠡᠯ᠎ᠡ ᠨᠡᠭᠦᠷᠡᠰᠦᠨ ᠠᠭᠤᠷᠬᠠᠶ ᠶᠢᠨ ᠤᠬᠢᠶᠠᠵᠤ ᠰᠢᠯᠢᠬᠦ ᠦᠶᠯᠡᠳᠪᠦᠷᠢ ᠪᠣᠯ ᠨᠡᠭᠦᠷᠡᠰᠦᠨ ᠴᠢᠯᠠᠭᠤ ᠶᠢ ᠴᠡᠭᠴᠡᠯᠡᠨ ᠵᠠᠰᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠵᠢᠷᠤᠭᠯᠠᠨ ᠲᠥᠯᠥᠪᠯᠡᠭᠰᠡᠨ ᠪᠠᠷᠢᠮᠵᠢᠶ᠎ᠠ ᠶᠢ ᠦᠨᠳᠦᠰᠦᠯᠡᠨ ᠨᠡᠭᠦᠷᠡᠰᠦᠨ ᠴᠢᠯᠠᠭᠤ ᠣᠪᠣᠭᠠᠯᠠᠬᠤ ᠲᠠᠯᠠᠪᠠᠶ ᠪᠠᠶᠢᠭᠤᠯᠬᠤ ᠶᠢ ᠬᠠᠷᠢᠭᠤᠴᠠᠵᠤ᠂ ᠰᠢᠨ᠎ᠡ ᠪᠠᠷ ᠦᠢᠯᠡᠳᠪᠦᠷᠢᠯᠡᠵᠦ ᠭᠠᠷᠭᠠᠭᠰᠠᠨ ᠨᠡᠭᠦᠷᠡᠰᠦᠨ ᠴᠢᠯᠠᠭᠤ ᠶᠢ ᠲᠣᠭᠲᠠᠭᠠᠯ ᠶᠣᠰᠣᠭᠠᠷ ᠰᠢᠶᠳᠪᠦᠷᠢᠯᠡᠨ᠎ᠡ︔ ᠲᠤᠰ ᠠᠵᠤ ᠠᠬᠤᠶᠢᠯᠠᠯ ᠤᠨ ᠲᠡᠦᠬᠡᠨ ᠠᠴᠠ ᠪᠤᠶ ᠪᠣᠯᠤᠭᠰᠠᠨ ᠨᠡᠭᠦᠷᠡᠰᠦᠨ ᠴᠢᠯᠠᠭᠤᠨ ᠣᠪᠣᠭ᠎ᠠ  ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠣᠰᠣᠭᠠᠷ 《 ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠥᠰᠦᠯ 》 ᠲᠣᠭᠲᠠᠭᠠᠵᠤ᠂ ᠲᠥᠰᠦᠯ ᠤᠨ ᠵᠢᠭᠰᠠᠭᠠᠨ ᠭᠠᠷᠭᠠᠭᠰᠠᠨ ᠴᠠᠭ ᠤᠨ ᠬᠦᠰᠦᠨᠦᠭᠲᠦ ᠶᠢᠨ ᠶᠣᠰᠣᠭᠠᠷ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠴᠢᠩᠭ᠎ᠠ ᠬᠢᠬᠦ ᠬᠡᠷᠡᠭᠲᠡᠶ  ᠃    ᠪᠤᠭᠤᠲᠤ ᠬᠤᠲᠠ ᠶᠢᠨ ᠯᠢᠦᠢ ᠶᠤᠸᠠᠨ ᠵᠢᠶᠧ ᠣᠷᠴᠢᠨ ᠲᠣᠭᠤᠷᠢᠨ ᠤ ᠬᠠᠮᠠᠭᠠᠯᠠᠯᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠴᠢᠯ ᠠᠵᠤ ᠦᠢᠯᠡᠰ ᠤᠨ ᠬᠢᠵᠠᠭᠠᠷᠲᠤ ᠺᠣᠮᠫᠠᠨᠢ ᠪᠠᠷᠢᠮᠵᠢᠶᠠᠵᠢᠭᠰᠠᠨ ᠨᠡᠭᠦᠷᠡᠰᠦᠨ ᠴᠢᠯᠠᠭᠤ ᠶᠢ ᠰᠢᠯᠵᠢᠭᠦᠯᠦᠨ ᠰᠢᠢᠳᠪᠦᠷᠢᠯᠡᠬᠦ ᠲᠠᠯᠠᠪᠤᠷ ᠪᠠᠶᠢᠭᠤᠯᠬᠤ ᠶᠢ ᠬᠠᠷᠢᠭᠤᠴᠠᠨ᠎ᠠ︔ ᠲᠡᠷᠡᠴᠢᠯᠡᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠣᠰᠣᠭᠠᠷ 《 ᠰᠢᠭᠤᠶᠢᠲᠤ ᠣᠷᠣᠨ ᠤ ᠬᠠᠷᠢᠶ᠎ᠠ ᠣᠷᠣᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠥᠬᠡᠶ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠥᠰᠦᠯ 》  ᠢ ᠲᠣᠭᠲᠠᠭᠠᠵᠤ᠂ ᠲᠥᠰᠦᠯ ᠪᠠ ᠴᠠᠭ ᠤᠨ ᠬᠦᠰᠦᠨᠦᠭᠲᠦ ᠶᠢ ᠴᠢᠩᠭ᠎ᠠ ᠵᠢᠷᠤᠮᠯᠠᠨ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠥᠨᠳᠥᠷ ᠥᠷᠲᠡᠭᠲᠦ ᠪᠠᠷ ᠠᠰᠢᠭᠯᠠᠬᠤ ᠠᠵᠢᠯ ᠢ ᠬᠢᠨ᠎ᠠ  ᠃   ( ᠬᠤᠶᠠᠷ ) ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠷᠠᠭᠤᠯᠤᠨ᠂ ᠬᠠᠤᠯᠢ ᠪᠤᠰᠤ ᠪᠠᠷ  ᠣᠪᠣᠭᠠᠯᠠᠬᠤ ᠶᠢ ᠡᠷᠡᠰ ᠬᠤᠷᠢᠭᠯᠠᠨ᠎ᠠ  ᠃ 1 . ᠰᠢᠭᠤᠶᠢᠲᠤ  ᠲᠤᠭᠤᠷᠢᠭ ᠤᠨ ᠬᠠᠷᠢᠶ᠎ᠠ ᠳᠠᠬᠢ  ᠠᠯᠢᠪᠠ ᠨᠡᠭᠦᠷᠡᠰᠦᠨ ᠴᠢᠯᠠᠭᠤᠨ   ᠤ ᠰᠢᠢᠳᠪᠦᠷᠢᠯᠡᠬᠦ  ᠲᠠᠯᠠᠪᠤᠷ  ᠵᠠᠪᠠᠯ   《ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠬᠤ᠂ ᠰᠢᠢᠳᠪᠦᠷᠢᠯᠡᠬᠦ ᠲᠠᠯᠠᠪᠤᠷ ᠤᠨ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ  》 ᠪᠤᠯᠤᠨ 2013 ᠣᠨ ᠤ ᠵᠠᠰᠠᠪᠤᠷᠢ ᠣᠷᠣᠭᠤᠯᠬᠤ ᠬᠠᠭᠤᠳᠠᠰᠤ ᠶᠢᠨ ᠲᠣᠭᠲᠠᠭᠠᠯ   ᠳᠤ  ᠨᠡᠶᠢᠴᠡᠬᠦ ᠬᠡᠷᠡᠭᠲᠡᠢ  ᠃  ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄᠄    ( 1  ) ᠲᠠᠯᠠᠪᠤᠷ  ᠪᠠᠶᠢᠭᠤᠯᠬᠤ ᠰᠠᠭᠠᠷᠳᠠᠯᠭ᠎ᠠ᠄ ᠨᠡᠭᠦᠷᠡᠰᠦᠨ ᠴᠢᠯᠠᠭᠤ ᠰᠢᠶᠳᠪᠦᠷᠢᠯᠡᠬᠦ ᠲᠠᠯᠠᠪᠠᠶ ᠪᠠᠶᠢᠭᠤᠯᠬᠤ  ᠶᠢ ᠨᠢ ᠵᠥᠪᠰᠢᠶᠡᠷᠡᠭᠰᠡᠨ ᠦᠭᠡᠶ ᠮᠥᠷᠲᠡᠭᠡᠨ ᠨᠡᠭᠦᠷᠡᠰᠦᠨ ᠴᠢᠯᠠᠭᠤ ᠭᠠᠳᠠᠭᠰᠢᠯᠠᠭᠤᠯᠬᠤ ᠠᠵᠤ ᠠᠬᠤᠶᠢᠯᠠᠯ ᠡᠷᠬᠡᠪᠰᠢ ᠨᠡᠭᠦᠷᠡᠰᠦᠨ ᠴᠢᠯᠠᠭᠤ ᠰᠢᠶᠳᠪᠦᠷᠢᠯᠡᠬᠦ ᠲᠠᠯᠠᠪᠠᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠭᠠᠷᠳᠠᠮ ᠭᠦᠶᠴᠡᠳᠬᠡᠵᠦ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠶᠢ ᠵᠥᠪᠰᠢᠶᠡᠷᠡᠭᠰᠡᠨ ᠲᠠᠯᠠᠪᠠᠶ ᠶᠢᠨ ᠣᠷᠣᠨ ᠪᠠᠶᠢᠷᠢ ᠪᠣᠯᠤᠨ ᠬᠡᠪᠴᠢᠶᠡᠨ ᠳᠣᠲᠣᠷ᠎ᠠ ᠪᠡᠯᠡᠳᠬᠡᠮᠵᠢ ᠨᠢ ᠪᠦᠷᠢᠨ ᠲᠡᠭᠦᠯᠳᠡᠷ ᠰᠢᠶᠳᠪᠦᠷᠢᠯᠡᠬᠦ ᠲᠠᠯᠠᠪᠠᠶ ᠪᠠᠶᠢᠭᠤᠯᠬᠤ ᠬᠡᠷᠡᠭᠲᠡᠶ  ᠃    ( 2 ) ᠰᠢᠶᠳᠪᠦᠷᠢᠯᠡᠬᠦ ᠬᠠᠮᠢᠶᠠᠷᠤᠯᠲᠠ ᠶᠢᠨ ᠱᠠᠭᠠᠷᠳᠠᠯᠭ᠎ᠠ᠄ ᠴᠢᠩᠭ᠎ᠠ ᠰᠢᠶᠳᠪᠦᠷᠢᠯᠡᠬᠦ ᠠᠵᠢᠯᠯᠠᠭᠠᠨ ᠤ ᠲᠦᠷᠢᠮ ᠪᠠ ᠶᠠᠪᠤᠴᠠ ᠶᠢ ᠲᠣᠭᠲᠠᠭᠠᠵᠤ᠂ ᠬᠠᠮᠢᠶᠠᠷᠤᠯᠲᠠ ᠶᠢᠨ ᠲᠦᠷᠢᠮ ᠢ ᠲᠣᠭᠲᠠᠭᠠᠨ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠠᠵᠢᠯᠯᠠᠭᠤᠯᠵᠤ᠂ ᠡᠳᠦᠷ ᠲᠤᠲᠤᠮ ᠤᠨ ᠰᠢᠶᠳᠪᠦᠷᠢᠯᠡᠯᠲᠡ ᠶᠢ ᠲᠣᠭᠤᠷᠢᠭ ᠬᠤᠪᠢᠶᠠᠬᠤ᠂ ᠳᠠᠪᠬᠤᠷᠭ᠎ᠠ ᠬᠤᠪᠢᠶᠠᠬᠤ᠂ ᠤᠰᠤ ᠰᠦᠷᠴᠢᠬᠦ᠂ ᠲᠦᠯᠬᠢᠯᠲᠡ ᠲᠡᠭᠰᠢᠯᠡᠬᠦ᠂ ᠳᠠᠭᠰᠢᠷᠠᠭᠤᠯᠬᠤ᠂ ᠪᠦᠷᠬᠦᠬᠦ ᠵᠡᠷᠭᠡ ᠠᠷᠭ᠎ᠠ ᠬᠡᠮᠵᠢᠶ᠎ᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠨᠡᠪᠴᠢᠬᠦ ᠶᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ ᠂ ᠥᠪᠡᠷᠲᠡᠭᠡᠨ ᠰᠢᠲᠠᠬᠤ ᠶᠢ ᠰᠡᠷᠭᠡᠶᠢᠯᠡᠬᠦ ᠱᠠᠭᠠᠷᠳᠠᠯᠭ᠎ᠠ ᠳᠤ ᠬᠦᠷᠦᠭᠦᠯᠦᠨ᠎ᠡ  ᠃    ( 3 ) ᠴᠡᠭᠴᠡᠯᠡᠨ ᠵᠠᠰᠠᠬᠤ ᠪᠤᠶᠤ ᠲᠠᠯᠠᠪᠠᠶ ᠶᠢ ᠪᠢᠲᠡᠭᠦᠮᠵᠢᠯᠡᠭᠰᠡᠨ ᠤ ᠳᠠᠷᠠᠭᠠᠬᠢ ᠱᠠᠭᠠᠷᠳᠠᠯᠭ᠎ᠠ᠄ ᠲᠤᠬᠠᠶ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠬᠤ ᠵᠠᠷᠴᠢᠮ ᠢ ᠪᠠᠷᠢᠮᠲᠠᠯᠠᠨ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠵᠤᠯᠵᠠᠭ᠎ᠠ ᠮᠣᠳᠣ ᠶᠢ ᠨᠣᠭᠤᠭᠠᠷᠠᠭᠤᠯᠬᠤ ᠪᠠ ᠤᠷᠭᠤᠮᠠᠯ ᠤᠨ ᠪᠦᠷᠬᠦᠴᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠬᠡᠷᠡᠭᠯᠡᠵᠦ᠂ ᠬᠠᠤᠯᠢ ᠶᠣᠰᠣᠭᠠᠷ ᠪᠦᠲᠦᠭᠡᠨ ᠪᠠᠶᠢᠭᠤᠯᠵᠤ᠂ ᠬᠠᠤᠯᠢ ᠶᠣᠰᠣᠭᠠᠷ ᠠᠵᠢᠯᠯᠠᠭᠤᠯᠤᠨ᠂ ᠬᠠᠤᠯᠢ ᠶᠣᠰᠣᠭᠠᠷ ᠲᠠᠯᠠᠪᠠᠶ ᠶᠢ ᠪᠢᠲᠡᠭᠦᠮᠵᠢᠯᠡᠨ ᠠᠮᠢ ᠠᠬᠤᠶ ᠶᠢ ᠰᠡᠷᠭᠦᠭᠡᠨ᠎ᠡ  ᠃  2 . ᠬᠡᠷᠪᠡ ᠬᠠᠮᠢᠶ᠎ᠠ ᠪᠥᠬᠦᠶ ᠠᠵᠤ ᠠᠬᠤᠶᠢᠯᠠᠯ ᠨᠢ ᠪᠠᠷᠢᠮᠵᠢᠶᠠᠲᠤ ᠰᠢᠶᠳᠪᠦᠷᠢᠯᠡᠬᠦ ᠲᠠᠯᠠᠪᠠᠶ ᠪᠠᠶᠢᠭᠤᠯᠬᠤ ᠶᠢᠨ ᠠᠷᠭ᠎ᠠ ᠥᠬᠡᠶ ᠪᠣᠯ᠂ ᠡᠷᠬᠡᠪᠰᠢ ᠰᠢᠭᠤᠶᠢᠲᠤ ᠣᠷᠣᠨ ᠤ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠭᠤᠶᠤᠴᠢᠯᠠᠯ ᠭᠠᠷᠭᠠᠵᠤ᠂ ᠲᠡᠭᠦᠨ ᠤ ᠪᠣᠶ ᠪᠣᠯᠤᠭᠰᠠᠨ ᠨᠡᠭᠦᠷᠡᠰᠦᠨ ᠴᠢᠯᠠᠭᠤ ᠶᠢ ᠰᠢᠭᠤᠶᠢᠲᠤ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠰᠢᠶᠳᠪᠦᠷᠢᠯᠡᠨ᠎ᠡ  ᠃ ᠰᠢᠭᠤᠶᠢᠲᠤ ᠲᠣᠭᠤᠷᠢᠭ ᠤᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠪᠤᠭᠤᠲᠤ ᠬᠤᠲᠠ ᠶᠢᠨ ᠯᠢᠦᠶ ᠶᠤᠸᠠᠨ ᠴᠡᠪᠡᠷ ᠣᠷᠴᠢᠨ ᠲᠣᠭᠤᠷᠢᠨ ᠢ ᠬᠠᠮᠠᠭᠠᠯᠠᠬᠤ ᠣᠷᠴᠢᠨ ᠲᠣᠭᠤᠷᠢᠨ ᠢ ᠬᠠᠮᠠᠭᠠᠯᠠᠬᠤ ᠣᠷᠴᠢᠯ ᠠᠵᠤ ᠦᠶᠯᠡᠰ ᠤᠨ ᠬᠢᠵᠠᠭᠠᠷᠲᠤ ᠺᠣᠮᠫᠠᠨᠢ ᠳᠤ ᠨᠠᠶᠢᠳᠠᠨ ᠪᠠᠶᠢᠭᠤᠯᠤᠭᠰᠠᠨ ᠨᠡᠭᠦᠷᠡᠰᠦᠨ ᠴᠢᠯᠠᠭᠤ ᠶᠢ ᠰᠢᠯᠵᠢᠭᠦᠯᠦᠨ ᠰᠢᠶᠳᠪᠦᠷᠢᠯᠡᠬᠦ ᠲᠠᠯᠠᠪᠠᠶ ᠶᠢ ᠰᠢᠶᠳᠪᠦᠷᠢᠯᠡᠵᠦ᠂ ᠰᠢᠶᠳᠪᠦᠷᠢᠯᠡᠬᠦ ᠵᠠᠷᠤᠳᠠᠯ ᠢ ᠬᠠᠮᠢᠶ᠎ᠠ ᠪᠥᠬᠦᠶ ᠠᠵᠤ ᠠᠬᠤᠶᠢᠯᠠᠯ ᠪᠠ ᠯᠢᠦᠶ ᠶᠤᠸᠠᠨ ᠴᠡᠪᠡᠷ ᠬᠢᠵᠠᠭᠠᠷᠲᠤ ᠺᠣᠮᠫᠠᠨᠢ ᠠᠴᠠ ᠵᠥᠪᠳᠡᠯᠴᠡᠨ ᠲᠣᠭᠲᠠᠭᠠᠨ᠎ᠠ  ᠃    ( ᠭᠤᠷᠪᠠ ) ᠶᠡᠷᠦᠩᠬᠡᠶᠢᠯᠡᠨ ᠠᠰᠢᠭᠯᠠᠬᠤ ᠶᠢ ᠥᠷᠭᠡᠳᠬᠡᠵᠦ᠂ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠨᠡᠮᠡᠭᠳᠡᠬᠦ ᠬᠡᠮᠵᠢᠶ᠎ᠡ ᠶᠢ ᠬᠢᠵᠠᠭᠠᠷᠯᠠᠬᠤ ᠬᠡᠷᠡᠭᠲᠡᠶ  ᠃ᠰᠢᠭᠤᠶᠢᠲᠤ ᠣᠷᠣᠨ ᠨᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠡᠭᠦᠷᠡᠰᠦᠨ ᠴᠢᠯᠠᠭᠤ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠥᠨᠳᠥᠷ ᠥᠷᠲᠡᠭᠲᠦ ᠪᠣᠯᠭᠠᠨ ᠠᠰᠢᠭᠯᠠᠬᠤ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠵᠤ ᠢᠷᠡᠨ᠂ 23 ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠳᠠᠭᠠᠭᠤᠯᠤᠭᠴᠢ ᠳᠠᠭᠠᠭᠤᠯᠬᠤ ᠦᠢᠯᠡᠳᠦᠯ ᠳᠣᠣᠷ᠎ᠠ᠂ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠᠷ ᠳᠠᠮᠵᠢᠭᠤᠯᠤᠨ᠂ ᠮᠠᠨ  ᠤ ᠣᠷᠣᠨ ᠤ ᠬᠠᠳᠠᠭᠠᠯᠠᠵᠤ ᠪᠠᠶᠢᠭ᠎ᠠ ᠨᠡᠭᠦᠷᠡᠰᠦᠨ ᠴᠢᠯᠠᠭᠤ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠭᠡ ᠬᠡᠮᠵᠢᠶ᠎ᠡ ᠪᠠᠷ ᠰᠢᠩᠭᠡᠭᠡᠵᠦ᠂ ᠮᠠᠨ ᠤ ᠣᠷᠣᠨ ᠤ ᠨᠡᠭᠦᠷᠡᠰᠦᠨ ᠴᠢᠯᠠᠭᠤ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ  ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ  ᠃    ( ᠳᠥᠷᠪᠡ ) ᠲᠡᠭᠡᠭᠡᠪᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠣᠭᠤᠰᠣ ᠰᠢᠷᠣᠶ ᠶᠢᠨ ᠪᠣᠬᠢᠷᠲᠤᠯ ᠠᠴᠠ ᠵᠠᠶᠢᠯᠠᠰᠬᠢᠬᠦ ᠬᠡᠷᠡᠭᠲᠡᠶ  ᠃ᠲᠡᠭᠡᠭᠡᠪᠦᠷᠢ ᠶᠢᠨ ᠵᠠᠩᠭᠢᠯᠠᠭ᠎ᠠ ᠪᠣᠯ ᠲᠣᠭᠤᠰᠣ ᠳᠡᠭᠳᠡᠬᠦ ᠪᠣᠬᠢᠷᠲᠤᠯ ᠢ ᠪᠣᠶ ᠪᠣᠯᠭᠠᠬᠤ ᠴᠢᠬᠤᠯᠠ ᠰᠢᠯᠲᠠᠭᠠᠨ ᠤ ᠨᠢᠭᠡ ᠪᠣᠯᠤᠨ᠎ᠠ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠳ ᠲᠡᠭᠡᠭᠡᠪᠦᠷᠢ ᠶᠢᠨ ᠵᠠᠮ ᠤᠨ ᠰᠠᠭᠠᠳ ᠦᠭᠡᠶ ᠪᠥᠭᠡᠳ ᠲᠡᠭᠰᠢ ᠪᠠᠶᠢᠬᠤ ᠶᠢ ᠦᠨᠡᠨᠬᠦ ᠪᠠᠲᠤᠯᠠᠵᠤ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠶᠢ ᠴᠢᠩᠭᠠᠳᠬᠠᠨ᠂ 《 ᠬᠠᠷ᠎ᠠ ᠲᠡᠷᠭᠡ 》 ᠪᠣᠯᠤᠨ ᠰᠡᠭᠦᠯ ᠤᠨ ᠬᠡᠢ ᠨᠢ ᠪᠠᠷᠢᠮᠵᠢᠶ᠎ᠠ ᠳᠤ ᠬᠦᠷᠬᠦ ᠦᠭᠡᠢ ᠲᠡᠷᠭᠡ ᠬᠥᠰᠬᠡ ᠶᠢᠨ ᠨᠡᠭᠦᠷᠡᠰᠦᠨ ᠴᠢᠯᠠᠭᠤ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠵᠤ᠂ ᠲᠡᠷᠭᠡ ᠬᠥᠰᠬᠡ ᠶᠢᠨ ᠬᠤᠲᠠ ᠶᠢᠨ ᠵᠠᠮ ᠢᠶᠠᠷ ᠥᠩᠭᠡᠷᠡᠬᠦ ᠪᠠ ᠳᠠᠭᠠᠭᠠᠴᠠ ᠠᠴᠠ ᠬᠡᠲᠦᠷᠡᠭᠦᠯᠦᠨ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ︔ ᠲᠡᠭᠡᠭᠡᠪᠦᠷᠢ ᠶᠢᠨ ᠠᠵᠤ ᠠᠬᠤᠶᠢᠯᠠᠯ ᠤᠳ ᠡᠷᠬᠡᠪᠰᠢ ᠬᠠᠮᠢᠶ᠎ᠠ ᠪᠦᠬᠦᠢ ᠬᠢᠷᠢ ᠬᠡᠮ ᠢ ᠪᠦᠷᠢᠳᠦᠭᠦᠯᠵᠦ᠂ ᠲᠡᠷᠭᠡ ᠬᠥᠰᠬᠡ ᠶᠢ ᠪᠢᠲᠡᠭᠦᠮᠵᠢᠯᠡᠬᠦ ᠠᠷᠭ᠎ᠠ ᠬᠡᠮᠵᠢᠶ᠎ᠡ ᠠᠪᠴᠤ᠂ ᠡᠳᠦᠷ ᠲᠤᠲᠤᠮ ᠤᠨ ᠤᠰᠤ ᠰᠠᠴᠤᠵᠤ ᠲᠣᠭᠤᠰᠣ ᠳᠠᠷᠤᠬᠤ ᠶᠢ ᠪᠠᠷᠢᠮᠲᠠᠯᠠᠨ᠂ ᠭᠤᠭᠴᠤᠭ᠎ᠠ ᠨᠢᠭᠡᠪᠦᠷᠢ ᠳᠤ ᠲᠣᠭᠤᠰᠣ ᠳᠡᠭᠳᠡᠬᠦ ᠪᠣᠬᠢᠷᠲᠤᠯ ᠢ ᠠᠷᠢᠯᠭᠠᠬᠤ ᠬᠡᠷᠡᠭᠲᠡᠶ  ᠃ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ  ᠃ ᠣᠷᠣᠨ ᠤ ᠵᠠᠰᠠᠭ ᠤᠨ ᠣᠷᠳᠣᠨ ᠨᠢ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢ ᡁᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ  ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠲᠣᠬᠢᠷᠠᠭᠤᠯᠪᠠ  ᠃ ᠡᠯ᠎ᠡ ᠬᠠᠷᠢᠭᠤᠴᠠᠯᠭ᠎ᠠ ᠡᠭᠦᠷᠭᠡᠯᠡᠵᠦ ᠪᠦᠬᠦᠢ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷᠠᠬᠢ ᠶᠡᠷᠦᠩᠬᠡᠶᠢᠯᠡᠨ ᠵᠠᠰᠠᠬᠤ ᠠᠵᠢᠯ ᠳᠤ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠬᠤ ᠶᠢᠨ ᠬᠠᠮᠲᠤ ᠵᠣᠬᠢᠴᠠᠩᠭᠤᠶ ᠪᠦᠬᠦᠢ ᠤᠳᠤᠷᠢᠳᠬᠤ ᠪᠠᠶᠢᠭᠤᠯᠤᠮᠵᠢ ᠪᠠᠶᠢᠭᠤᠯᠬᠤ ᠬᠡᠷᠡᠭᠲᠡᠶ  ᠃  ( ᠬᠤᠶᠠᠷ ) ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ  ᠃ ᠡᠯ᠎ᠡ ᠬᠠᠷᠢᠭᠤᠴᠠᠯᠭᠠᠲᠤ ᠨᠢᠭᠡᠴᠡ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠠᠮᠢᠶ᠎ᠠ ᠪᠥᠬᠦᠶ ᠠᠵᠢᠯ ᠢᠶᠠᠨ ᠲᠣᠭᠲᠠᠭᠠᠯ ᠶᠣᠰᠣᠭᠠᠷ ᠰᠠᠶᠢᠲᠤᠷ ᠬᠢᠵᠦ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠡᠭᠦᠷᠭᠡ ᠲᠣᠳᠣᠷᠬᠠᠶ᠂ ᠲᠥᠷᠥᠯ ᠵᠦᠶᠯ ᠲᠣᠳᠣᠷᠬᠠᠶ᠂ ᠪᠠᠯᠠ ᠮᠥᠩᠭᠦ ᠶᠢᠨ ᠪᠠᠲᠤᠯᠠᠭ᠎ᠠ ᠪᠣᠳᠠᠲᠠᠶᠢᠵᠢᠭᠰᠠᠨ ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠵᠠᠰᠠᠬᠤ ᠠᠵᠢᠯ ᠤᠨ ᠲᠠᠩᠰᠠ ᠡᠪᠬᠡᠮᠡᠯ ᠢ ᠪᠠᠶᠢᠭᠤᠯᠤᠨ᠎ᠠ︔ ᠠᠵᠤ ᠠᠬᠤᠶᠢᠯᠠᠯ ᠤᠳ ᠭᠤᠣᠯ ᠴᠣᠭᠴᠠ ᠶᠢᠨ ᠬᠠᠷᠢᠭᠤᠴᠠᠯᠭ᠎ᠠ  ᠪᠠᠨ ᠦᠨᠡᠨᠬᠦ ᠨᠠᠶᠢᠳᠠᠪᠤᠷᠢᠵᠢᠭᠤᠯᠵᠤ᠂ ᠵᠢᠷᠤᠮᠵᠢᠭᠤᠯᠬᠤ ᠱᠠᠭᠠᠷᠳᠠᠯᠭ᠎ᠠ ᠶᠣᠰᠣᠭᠠᠷ᠂ ᠨᠡᠭᠦᠷᠡᠰᠦᠨ ᠴᠢᠯᠠᠭᠤ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠲᠥᠯᠥᠪᠯᠡᠭᠡ ᠪᠠᠨ ᠲᠡᠭᠦᠯᠳᠡᠷᠵᠢᠭᠦᠯᠦᠨ᠂ ᠳᠣᠲᠣᠭᠠᠳᠤ ᠬᠠᠮᠢᠶᠠᠷᠤᠯᠲᠠ  ᠪᠠᠨ ᠴᠢᠩᠭᠠᠳᠬᠠᠵᠤ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠲᠡᠷᠢᠭᠦᠨ ᠤ ᠵᠠᠰᠠᠬᠤ ᠮᠡᠷᠭᠡᠵᠢᠯ ᠢ ᠬᠡᠷᠡᠭᠯᠡᠵᠦ᠂ ᠨᠡᠭᠦᠷᠡᠰᠦᠨ ᠴᠢᠯᠠᠭᠤ ᠶᠢ ᠵᠠᠰᠠᠬᠤ ᠠᠵᠢᠯ ᠤᠨ ᠠᠮᠵᠢᠯᠲᠠ ᠣᠯᠬᠤ ᠶᠢ ᠦᠨᠡᠨᠬᠦ ᠪᠠᠲᠤᠯᠠᠬᠤ ᠬᠡᠷᠡᠭᠲᠡᠶ  ᠃   ( ᠭᠤᠷᠪᠠ ) ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠬᠤ ᠬᠡᠷᠡᠭᠲᠡᠶ  ᠃ ᠡᠯ᠎ᠡ ᠰᠤᠮᠤ ᠪᠠᠯᠭᠠᠰᠤ᠂ ᠡᠯ᠎ᠡ ᠵᠡᠭᠡᠯᠢ ᠭᠤᠳᠤᠮᠵᠢ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠵᠣᠬᠢᠴᠠᠭᠤᠯᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠰᠢᠭᠤᠶᠢᠲᠤ ᠣᠷᠣᠨ ᠤ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ  ᠃    (ᠳᠥᠷᠪᠡ ) ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠷᠠᠭᠤᠯᠤᠨ᠎ᠠ  ᠃ ᠰᠠᠷ᠎ᠠ ᠪᠠᠷ ᠲᠣᠬᠢᠷᠠᠭᠤᠯᠬᠤ᠂ ᠤᠯᠠᠷᠢᠯ ᠢᠶᠠᠷ ᠨᠡᠪᠲᠡᠷᠡᠭᠦᠯᠬᠦ ᠲᠣᠭᠲᠠᠴᠠ ᠶᠢ ᠪᠠᠶᠢᠭᠤᠯᠵᠤ᠂ ᠡᠯ᠎ᠡ ᠪᠦᠷᠢᠯᠳᠦᠬᠦᠨ ᠨᠢᠭᠡᠴᠡ ᠨᠦᠭᠦᠳ 1 ᠨᠡᠷ᠎ᠡ ᠬᠠᠷᠢᠯᠴᠠᠭᠴᠢ ᠶᠢ ᠲᠣᠭᠲᠠᠭᠠᠨ᠂ ᠡᠳᠦᠷ ᠲᠤᠲᠤᠮ ᠤᠨ ᠠᠵᠢᠯ ᠤᠨ ᠨᠡᠪᠲᠡᠷᠡᠯᠴᠡᠨ ᠵᠣᠬᠢᠴᠠᠭᠤᠯᠬᠤ ᠶᠢ ᠬᠠᠷᠢᠭᠤᠴᠠᠭᠤᠯᠬᠤ ᠶᠢᠨ ᠬᠠᠮᠲᠤ ᠰᠠᠷ᠎ᠠ ᠪᠦᠷᠢ ᠶᠢᠨ 5 ᠤ ᠡᠳᠦᠷ ᠠᠴᠠ ᠡᠮᠦᠨ᠎ᠡ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ  ᠃ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠵᠠᠰᠠᠬᠤ ᠠᠵᠢᠯ ᠤᠨ ᠪᠠᠶᠢᠳᠠᠯ ᠢ ᠤᠯᠠᠷᠢᠯ ᠪᠦᠷᠢ ᠨᠡᠪᠲᠡᠷᠡᠭᠦᠯᠵᠦ᠂ ᠰᠢᠮᠳᠠᠭᠤᠯᠤᠨ ᠪᠠᠶᠢᠴᠠᠭᠠᠬᠤ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ  ᠃    ( ᠲᠠᠪᠤ ) ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠶ  ᠃ ᠨᠡᠭᠦᠷᠡᠰᠦᠨ ᠴᠢᠯᠠᠭᠤ ᠶᠢᠨ ᠪᠣᠬᠢᠷᠲᠤᠯ  ᠤᠨ ᠦᠵᠡᠭᠳᠡᠯ ᠬᠦᠨᠳᠦ ᠨᠣᠴᠢᠲᠠᠶ᠂ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠨᠢ ᠬᠢᠨᠠᠮᠠᠭᠠᠶ ᠪᠤᠰᠤ᠂ ᠬᠡᠮ ᠰᠣᠭᠤᠭ ᠢ ᠲᠤᠶᠢᠯᠪᠤᠷᠢᠲᠠᠶ ᠴᠡᠭᠴᠡᠯᠡᠨ ᠵᠠᠰᠠᠭᠰᠠᠨ ᠥᠬᠡᠶ ᠪᠤᠶᠤ ᠴᠡᠭᠴᠡᠯᠡᠨ ᠵᠠᠰᠠᠬᠤ ᠠᠵᠢᠯ ᠢ ᠪᠣᠳᠠᠲᠠᠶᠢᠵᠢᠭᠤᠯᠤᠭᠰᠠᠨ ᠥᠬᠡᠶ᠂ ᠵᠣᠬᠢᠶᠠᠨ ᠪᠠᠶᠢᠭᠤᠯᠤᠭᠰᠠᠨ ᠨᠢ ᠬᠦᠴᠦᠨ ᠥᠬᠡᠶ᠂ ᠬᠠᠤᠯᠢ ᠬᠡᠷᠡᠭᠵᠢᠭᠦᠯᠦᠭᠰᠡᠨ ᠨᠢ ᠴᠢᠩᠭ᠎ᠠ ᠪᠤᠰᠤ᠂ ᠠᠵᠢᠯ ᠨᠢ ᠨᠢᠭᠲᠠ ᠴᠢᠩᠭ᠎ᠠ ᠪᠤᠰᠤ᠂ ᠮᠠᠭᠤ ᠨᠥᠯᠥᠭᠡ ᠭᠠᠷᠭᠠᠭᠰᠠᠨ ᠨᠢᠭᠡᠴᠡ ᠪᠠ ᠬᠤᠪᠢ ᠬᠥᠮᠦᠨ  ᠠᠴᠠ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠨ᠎ᠡ  ᠃      ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ  ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号